ᠥᠪᠥᠷ ᠵᠠᠰᠠᠭ ᠠᠯᠪᠠᠨ ᠲᠠᠷᠬᠠᠭᠠᠭᠰᠠᠨ ﹇2015﹈ 93 ᠳ᠋ᠤᠭᠠᠷ ᠲᠤᠭᠠᠳᠤ | 8 ᠳ᠋ᠤᠭᠠᠷ ᠰᠠᠷ᠎ᠠ ᠶᠢᠨ 31 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ | ᠴᠤᠭᠴᠠᠯᠠᠬᠤ ᠶᠢ ᠳᠡᠮᠵᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2015﹈ 47 ᠳ᠋ᠤᠭᠠᠷ ᠲᠣᠭᠠᠲᠤ︶ ᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ | ᠬᠠᠮᠲᠤ᠂ ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ | ᠬᠠᠮᠲᠤ ᠳᠤᠨᠢ ᠲᠤᠤᠱᠯᠠᠭᠤᠯᠤᠨ ᠬᠡᠷᠡᠭᠵᠢᠭᠦᠯᠲᠦᠭᠡᠢ᠃ | ᠨᠢᠭᠡ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠤᠶᠤᠲᠠᠨ ᠪᠣᠯᠣᠨ ᠴᠡᠷᠢᠭ ᠤᠨ ᠠᠯᠪᠠ ᠠᠴᠠ | ᠪᠠᠭᠤᠭᠰᠠᠨ ᠴᠡᠷᠢᠭ ᠵᠡᠷᠭᠡ ᠨᠤᠲᠤᠭ ᠲᠠᠭᠠᠨ ᠪᠤᠴᠠᠭᠰᠠᠨ ᠬᠦᠮᠦᠰ ︵ᠳᠤᠷᠤᠭᠰᠢ ︽ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠬᠦᠮᠦᠰ︾ ᠭᠡᠵᠦ ᠲᠣᠪᠴᠢᠯᠠᠨ᠎ᠠ︶ ᠢ ᠠᠳᠠᠯ ᠦᠢᠯᠡᠰ ᠴᠣᠭᠴᠠᠯᠠᠬᠤ ᠳᠠᠭᠠᠭᠠᠯᠲᠠᠲᠤ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠᠷ ᠲᠡᠳᠭᠦᠬᠦ ᠬᠡᠪᠴᠢᠶᠡᠨ ᠳᠤ ᠣᠷᠤᠭᠤᠯᠵᠤ᠂ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠬᠦᠮᠦᠰ ᠤᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠣᠨᠴᠠᠯᠢᠭ | ᠪᠦᠬᠦᠢ ᠲᠠᠷᠢᠵᠤ ᠲᠡᠵᠢᠭᠡᠬᠦ ᠦᠢᠯᠡᠰ᠂ ᠪᠤᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠡᠳ᠋ᠰᠢᠭᠦᠯᠭᠡ ᠶᠢᠨ ᠦᠢᠯᠡᠰ᠂ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠵᠢᠴᠢ | ᠲᠡᠦᠬᠡ᠂ ᠣᠷᠣᠨ ᠪᠦᠰᠡ ᠪᠣᠯᠣᠨ ᠦᠨᠳᠦᠰᠦᠲᠡᠨ ᠤ ᠣᠨᠴᠠᠯᠢᠭ ᠲᠠᠢ ᠰᠡᠯᠡᠭᠦᠴᠡᠯ ᠤᠨ ᠲᠤᠰᠬᠤᠨ᠂ ᠮᠠᠯᠵᠢᠯ ᠤᠨ | ᠲᠠᠯᠠᠪᠠᠢ᠂ ᠵᠢᠭᠠᠰᠤᠴᠢᠨ ᠤ ᠲᠤᠰᠬᠤᠨ ᠵᠡᠷᠭᠡ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠶᠢᠨ ᠵᠢᠭᠤᠯᠴᠢᠯᠠᠯ ᠤᠨ | ᠦᠢᠯᠡᠰ ᠢ ᠶᠡᠬᠡᠪᠡᠷ ᠬᠥᠭᠵᠢᠭᠦᠯᠬᠦ ᠶᠢ ᠳᠡᠮᠵᠢᠬᠦ ᠬᠡᠷᠡᠭᠲᠡᠢ᠃ | ᠬᠤᠶᠠᠷ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ ᠰᠢᠨ᠎ᠡ ᠶᠢ ᠡᠭᠦᠳᠴᠦ | ᠠᠳᠠᠯ ᠦᠢᠯᠡᠰ ᠴᠤᠭᠴᠠᠯᠠᠬᠤ ᠶᠢ ᠦᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ ᠬᠦᠷᠢᠶᠡᠯᠡᠩ | ᠪᠣᠯᠣᠨ ᠠᠳᠠᠯ ᠦᠢᠯᠡᠰ ᠴᠤᠭᠴᠠᠯᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠨᠡᠪᠴᠢᠭᠦᠯᠦᠭᠦᠷ ᠤᠨ ᠰᠠᠭᠤᠷᠢᠨ | ᠭᠠᠵᠠᠷ ᠤᠨ ︽ᠱᠠᠩᠨᠠᠬᠤ ᠪᠠᠷ ᠨᠦᠬᠦᠪᠦᠷᠢᠯᠡᠬᠦ ᠶᠢ ᠤᠷᠤᠯᠠᠭᠤᠯᠬᠤ︾ ᠲᠦᠷᠦᠯ ᠵᠦᠢᠯ ᠤᠨ ᠲᠡᠳᠭᠦᠬᠦ ᠬᠡᠪᠴᠢᠶᠡᠨ ᠳᠤ | ᠣᠷᠤᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠪᠣᠯᠣᠨ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠨᠡᠪᠴᠢᠭᠦᠯᠦᠭᠦᠷ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠳᠠᠯ ᠦᠢᠯᠡᠰ ᠴᠣᠭᠴᠠᠯᠠᠬᠤ ᠠᠵᠤ | ᠠᠬᠤᠶᠢᠯᠠᠯ ᠤᠨ ᠦᠢᠯᠡᠴᠢᠯᠡᠭᠡᠨ ᠤ ᠨᠡᠪᠴᠢᠭᠦᠯᠦᠭᠦᠷ ᠤᠨ ᠬᠦᠷᠢᠶᠡᠯᠡᠩ ᠲᠣᠭᠤᠷᠢᠭ ᠲᠤ ᠣᠷᠣᠵᠣ ᠰᠠᠭᠤᠭᠰᠠᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ ᠨᠡᠪᠴᠢᠭᠦᠯᠬᠦ ᠬᠤᠭᠤᠴᠠᠭᠠᠨ ᠳᠠᠬᠢ | ᠳᠦᠷᠢᠶᠡᠰᠦᠨ ᠮᠦᠩᠭᠦ᠂ ᠠᠳᠠᠯ ᠠᠬᠤᠢ ᠶᠢᠨ ᠵᠠᠷᠤᠳᠠᠯ᠂ ᠤᠰᠤ ᠴᠠᠬᠢᠯᠭᠠᠨ ᠤ ᠵᠠᠷᠤᠳᠠᠯ᠂ ᠳᠤᠯᠠᠭᠠᠯᠠᠬᠤ ᠵᠠᠷᠤᠳᠠᠯ | ᠵᠡᠷᠭᠡ ᠬᠠᠮᠢᠶ᠎ᠠ ᠪᠦᠬᠦᠢ ᠵᠠᠷᠤᠳᠠᠯ ᠢ ᠨᠢ ᠬᠠᠰᠤᠵᠤ ᠬᠡᠯᠲᠦᠷᠢᠭᠦᠯᠬᠦ ᠬᠡᠷᠡᠭᠲᠡᠢ᠃ ᠣᠷᠤᠨ ᠪᠦᠰᠡ ᠶᠢᠨ ᠣᠨᠴᠠᠯᠢᠭ ᠢᠶᠠᠷ | ᠢᠯᠡᠷᠬᠡᠢ ᠪᠠᠶᠢᠬᠤ ᠠᠳᠠᠯ ᠦᠢᠯᠡᠰ ᠴᠣᠭᠴᠠᠯᠠᠬᠤ ᠶᠢᠨ ᠵᠢᠱᠢᠶ᠎ᠡ ᠦᠵᠡᠭᠦᠯᠬᠦ ᠣᠷᠣᠨ ᠪᠣᠯᠣᠨ ᠳᠠᠪᠠᠭᠤᠯᠢᠭ ᠠᠵᠤ | ᠦᠢᠯᠡᠰ ᠤᠨ ᠰᠠᠭᠤᠷᠢᠨ ᠭᠠᠵᠠᠷ ᠢ ᠪᠣᠢ ᠪᠣᠯᠭᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ︽ᠠᠷᠪᠠ ᠶᠢ | ᠪᠦᠷᠢᠨ ᠪᠦᠷᠬᠦᠬᠦᠯᠬᠦ ᠢᠨᠵᠧᠨᠧᠷᠢᠩ︾ ᠢᠶᠠᠷ ᠪᠦᠲᠦᠭᠡᠨ ᠪᠠᠶᠢᠭᠤᠯᠤᠭᠰᠠᠨ ᠠᠷᠠᠳ ᠲᠤ ᠳᠦᠭᠦᠮ ᠦᠵᠡᠭᠦᠯᠬᠦ ᠬᠡᠯᠬᠢᠶ᠎ᠡ | ᠬᠡᠳᠦ ᠳᠡᠯᠭᠡᠭᠦᠷ ᠲᠤ ᠲᠦᠰᠢᠭᠯᠡᠨ᠂ ᠬᠤᠲᠠ ᠬᠦᠳᠡᠭᠡ ᠬᠠᠷᠢᠯᠴᠠᠨ ᠨᠡᠪᠲᠡᠷᠡᠯᠴᠡᠭᠰᠡᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠪᠠᠷᠠᠭᠠᠨ ᠤ ᠭᠦᠢᠯᠭᠡᠭᠡᠨ ᠤ ᠵᠠᠭᠪᠤᠷ ᠢ ᠪᠠᠶᠢᠭᠤᠯᠵᠤ᠂ ᠨᠤᠲᠤᠭ ᠲᠠᠭᠠᠨ ᠪᠣᠴᠠᠭᠰᠠᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠡᠷᠬᠢᠯᠡᠨ | ᠠᠳᠠᠯ ᠦᠢᠯᠡᠰ ᠴᠣᠭᠴᠠᠯᠠᠬᠤ ᠶᠢ ᠵᠣᠷᠢᠬᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠭᠠᠷᠤᠯᠲᠠ ᠶᠢᠨ ᠣᠷᠣᠨ ᠠᠴᠠ ᠵᠠᠬ᠎ᠠ ᠳᠡᠯᠭᠡᠭᠦᠷ ᠲᠤ ᠬᠦᠷᠲᠡᠯᠡᠬᠢ ︽ᠰᠢᠭᠤᠳ ᠭᠦᠢᠯᠭᠡᠭᠡ︾ ᠶᠢ ᠨᠡᠪᠲᠡᠷᠡᠭᠦᠯᠬᠦ | ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ | ᠭᠦᠢᠴᠡᠳ ᠠᠰᠢᠭᠯᠠᠬᠤ ᠪᠠ ᠡᠮᠬᠢᠯᠡᠨ ᠨᠠᠶᠢᠯᠡᠭᠦᠯᠵᠦ᠂ ᠲᠤᠬᠠᠢ ᠶᠢᠨ ᠭᠠᠵᠠᠷ ᠣᠷᠣᠨ ᠤ ᠣᠨᠴᠠᠯᠢᠭ ᠲᠤ ᠲᠣᠬᠢᠷᠠᠭᠰᠠᠨ | ᠠᠳᠠᠯ ᠦᠢᠯᠡᠰ ᠴᠣᠭᠴᠠᠯᠠᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠂ ᠡᠭᠦᠨ ᠳᠤ | ᠦᠪᠡᠷᠲᠡᠭᠡᠨ ᠵᠠᠰᠠᠬᠤ ᠣᠷᠣᠨ ᠤ ᠨᠢᠬᠡᠳᠦᠬᠡᠷ ᠪᠦᠯᠦᠭ ᠡᠷᠬᠡ ᠶᠢ ᠥᠷᠭᠡᠳᠭᠡᠵᠦ ᠰᠢᠶᠠᠨ ᠢ ᠬᠦᠴᠦᠷᠭᠡᠭᠵᠢᠭᠦᠯᠬᠦ | ᠲᠣᠷᠰᠢᠯᠲᠠ ᠶᠢᠨ ᠴᠢᠬ ᠪᠣᠯᠬᠤ 12 ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠨᠢ 2016 ᠣᠨ ᠤ | ᠡᠴᠦᠰ ᠠᠴᠠ ᠡᠮᠦᠨ᠎ᠡ ᠪᠡᠶᠡᠯᠡᠭᠦᠯᠵᠦ᠂ ᠬᠤᠶᠠᠳᠤᠭᠠᠷ ᠪᠦᠯᠦᠭ ᠡᠷᠬᠡ ᠶᠢ ᠥᠷᠭᠡᠳᠭᠡᠵᠦ ᠰᠢᠶᠠᠨ ᠢ ᠬᠦᠴᠦᠷᠭᠡᠭᠵᠢᠭᠦᠯᠬᠦ | ᠲᠣᠷᠰᠢᠯᠲᠠ ᠶᠢᠨ ᠴᠢᠬ ᠪᠣᠯᠬᠤ 10 ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠨᠢ 2017 ᠣᠨ ᠤ | ᠡᠴᠦᠰ ᠠᠴᠠ ᠡᠮᠦᠨ᠎ᠡ ᠪᠡᠶᠡᠯᠡᠭᠦᠯᠵᠦ᠂ ᠪᠤᠰᠤᠳ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠨᠢ ︽13 | · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ | ᠭᠤᠷᠪᠠ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ ᠤᠨ ᠠᠳᠠᠯ ᠦᠢᠯᠡᠰ | ᠴᠣᠭᠴᠠᠯᠠᠬᠤ ᠶᠢ ᠦᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠵᠢᠯ ᠣᠯᠭᠤᠵᠣ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠦᠯᠦᠪᠵᠢᠭᠦᠯᠭᠡ ᠳᠤ | ᠣᠷᠤᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ | ᠮᠠᠯᠴᠢᠨ ᠲᠠᠷᠢᠶᠠᠴᠢᠨ ᠬᠦᠴᠦ ᠶᠠᠪᠤᠭᠰᠠᠳ ᠠᠳᠠᠯ ᠦᠢᠯᠡᠰ ᠴᠤᠭᠴᠠᠯᠠᠬᠤ ᠶᠢᠨ ᠭᠤᠷᠪᠠᠨ ᠱᠠᠲᠤᠨ ᠤ ᠠᠵᠢᠯ | ᠣᠯᠭᠤᠵᠣ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠡᠷᠬᠡᠪᠰᠢ 2015 ᠣᠨ ᠤ | ᠡᠴᠦᠰ ᠠᠴᠠ ᠡᠮᠦᠨ᠎ᠡ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ ᠠᠳᠠᠯ ᠦᠢᠯᠡᠰ ᠴᠤᠭᠴᠠᠯᠠᠬᠤ | ᠳᠤᠮᠳᠠ ᠣᠷᠤᠰᠢᠵᠤ ᠪᠦᠬᠦᠢ ᠳᠤᠪᠤᠶᠢᠮ᠎ᠠ ᠠᠰᠠᠭᠤᠳᠠᠯ ᠢ ᠰᠣᠳᠣᠯᠣᠨ ᠰᠢᠢᠳᠪᠦᠷᠢᠯᠡᠵᠦ᠂ ᠰᠤᠮᠤ ᠰᠢᠶᠠᠩ ᠪᠠᠯᠭᠠᠰᠤ | ᠪᠣᠯᠣᠨ ᠭᠠᠴᠠᠭ᠎ᠠ ᠲᠤᠰᠬᠤᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ ᠤᠨ ᠠᠳᠠᠯ | ᠦᠢᠯᠡᠰ ᠴᠣᠭᠴᠠᠯᠠᠬᠤ ᠦᠢᠯᠡᠴᠢᠯᠡᠭᠡᠨ ᠤ ᠠᠵᠢᠯ ᠦᠷᠨᠢᠭᠦᠯᠬᠦ ᠶᠢ ᠵᠢᠯᠤᠭᠤᠳᠴᠤ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠤᠭᠴᠠᠯᠠᠬᠤ ᠬᠦᠮᠦᠰ ᠤᠨ ᠠᠳᠠᠯ ᠦᠢᠯᠡᠰ ᠴᠣᠭᠴᠠᠯᠠᠭᠰᠠᠨ ᠪᠠᠶᠢᠳᠠᠯ᠂ ᠠᠳᠠᠯ ᠦᠢᠯᠡᠰ ᠴᠣᠭᠴᠠᠯᠠᠬᠤ | ᠰᠠᠨᠠᠭ᠎ᠠ ᠪᠤᠳᠤᠯ ᠪᠣᠯᠣᠨ ᠬᠦᠴᠢᠷᠳᠡᠯ ᠢ ᠴᠠᠭ ᠲᠣᠬᠠᠢ ᠳᠤᠨᠢ ᠣᠶᠢᠯᠠᠭᠠᠨ ᠡᠵᠡᠮᠳᠡᠵᠦ᠂ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠪᠠ ᠠᠳᠠᠯ ᠦᠢᠯᠡᠰ ᠴᠣᠭᠴᠠᠯᠠᠬᠤ | ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃ | ᠳᠥᠷᠪᠡ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ ᠤᠨ ᠮᠡᠳᠡᠭᠡ ᠵᠠᠩᠭᠢ ᠶᠢᠨ | ᠦᠢᠯᠡᠴᠢᠯᠡᠭᠡ ᠶᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ ᠨᠡᠶᠢᠲᠡᠯᠡᠬᠦ ᠲᠡᠪᠴᠡᠩ ᠢ | ᠪᠠᠶᠢᠭᠤᠯᠤᠨ᠂ ᠡᠯ᠎ᠡ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ | ᠪᠦᠷᠢᠳᠭᠡᠨ ᠳᠠᠩᠰᠠᠯᠠᠬᠤ ᠵᠦᠢᠯᠡᠰ ᠪᠣᠯᠣᠨ ᠠᠵᠢᠯᠯᠠᠬᠤ ᠵᠥᠭᠯᠡᠭᠦᠷ ᠢ ᠴᠠᠭ ᠲᠣᠬᠠᠢ ᠳᠤᠨᠢ ᠨᠡᠶᠢᠲᠡᠯᠡᠵᠦ᠂ ᠬᠠᠤᠯᠢ | ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠣᠯᠣᠨ ᠵᠠᠬ᠎ᠠ ᠳᠡᠯᠭᠡᠭᠦᠷ ᠤᠨ ᠡᠯ᠎ᠡ ᠲᠦᠷᠦᠯ ᠤᠨ ᠮᠡᠳᠡᠭᠡ | ᠵᠠᠩᠭᠢ ᠶᠢ ᠨᠡᠶᠢᠲᠡᠯᠡᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ ᠲᠤ ᠬᠠᠤᠯᠢ | ᠴᠠᠭᠠᠵᠠ ᠶᠢᠨ ᠲᠤᠰᠠᠯᠠᠮᠵᠢ᠂ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ᠂ ᠮᠡᠳᠡᠭᠡ ᠵᠠᠩᠭᠢ ᠶᠢᠨ ᠯᠠᠪᠯᠠᠯᠭ᠎ᠠ ᠵᠡᠷᠭᠡ | ᠦᠢᠯᠡᠴᠢᠯᠡᠭᠡ ᠶᠢ ᠬᠠᠩᠭᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠤᠳᠤᠷᠢᠳᠤᠯᠭ᠎ᠠ ᠪᠠᠨ ᠴᠢᠩᠭᠠᠳᠬᠠᠵᠤ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠮᠦᠰ ᠤᠨ ᠠᠳᠠᠯ ᠦᠢᠯᠡᠰ ᠴᠣᠭᠴᠠᠯᠠᠬᠤ ᠠᠵᠢᠯ ᠢ ᠨᠢᠭᠡ | ᠵᠦᠢᠯ ᠤᠨ ᠲᠤᠯᠭᠠᠮ᠎ᠠ ᠪᠦᠭᠡᠳ ᠭᠤᠣᠯ ᠪᠣᠯᠬᠤ ᠡᠭᠦᠷᠭᠡ ᠪᠠᠷ ᠴᠢᠩᠭ᠎ᠠ ᠪᠦᠭᠡᠳ ᠰᠠᠶᠢᠲᠤᠷ ᠠᠳᠬᠤᠬᠤ ᠬᠡᠷᠡᠭᠲᠡᠢ᠃ | ᠡᠯ᠎ᠡ ᠱᠠᠲᠤᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠤᠳ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰ ᠭᠠᠵᠠᠷ ᠣᠷᠣᠨ ᠤ ᠪᠣᠳᠠᠳᠣ | ᠪᠠᠶᠢᠳᠠᠯ ᠢᠶᠠᠨ ᠦᠨᠳᠦᠰᠦᠯᠡᠨ ᠪᠤᠲᠠᠲᠠᠢ ᠠᠵᠢᠯ ᠤᠨ ᠲᠦᠰᠦᠯ ᠢ ᠲᠣᠭᠲᠠᠭᠠᠨ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠬᠦᠮᠦᠰ ᠤᠨ ᠠᠳᠠᠯ ᠦᠢᠯᠡᠰ ᠴᠣᠭᠴᠠᠯᠠᠬᠤ ᠠᠵᠢᠯ ᠳᠤ ᠲᠤᠯᠭᠠᠷᠠᠭᠰᠠᠨ ᠰᠢᠨ᠎ᠡ ᠪᠠᠶᠢᠳᠠᠯ᠂ | ᠰᠢᠨ᠎ᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠴᠢᠬᠤᠯᠠ ᠪᠠᠶᠢᠳᠠᠯ ᠢ ᠨᠢ ᠦᠪᠡᠷᠲᠡᠭᠡᠨ ᠵᠠᠰᠠᠬᠤ | ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠲᠤ ᠴᠠᠭ ᠲᠣᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ | ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠣᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ | ᠲᠥᠷᠥ ᠠᠯᠪᠠᠨ ᠲᠠᠷᠬᠠᠭᠠᠭᠰᠠᠨ ﹇2015﹈ 47 ᠳ᠋ᠤᠭᠠᠷ ᠲᠣᠭᠠᠲᠤ | 2015 ᠣᠨ ᠤ 6 ᠳ᠋ᠤᠭᠠᠷ ᠰᠠᠷ᠎ᠠ ᠶᠢᠨ17 ᠤ ᠡᠳᠦᠷ | ᠡᠯ᠎ᠡ ᠮᠤᠵᠢ᠂ ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠤᠨ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠦᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ ᠳᠤ᠄ | ᠲᠠᠷᠢᠶᠠᠴᠢᠨ ᠬᠦᠴᠦ ᠶᠠᠪᠤᠭᠰᠠᠳ᠂ ᠤᠶᠤᠲᠠᠨ ᠪᠣᠯᠣᠨ ᠴᠡᠷᠢᠭ ᠤᠨ ᠠᠯᠪᠠ ᠠᠴᠠ ᠪᠠᠭᠤᠭᠰᠠᠨ ᠴᠡᠷᠢᠭ ᠵᠡᠷᠭᠡ | ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠲᠦᠮᠡᠨ ᠣᠯᠠᠨ ᠢᠶᠠᠷ ᠢᠶᠠᠨ | ᠠᠳᠠᠯ ᠦᠢᠯᠡᠰ ᠴᠣᠭᠴᠠᠯᠠᠨ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠪᠠᠷ ᠳᠠᠮᠵᠢᠨ ᠥᠷᠭᠡᠨ ᠠᠭᠤᠳᠠᠮ | ᠰᠢᠶᠠᠩ ᠪᠠᠯᠭᠠᠰᠤ ᠶᠢᠨ ᠡᠯ᠎ᠡ ᠵᠦᠢᠯ ᠤᠨ ᠠᠵᠢᠯ ᠦᠢᠯᠡᠰ ᠢ ᠬᠥᠭᠵᠢᠨ ᠮᠠᠨᠳᠤᠭᠤᠯᠵᠤ᠂ ᠠᠵᠢᠯ ᠣᠯᠭᠤᠬᠤ ᠶᠢ | ᠠᠬᠢᠭᠤᠯᠤᠨ᠂ ᠣᠷᠣᠯᠭ᠎ᠠ ᠶᠢ ᠨᠡᠮᠡᠭᠳᠡᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠪᠣᠯᠣᠨ | ᠲᠠᠷᠢᠶᠠᠯᠠᠩ ᠤᠨ ᠣᠳᠣᠬᠢᠴᠢᠯᠠᠯᠲᠠ᠂ ᠬᠤᠲᠠ ᠪᠠᠯᠭᠠᠰᠤᠵᠢᠯᠲᠠ ᠪᠣᠯᠣᠨ ᠰᠢᠨ᠎ᠡ ᠬᠦᠳᠡᠭᠡ ᠲᠤᠰᠬᠤᠨ ᠤ ᠪᠦᠲᠦᠭᠡᠨ | ᠪᠠᠶᠢᠭᠤᠯᠤᠯᠲᠠ ᠶᠢᠨ ᠬᠠᠮᠵᠢᠯᠴᠠᠨ ᠬᠥᠭᠵᠢᠭᠰᠡᠨ ᠰᠢᠨ᠎ᠡ ᠪᠠᠶᠢᠳᠠᠯ ᠢ ᠪᠣᠢ ᠪᠣᠯᠭᠠᠨ᠎ᠠ᠃ ︽ᠦᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠤᠨ ᠲᠠᠷᠢᠶᠠᠯᠠᠩ ᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢ | ᠲᠦᠷᠭᠡᠳᠭᠡᠬᠦ ᠲᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠪᠠ ︽ᠰᠢᠨ᠎ᠡ ᠪᠠᠶᠢᠳᠠᠯ ᠳᠣᠣᠷᠠᠬᠢ ᠠᠵᠢᠯ ᠣᠯᠭᠤᠵᠣ ᠠᠳᠠᠯ ᠦᠢᠯᠡᠰ ᠴᠣᠭᠴᠠᠯᠠᠬᠤ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ | ᠲᠥᠷᠥ ᠲᠠᠷᠬᠠᠭᠠᠭᠰᠠᠨ ﹇2015﹈ 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠴᠢᠨ | ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠠᠵᠢᠯ ᠢ ᠤᠯᠠᠮ | ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠄ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠠᠳᠦᠭᠡᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ | ᠨᠢᠭᠡᠲᠦᠯᠲᠡᠢ ᠲᠦᠯᠦᠪᠯᠡᠨ ᠠᠷᠭ᠎ᠠ ᠰᠦᠪᠡᠭᠴᠢᠯᠡᠬᠦ ᠪᠠᠨ ᠴᠢᠩᠭᠠᠳᠬᠠᠵᠤ᠂ ᠪᠠᠶᠢᠭᠤᠯᠤᠯ ᠤᠨ ᠲᠣᠭᠲᠠᠴᠠ ᠶᠢ | ᠪᠦᠷᠢᠨᠰᠢᠭᠦᠯᠦᠨ᠂ ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠡᠳᠭᠦᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠬᠦᠮᠦᠨ ᠤ ᠬᠦᠴᠦᠨ ᠤ ᠬᠦᠷᠦᠩᠭᠡ ᠮᠦᠩᠭᠦ᠂ ᠨᠡᠶᠢᠭᠡᠮ ᠤᠨ ᠬᠦᠷᠦᠩᠭᠡ ᠮᠦᠩᠭᠦ ᠶᠢ ᠳᠡᠭᠡᠭᠰᠢᠯᠡᠭᠦᠯᠬᠦ᠂ ᠲᠡᠯᠡᠭᠦᠯᠬᠦ᠂ | ᠬᠠᠮᠲᠤ ᠳᠠᠭᠠᠨ ᠬᠦᠷᠳᠡᠬᠦ ᠪᠠᠷ ᠬᠤᠯᠪᠣᠭᠠᠰᠤ ᠪᠣᠯᠭᠠᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢᠨ | ᠣᠯᠠᠨ ᠳᠡᠰ ᠳᠠᠪᠬᠤᠷᠭᠠᠲᠤ ᠣᠯᠠᠨ ᠶᠠᠩᠵᠤᠲᠣ ᠪᠠᠶᠢᠳᠠᠯ ᠢ ᠲᠦᠷᠭᠡᠳᠭᠡᠨ ᠪᠠᠶᠢᠭᠤᠯᠵᠤ᠂ ᠲᠠᠷᠢᠶᠠᠴᠢᠨ ᠬᠦᠴᠦ | ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠭᠢᠯᠭᠡ ᠶᠢ | ᠪᠦᠬᠦ ᠲᠠᠯ᠎ᠠ ᠪᠠᠷ ᠭᠥᠭᠵᠢᠭᠡᠨ᠂ ᠲᠤᠰ ᠭᠠᠵᠠᠷ ᠣᠷᠣᠨ ᠳᠤᠨᠢ ᠣᠶᠢᠷ᠎ᠠ ᠬᠠᠪᠢ ᠪᠠᠷ ᠨᠢ ᠠᠵᠢᠯ ᠣᠯᠭᠤᠬᠤ ᠳᠤᠬᠢᠶᠠᠯ ᠢ | ᠨᠡᠩ ᠣᠯᠠᠨ ᠡᠭᠦᠳᠴᠦ᠂ ᠭᠠᠷᠭᠠᠬᠤ ᠭᠠᠵᠠᠷ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠬᠦ᠂ ᠬᠤᠲᠠ | ᠪᠠᠯᠭᠠᠰᠤᠵᠢᠬᠤ ᠠᠬᠢᠴᠠ ᠶᠢ ᠲᠦᠷᠭᠡᠳᠭᠡᠨ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠭ | ᠲᠦᠮᠡᠨ ᠢᠶᠠᠷ ᠢᠶᠠᠨ ᠰᠢᠨ᠎ᠡ ᠶᠢ ᠡᠭᠦᠳᠬᠦ ᠥᠷᠨᠢᠯᠲᠡ ᠳᠤ ᠪᠦᠬᠦ ᠲᠠᠯ᠎ᠠ ᠪᠠᠷ ᠠᠭᠤᠰᠤᠯᠴᠠᠨ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠲᠦᠷᠭᠡᠳᠭᠡᠨ ᠪᠤᠶᠢᠵᠢᠭᠤᠯᠵᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ ᠪᠠ ᠨᠡᠶᠢᠭᠡᠮ ᠢ ᠡᠶ᠎ᠡ | ᠵᠣᠬᠢᠴᠠᠯ ᠲᠠᠢ ᠪᠦᠭᠡᠳ ᠲᠣᠭᠲᠠᠭᠤᠨ ᠪᠠᠶᠢᠯᠭᠠᠬᠤ ᠰᠢᠨ᠎ᠡ ᠬᠦᠴᠦᠨ ᠴᠢᠳᠠᠪᠤᠷᠢ ᠶᠢ ᠲᠦᠷᠭᠡᠳᠭᠡᠨ ᠪᠣᠢ ᠪᠣᠯᠭᠠᠨ᠎ᠠ᠃ | ︵ᠬᠤᠶᠠᠷ︶ ᠦᠨᠳᠦᠰᠦᠨ ᠵᠠᠷᠴᠢᠮ᠃ | — ᠲᠦᠭᠡᠮᠡᠯ ᠬᠠᠷᠠᠭᠠᠯᠵᠠᠬᠤ ᠴᠢᠨᠠᠷᠲᠠᠢ ᠪᠠ ᠲᠡᠳᠭᠦᠬᠦ ᠴᠢᠨᠠᠷᠲᠠᠢ ᠲᠥᠷᠥ ᠶᠢᠨ ᠪᠣᠳᠣᠯᠭ᠎ᠠ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ | ᠬᠦᠮᠦᠰ ᠲᠤ ᠲᠦᠭᠡᠮᠡᠯ ᠬᠠᠷᠠᠭᠠᠯᠵᠠᠬᠤ ᠴᠢᠨᠠᠷᠲᠠᠢ ᠲᠥᠷᠥ ᠶᠢᠨ ᠪᠣᠳᠣᠯᠭ᠎ᠠ ᠶᠢ ᠡᠷᠬᠡ ᠲᠡᠭᠰᠢ ᠪᠠᠷ ᠬᠦᠷᠳᠡᠬᠡᠬᠦ ᠶᠢ | ᠪᠠᠲᠤᠯᠠᠬᠤ ᠮᠦᠷᠲᠡᠭᠡᠨ ᠪᠠᠰᠠ ᠲᠡᠲᠡᠨ ᠤ ᠲᠥᠭᠰᠢᠭᠦᠷᠢ ᠶᠢ ᠡᠰᠡᠷᠭᠦᠴᠡᠬᠦ ᠴᠢᠳᠠᠪᠤᠷᠢ ᠳᠣᠷᠣᠢ ᠵᠡᠷᠭᠡ ᠣᠨᠴᠠᠯᠢᠭ ᠢ | ᠦᠨᠳᠦᠰᠦᠯᠡᠨ᠂ ᠵᠦᠷᠢᠶᠡᠴᠢᠯᠡᠭᠰᠡᠨ ᠲᠡᠳᠭᠦᠬᠦ ᠴᠢᠨᠠᠷᠲᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠵᠦ᠂ ᠲᠡᠳᠡᠨᠦᠰ ᠤᠨ ᠠᠮᠵᠢᠯᠲᠠ ᠲᠠᠢ ᠪᠠᠷ ᠠᠳᠠᠯ ᠦᠢᠯᠡᠰ ᠴᠣᠭᠴᠠᠯᠠᠬᠤ ᠶᠢ ᠴᠢᠷᠮᠠᠶᠢᠨ | ᠠᠬᠢᠭᠤᠯᠤᠨ᠎ᠠ᠃ | — ᠦᠯᠡᠳᠡᠭᠡᠯ ᠢ ᠴᠢᠯᠦᠭᠡᠲᠡᠢ ᠭᠦᠢᠯᠭᠡᠭᠡᠬᠦ ᠪᠠ ᠨᠡᠮᠡᠭᠳᠡᠯ ᠡᠭᠦᠳᠬᠦ ᠶᠢ ᠵᠡᠷᠭᠡ ᠳᠤᠨᠢ ᠪᠠᠶᠢᠯᠭᠠᠬᠤ ᠶᠢ | ᠪᠠᠷᠢᠮᠲᠠᠯᠠᠬᠤ ᠬᠡᠷᠡᠭᠲᠡᠢ᠃ ᠨᠢᠭᠡᠨᠲᠡ ᠪᠠᠶᠢᠭᠤᠯᠤᠭᠰᠠᠨ ᠬᠦᠷᠢᠶᠡᠯᠡᠩ ᠲᠣᠭᠤᠷᠢᠭ᠂ ᠲᠦᠷᠦᠯ ᠵᠦᠢᠯ᠂ ᠪᠡᠯᠡ ᠮᠦᠩᠭᠦ | ᠵᠡᠷᠭᠡ ᠦᠯᠡᠳᠡᠭᠡᠯ ᠡᠬᠢ ᠪᠠᠶᠠᠯᠢᠭ ᠢ ᠠᠮᠢᠳᠤᠯᠢᠭ ᠰᠠᠶᠢᠨ ᠬᠡᠷᠡᠭᠯᠡᠨ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠶᠢ ᠪᠦᠬᠦ ᠲᠠᠯ᠎ᠠ ᠪᠠᠷ ᠳᠡᠮᠵᠢᠬᠦ ᠶᠢᠨ ᠬᠠᠮᠲᠤ᠂ ᠣᠯᠠᠨ ᠨᠡᠶᠢᠲᠡ ᠶᠢᠨ ᠠᠳᠠᠯ ᠦᠢᠯᠡᠰ ᠴᠣᠭᠴᠠᠯᠠᠬᠤ | ᠦᠢᠯᠡᠴᠢᠯᠡᠭᠡᠨ ᠤ ᠰᠢᠨ᠎ᠡ ᠠᠷᠭ᠎ᠠ ᠮᠠᠶ᠋ᠢᠭ᠂ ᠰᠢᠨ᠎ᠡ ᠵᠠᠮ ᠮᠥᠷ ᠢ ᠢᠳᠡᠪᠬᠢᠲᠡᠢ ᠰᠦᠪᠡᠭᠴᠢᠯᠡᠵᠦ᠂ ᠨᠡᠮᠡᠭᠳᠡᠯ ᠡᠬᠢ | ᠪᠠᠶᠠᠯᠢᠭ ᠢ ᠨᠡᠭᠡᠭᠡᠨ ᠬᠥᠭᠵᠢᠭᠦᠯᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ | — ᠵᠠᠰᠠᠭ ᠤᠨ ᠣᠷᠳᠤᠨ ᠬᠦᠲᠦᠯᠦᠨ ᠵᠢᠯᠤᠭᠤᠳᠬᠤ ᠪᠠ ᠵᠠᠬ᠎ᠠ ᠳᠡᠯᠭᠡᠭᠦᠷ ᠤᠳᠤᠷᠢᠳᠤᠨ ᠬᠠᠮᠵᠢᠯᠴᠠᠬᠤ ᠶᠢ | ᠪᠠᠷᠢᠮᠲᠠᠯᠠᠬᠤ ᠬᠡᠷᠡᠭᠲᠡᠢ᠃ ᠵᠠᠰᠠᠭ ᠤᠨ ᠣᠷᠳᠤᠨ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠪᠤᠬᠢᠷᠳᠤᠯ ᠦᠭᠡᠢ᠂ | ᠡᠷᠴᠢᠮᠲᠡᠢ᠂ ᠬᠡᠷᠡᠭᠴᠡᠭᠡᠲᠡᠢ ᠪᠠᠶᠢᠬᠤ ᠵᠠᠷᠴᠢᠮ ᠶᠤᠰᠤᠭᠠᠷ᠂ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ | ᠣᠷᠴᠢᠨ ᠲᠣᠭᠤᠷᠢᠨ ᠢ ᠡᠭᠦᠳᠴᠦ᠂ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠦᠢᠯᠡᠳᠦᠯ ᠢ ᠨᠡᠩ ᠭᠦᠢᠴᠡᠳ | ᠪᠠᠳᠠᠷᠠᠭᠤᠯᠤᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠠᠵᠤ ᠠᠬᠤᠶᠢᠯᠠᠯ ᠢ ᠳᠡᠮᠵᠢᠵᠦ ᠪᠠᠶᠢᠭᠠᠳ | ᠬᠦᠲᠦᠴᠢ ᠠᠵᠤ ᠠᠬᠤᠶᠢᠯᠠᠯ᠂ ᠵᠠᠬ᠎ᠠ ᠳᠡᠯᠭᠡᠭᠦᠷ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠯᠦᠭᠡ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠳᠠᠯ ᠦᠢᠯᠡᠰ ᠴᠤᠭᠴᠠᠯᠠᠬᠤ ᠠᠮᠢ ᠠᠬᠤᠢ ᠶᠢᠨ ᠰᠢᠰᠲ᠋ᠧᠮ ᠢ ᠬᠠᠮᠲᠤᠪᠠᠷ | ᠡᠭᠦᠳᠦᠨ ᠪᠠᠶᠢᠭᠤᠯᠤᠨ᠎ᠠ᠃ | — ᠣᠷᠤᠭᠤᠯᠬᠤ ᠭᠠᠵᠠᠷ ᠣᠷᠣᠨ ᠬᠢᠭᠡᠳ ᠭᠠᠷᠭᠠᠬᠤ ᠭᠠᠵᠠᠷ ᠣᠷᠣᠨ ᠤ ᠬᠥᠭᠵᠢᠯᠲᠡ ᠶᠢ ᠬᠠᠮᠲᠤᠷᠠᠨ | ᠦᠢᠯᠡᠳᠦᠯᠴᠡᠬᠦᠯᠬᠦ ᠶᠢ ᠪᠠᠷᠢᠮᠲᠠᠯᠠᠬᠤ ᠬᠡᠷᠡᠭᠲᠡᠢ᠃ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠡᠬᠢ | ᠪᠠᠶᠠᠯᠢᠭ ᠢ ᠭᠠᠵᠠᠷ ᠣᠷᠣᠨ ᠠᠯᠤᠰᠯᠠᠨ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠣᠷᠤᠭᠤᠯᠬᠤ ᠭᠠᠵᠠᠷ ᠣᠷᠣᠨ | ᠬᠢᠭᠡᠳ ᠭᠠᠷᠭᠠᠬᠤ ᠭᠠᠵᠠᠷ ᠣᠷᠣᠨ ᠤ ᠲᠥᠷᠥ ᠶᠢᠨ ᠪᠣᠳᠣᠯᠭ᠎ᠠ᠂ ᠦᠢᠯᠡᠴᠢᠯᠡᠭᠡ᠂ ᠵᠠᠬ᠎ᠠ ᠳᠡᠯᠭᠡᠭᠦᠷ ᠵᠡᠷᠭᠡ ᠲᠠᠯ᠎ᠠ ᠪᠠᠷ | ᠬᠠᠮᠲᠤᠷᠠᠨ ᠦᠢᠯᠡᠳᠦᠯᠴᠡᠵᠦ ᠵᠠᠯᠭᠠᠯᠳᠤᠭᠤᠯᠬᠤ ᠶᠢ ᠠᠬᠢᠭᠤᠯᠤᠨ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠤᠭᠴᠠᠯᠠᠬᠤ ᠵᠠᠬ᠎ᠠ ᠳᠡᠯᠭᠡᠭᠦᠷ ᠤᠨ ᠣᠷᠣᠨ ᠵᠠᠢ ᠶᠢ ᠥᠷᠭᠡᠳᠭᠡᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ | ᠬᠤᠶᠠᠷ᠂ ᠭᠤᠣᠯ ᠡᠭᠦᠷᠭᠡ | ︵ᠭᠤᠷᠪᠠ︶ ᠠᠵᠤ ᠦᠢᠯᠡᠰ ᠤᠨ ᠰᠢᠯᠵᠢᠯᠲᠡ ᠶᠢ ᠠᠬᠢᠭᠤᠯᠵᠤ ᠪᠠᠶᠢᠭᠠᠳ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠶᠢ ᠳᠠᠶᠢᠴᠢᠯᠠᠬᠤ ᠬᠡᠷᠡᠭᠲᠡᠢ᠃ ᠣᠷᠤᠭᠤᠯᠬᠤ ᠭᠠᠵᠠᠷ ᠣᠷᠣᠨ ᠢ ᠵᠣᠷᠢᠬᠵᠢᠭᠤᠯᠵᠤ ᠠᠵᠤ | ᠦᠢᠯᠡᠰ ᠢᠶᠠᠨ ᠳᠡᠰ ᠳᠡᠪᠰᠢᠭᠦᠯᠬᠦ ᠶᠠᠪᠤᠴᠠ ᠳᠤ ᠭᠠᠷᠭᠠᠬᠤ ᠭᠠᠵᠠᠷ ᠣᠷᠣᠨ ᠢ ᠠᠵᠢᠯ ᠲᠦᠷᠦᠯ ᠢᠶᠠᠷ ᠢᠶᠠᠨ | ᠬᠠᠪᠰᠤᠷᠴᠤ ᠵᠠᠯᠭᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠬᠦᠳᠡᠯᠮᠦᠷᠢ | ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠤᠨ ᠰᠢᠯᠵᠢᠯᠲᠠ ᠶᠢ ᠬᠦᠲᠦᠯᠦᠨ ᠵᠢᠯᠤᠭᠤᠳᠴᠤ ᠬᠠᠮᠢᠶ᠎ᠠ ᠪᠦᠬᠦᠢ | ᠳᠦᠬᠦᠷᠵᠢᠭᠰᠡᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ | ᠨᠣᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ ᠬᠡᠷᠡᠭᠲᠡᠢ᠃ ᠨᠢᠭᠡᠨᠲᠡ ᠠᠮᠵᠢᠯᠲᠠ ᠲᠠᠢ ᠪᠠᠷ | ᠠᠳᠠᠯ ᠦᠢᠯᠡᠰ ᠴᠣᠭᠴᠠᠯᠠᠭᠰᠠᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠢ ᠵᠣᠷᠢᠬᠵᠢᠭᠤᠯᠵᠤ᠂ ᠠᠵᠤ | ᠦᠢᠯᠡᠰ ᠤᠨ ᠰᠢᠯᠵᠢᠯᠲᠠ ᠶᠢᠨ ᠬᠠᠨᠳᠤᠰᠢ ᠪᠣᠯᠣᠨ ᠣᠷᠤᠰᠬᠠᠯ ᠳᠤ ᠨᠡᠶᠢᠴᠡᠭᠦᠯᠦᠨ᠂ ᠭᠠᠷᠭᠠᠬᠤ ᠭᠠᠵᠠᠷ ᠣᠷᠣᠨ ᠤ | ᠡᠬᠢ ᠪᠠᠶᠠᠯᠢᠭ ᠪᠣᠯᠣᠨ ᠬᠦᠴᠦᠨ ᠵᠦᠢᠯ ᠤᠨ ᠲᠠᠯ᠎ᠠ ᠪᠠᠷ ᠬᠢ ᠬᠠᠷᠢᠴᠠᠩᠭᠤᠢ ᠳᠠᠪᠠᠭᠤᠯᠢᠭ ᠢ ᠭᠦᠢᠴᠡᠳ ᠠᠭᠤᠳᠠᠯᠠᠨ | ᠠᠰᠢᠭᠯᠠᠵᠤ᠂ ᠲᠣᠬᠢᠷᠠᠬᠤ ᠠᠵᠤ ᠦᠢᠯᠡᠰ ᠢ ᠨᠤᠲᠤᠭ ᠲᠠᠭᠠᠨ ᠰᠢᠯᠵᠢᠭᠦᠯᠦᠨ ᠳᠠᠬᠢᠵᠤ ᠠᠳᠠᠯ ᠦᠢᠯᠡᠰ ᠴᠣᠭᠴᠠᠯᠠᠨ᠂ | ᠳᠠᠬᠢᠵᠤ ᠬᠥᠭᠵᠢᠭᠦᠯᠬᠦ ᠬᠡᠷᠡᠭᠲᠡᠢ᠃ | ︵ᠳᠥᠷᠪᠡ︶ ᠭᠠᠷᠭᠠᠬᠤ ᠭᠠᠵᠠᠷ ᠣᠷᠣᠨ ᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ ᠪᠠᠶᠢᠭᠠᠳ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ ᠬᠡᠷᠡᠭᠲᠡᠢ᠃ ᠵᠣᠬᠢᠬᠤ ᠪᠡᠯᠡ ᠮᠦᠩᠭᠦ᠂ | ᠮᠡᠷᠭᠡᠵᠢᠯ ᠪᠣᠯᠣᠨ ᠬᠠᠮᠢᠶᠠᠷᠤᠯᠲᠠ ᠶᠢᠨ ᠲᠣᠷᠰᠢᠯᠭ᠎ᠠ ᠬᠤᠷᠠᠮᠳᠤᠭᠤᠯᠤᠭᠰᠠᠨ ᠲᠠᠷᠢᠶᠠᠴᠢᠨ ᠬᠦᠴᠦ ᠶᠠᠪᠤᠭᠰᠠᠳ ᠵᠡᠷᠭᠡ | ᠬᠦᠮᠦᠰ ᠢ ᠵᠣᠷᠢᠬᠵᠢᠭᠤᠯᠵᠤ ᠪᠠᠶᠢᠭᠠᠳ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠮᠠᠶ᠋ᠢᠭ᠂ ᠡᠵᠡᠩᠨᠡᠯᠲᠡ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠤᠷᠤᠯᠴᠠᠵᠤ ᠲᠣᠯᠢᠯᠠᠨ | ᠯᠠᠪᠯᠠᠵᠤ᠂ ᠭᠠᠷᠭᠠᠬᠤ ᠭᠠᠵᠠᠷ ᠣᠷᠣᠨ ᠤ ᠬᠡᠷᠡᠭᠯᠡᠭᠡ ᠶᠢᠨ ᠪᠦᠲᠦᠴᠡ᠂ ᠠᠵᠤ ᠦᠢᠯᠡᠰ ᠤᠨ ᠪᠦᠲᠦᠴᠡ ᠶᠢᠨ ᠳᠡᠰ | ᠳᠡᠪᠰᠢᠭᠦᠯᠦᠭᠰᠡᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠦᠨ᠂ ᠠᠵᠠ ᠳᠣᠬᠢᠶᠠᠯ ᠢ ᠡᠵᠡᠮᠳᠡᠨ | ᠠᠳᠠᠯ ᠦᠢᠯᠡᠰ ᠴᠣᠭᠴᠠᠯᠠᠨ᠂ ᠠᠳᠠᠯ ᠦᠢᠯᠡᠰ ᠢ ᠬᠥᠭᠵᠢᠭᠡᠵᠦ᠂ ᠵᠢᠵᠢᠭ ᠳᠡᠯᠭᠡᠭᠦᠷ᠂ ᠵᠢᠵᠢᠭ ᠦᠢᠯᠡᠳᠭᠡᠯ ᠤᠨ | ᠭᠠᠵᠠᠷ ᠢ ᠣᠨᠴᠠᠯᠢᠭ ᠲᠠᠢ ᠳᠡᠯᠭᠡᠭᠦᠷ᠂ ᠬᠡᠯᠬᠢᠶ᠎ᠡ ᠳᠡᠯᠭᠡᠭᠦᠷ᠂ ᠨᠡᠷᠡᠲᠦ ᠲᠦᠷᠦᠯ ᠲᠡᠮᠲᠡᠭᠲᠦ ᠳᠡᠯᠭᠡᠭᠦᠷ ᠪᠣᠯᠭᠠᠨ ᠳᠡᠰ | ᠳᠡᠪᠰᠢᠭᠦᠯᠬᠦ ᠬᠡᠷᠡᠭᠲᠡᠢ᠃ | ︵ᠲᠠᠪᠤ︶ ᠭᠠᠷᠭᠠᠬᠤ ᠭᠠᠵᠠᠷ ᠣᠷᠣᠨ ᠤ ᠡᠬᠢ ᠪᠠᠶᠠᠯᠢᠭ ᠢ ᠵᠣᠷᠢᠬᠵᠢᠭᠤᠯᠵᠤ ᠪᠠᠶᠢᠭᠠᠳ ᠣᠷᠤᠭᠤᠯᠬᠤ ᠭᠠᠵᠠᠷ | ᠣᠷᠣᠨ ᠤ ᠵᠠᠬ᠎ᠠ ᠳᠡᠯᠭᠡᠭᠦᠷ ᠲᠠᠢ ᠵᠠᠯᠭᠠᠯᠳᠤᠭᠤᠯᠵᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ | ᠳᠠᠶᠢᠴᠢᠯᠠᠬᠤ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠢ ᠵᠣᠷᠢᠬᠵᠢᠭᠤᠯᠵᠤ ᠣᠷᠤᠭᠤᠯᠬᠤ | ᠭᠠᠵᠠᠷ ᠣᠷᠣᠨ ᠤ ᠵᠠᠬ᠎ᠠ ᠳᠡᠯᠭᠡᠭᠦᠷ ᠢ ᠣᠶᠢᠯᠠᠭᠠᠬᠤ ᠮᠦᠷᠲᠡᠭᠡᠨ ᠪᠠᠰᠠ ᠭᠠᠷᠭᠠᠬᠤ ᠭᠠᠵᠠᠷ ᠣᠷᠣᠨ ᠤ ᠡᠬᠢ ᠪᠠᠶᠠᠯᠢᠭ ᠢ | ᠰᠠᠶᠢᠨ ᠮᠡᠳᠡᠳᠡᠭ ᠳᠠᠪᠠᠭᠤᠯᠢᠭ ᠢᠶᠠᠨ ᠪᠠᠳᠠᠷᠠᠭᠤᠯᠵᠤ᠂ ︽ᠢᠨᠲ᠋ᠧᠷ ᠰᠦᠯᠵᠢᠶ᠎ᠡ +︾ ᠶᠢᠨ ᠮᠡᠳᠡᠭᠡ ᠵᠠᠩᠭᠢ ᠶᠢᠨ | ᠮᠡᠷᠭᠡᠵᠢᠯ ᠢ ᠠᠰᠢᠭᠯᠠᠨ ᠣᠳᠣ ᠦᠶ᠎ᠡ ᠶᠢᠨ ᠬᠤᠳᠠᠯᠳᠤᠭᠠᠨ ᠤ ᠦᠢᠯᠡᠰ ᠢ ᠬᠥᠭᠵᠢᠭᠦᠯᠵᠦ᠂ ᠴᠦᠬᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠭᠦᠨ᠂ ᠪᠤᠬᠢᠷᠳᠤᠯ ᠦᠭᠡᠢ ᠲᠠᠷᠢᠶᠠᠯᠠᠩ ᠤᠨ | ᠪᠦᠲᠦᠭᠡᠭᠳᠡᠭᠦᠨ ᠵᠡᠷᠭᠡ ᠭᠠᠷᠭᠠᠬᠤ ᠭᠠᠵᠠᠷ ᠣᠷᠣᠨ ᠤ ᠣᠨᠴᠠᠯᠢᠭ ᠲᠠᠢ ᠪᠦᠲᠦᠭᠡᠭᠳᠡᠭᠦᠨ ᠢ ᠠᠭᠤᠳᠠᠯᠠᠬᠤ᠂ ᠳᠡᠰ | ᠳᠡᠪᠰᠢᠭᠦᠯᠬᠦ᠂ ᠨᠡᠷᠡᠲᠦ ᠲᠦᠷᠦᠯ ᠲᠡᠮᠲᠡᠭᠵᠢᠭᠦᠯᠬᠦ ᠪᠠᠷ ᠳᠠᠮᠵᠢᠨ᠂ ᠭᠠᠷᠭᠠᠬᠤ ᠭᠠᠵᠠᠷ ᠣᠷᠣᠨ ᠤ ᠪᠦᠲᠦᠭᠡᠭᠳᠡᠭᠦᠨ | ᠬᠢᠭᠡᠳ ᠣᠷᠤᠭᠤᠯᠬᠤ ᠭᠠᠵᠠᠷ ᠣᠷᠣᠨ ᠤ ᠵᠠᠬ᠎ᠠ ᠳᠡᠯᠭᠡᠭᠦᠷ ᠤᠨ ᠵᠠᠯᠭᠠᠯᠲᠠ ᠶᠢ ᠪᠡᠶᠡᠯᠡᠭᠦᠯᠬᠦ ᠬᠡᠷᠡᠭᠲᠡᠢ᠃ | ︵ᠵᠢᠷᠭᠤᠭ᠎ᠠ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠬᠦᠲᠦᠯᠦᠨ ᠵᠢᠯᠤᠭᠤᠳᠴᠤ ᠪᠠᠶᠢᠭᠠᠳ ᠨᠤᠲᠤᠭ ᠲᠠᠭᠠᠨ ᠪᠣᠴᠠᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ | ᠬᠡᠷᠡᠭᠲᠡᠢ᠃ ᠰᠢᠶᠠᠨ ᠤ ᠬᠡᠪᠴᠢᠶᠡᠨ ᠤ ᠠᠵᠤ ᠠᠬᠤᠢ ᠶᠢ ᠨᠢᠭᠡᠲᠦᠯᠲᠡᠢ ᠲᠦᠯᠦᠪᠯᠡᠨ ᠬᠥᠭᠵᠢᠭᠦᠯᠵᠦ᠂ ᠨᠣᠲᠤᠭ ᠲᠠᠭᠠᠨ | ᠪᠣᠴᠠᠭᠰᠠᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠢ ᠬᠦᠲᠦᠯᠦᠨ ᠵᠢᠯᠤᠭᠤᠳᠴᠤ ᠪᠠᠶᠢᠭᠠᠳ ᠣᠷᠣᠨ | ᠪᠦᠰᠡ ᠶᠢᠨ ᠲᠤᠰᠬᠠᠢ ᠵᠠᠬ᠎ᠠ ᠳᠡᠯᠭᠡᠭᠦᠷ᠂ ᠵᠢᠱᠢᠶ᠎ᠡ ᠦᠵᠡᠭᠦᠯᠬᠦ ᠪᠦᠰᠡ ᠪᠣᠯᠣᠨ ᠬᠡᠰᠡᠭᠲᠦ ᠠᠵᠤ ᠠᠬᠤᠢ ᠳᠤ | ᠠᠭᠤᠰᠬᠠᠨ ᠣᠷᠤᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠦᠭᠡᠭᠡᠨᠡᠷᠡᠯ ᠢ | ᠪᠣᠢ ᠪᠣᠯᠭᠠᠬᠤ ᠬᠡᠷᠡᠭᠲᠡᠢ᠃ ᠠᠳᠠᠯ ᠦᠢᠯᠡᠰ ᠴᠣᠭᠴᠠᠯᠠᠬᠤ ᠰᠠᠭᠤᠷᠢ ᠰᠠᠶᠢᠲᠠᠢ᠂ ᠴᠢᠳᠠᠪᠤᠷᠢ ᠶᠡᠬᠡᠲᠡᠢ ᠨᠤᠲᠤᠭ ᠲᠠᠭᠠᠨ | ᠪᠣᠴᠠᠭᠰᠠᠨ ᠬᠦᠮᠦᠰ ᠢ ᠵᠣᠷᠢᠬᠵᠢᠭᠤᠯᠵᠤ᠂ ᠬᠦᠳᠡᠭᠡ ᠲᠤᠰᠬᠤᠨ᠂ ᠨᠤᠲᠤᠭ ᠤᠰᠤ᠂ ᠨᠤᠲᠤᠭ ᠤᠨ ᠬᠡᠪ ᠨᠠᠮᠪᠠ ᠶᠢᠨ | ᠳᠠᠯᠳᠠ ᠦᠨ᠎ᠡ ᠥᠷᠲᠡᠭ ᠢ ᠭᠦᠢᠴᠡᠳ ᠨᠡᠭᠡᠭᠡᠨ ᠬᠥᠭᠵᠢᠭᠦᠯᠵᠦ᠂ ᠰᠡᠯᠡᠭᠦᠴᠡᠯ ᠤᠨ ᠲᠠᠷᠢᠶᠠᠯᠠᠩ᠂ ᠣᠢ ᠶᠢᠨ | ᠬᠤᠷᠮᠣᠢ ᠶᠢᠨ ᠠᠵᠤ ᠠᠬᠤᠢ ᠪᠣᠯᠣᠨ ᠬᠦᠳᠡᠭᠡ ᠲᠤᠰᠬᠤᠨ ᠤ ᠵᠢᠭᠤᠯᠴᠢᠯᠠᠯ ᠢ ᠬᠥᠭᠵᠢᠭᠦᠯᠦᠨ᠂ ᠬᠦᠳᠡᠭᠡ | ᠲᠤᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ | ᠂ ᠠᠳᠠᠯ ᠦᠢᠯᠡᠰ ᠴᠣᠭᠴᠠᠯᠠᠬᠤ ᠣᠷᠣᠨ ᠵᠠᠢ ᠶᠢ ᠥᠷᠭᠡᠳᠭᠡᠬᠦ ᠬᠡᠷᠡᠭᠲᠡᠢ᠃ ᠴᠦᠬᠡᠨ ᠲᠣᠭᠠᠲᠤ ᠦᠨᠳᠦᠰᠦᠲᠡᠨ ᠤ | ᠣᠨᠴᠠᠯᠢᠭ ᠲᠠᠢ ᠲᠤᠰᠬᠤᠨ ᠪᠠᠯᠭᠠᠰᠤ ᠪᠠᠷ ᠲᠡᠪᠴᠡᠩ ᠪᠠ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠵᠠᠩ | ᠦᠢᠯᠡ ᠶᠢᠨ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠠᠳᠠᠯ | ᠦᠢᠯᠡᠰ ᠴᠣᠭᠴᠠᠯᠠᠬᠤ ᠶᠢ ᠳᠠᠶᠢᠴᠢᠯᠠᠬᠤ ᠬᠡᠷᠡᠭᠲᠡᠢ᠃ | ︵ᠳᠣᠯᠤᠭ᠎ᠠ︶ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠬᠥᠭᠵᠢᠯᠲᠡ ᠶᠢ ᠳᠡᠮᠵᠢᠵᠦ ᠪᠠᠶᠢᠭᠠᠳ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ | ᠬᠡᠷᠡᠭᠲᠡᠢ᠃ ᠨᠤᠲᠤᠭ ᠲᠠᠭᠠᠨ ᠪᠣᠴᠠᠭᠰᠠᠨ ᠬᠦᠮᠦᠰ ᠤᠨ ᠲᠠᠷᠢᠶᠠᠴᠢᠨ ᠤ ᠬᠤᠷᠰᠢᠶ᠎ᠠ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠦᠲᠦᠴᠢ ᠠᠵᠤ ᠠᠬᠤᠶᠢᠯᠠᠯ᠂ ᠣᠢ | ᠰᠢᠭᠤᠢ ᠶᠢᠨ ᠲᠠᠯᠠᠪᠠᠢ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ | ᠬᠠᠮᠲᠤᠪᠡᠷ ᠡᠭᠦᠳᠬᠦ ᠶᠢ ᠵᠣᠷᠢᠬᠵᠢᠭᠤᠯᠵᠤ᠂ ᠬᠡᠪᠴᠢᠶᠡᠵᠢᠭᠦᠯᠦᠨ ᠲᠠᠷᠢᠵᠤ ᠲᠡᠵᠢᠭᠡᠬᠦ᠂ ᠲᠠᠷᠢᠶᠠᠯᠠᠩ ᠤᠨ | ᠪᠦᠲᠦᠭᠡᠭᠳᠡᠭᠦᠨ ᠢ ᠡᠳ᠋ᠰᠢᠭᠦᠯᠬᠦ᠂ ᠬᠦᠳᠡᠭᠡ ᠲᠤᠰᠬᠤᠨ ᠤ ᠦᠢᠯᠡᠴᠢᠯᠡᠭᠡᠨ ᠤ ᠦᠢᠯᠡᠰ ᠵᠢᠴᠢ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ᠂ ᠣᠢ ᠶᠢᠨ ᠬᠤᠷᠮᠣᠢ ᠶᠢᠨ ᠠᠵᠤ ᠠᠬᠤᠢ᠂ ᠠᠷᠠᠯᠵᠢᠶᠠᠯᠠᠵᠤ ᠪᠤᠷᠤᠯᠠᠭᠤᠯᠬᠤ᠂ | ᠲᠠᠷᠢᠶᠠᠯᠠᠩ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠮᠡᠳᠡᠭᠡ ᠵᠠᠩᠭᠢ ᠶᠢᠨ ᠯᠠᠪᠯᠠᠯᠭ᠎ᠠ ᠵᠡᠷᠭᠡ ᠲᠣᠭᠤᠷᠢᠨ ᠳᠤ | ᠪᠣᠷᠤᠯᠠᠭᠤᠯᠬᠤ ᠠᠷᠭ᠎ᠠ ᠵᠠᠮ ᠢ ᠬᠠᠮᠲᠤᠷᠠᠯᠴᠠᠨ ᠪᠠᠶᠢᠭᠤᠯᠵᠤ᠂ ᠣᠨᠴᠠᠯᠢᠭ ᠲᠠᠢ ᠨᠡᠷᠡᠲᠦ ᠲᠦᠷᠦᠯ ᠲᠡᠮᠲᠡᠭᠲᠦ ᠶᠢ | ᠬᠠᠮᠲᠤᠷᠠᠨ ᠪᠣᠢ ᠪᠣᠯᠭᠠᠵᠤ᠂ ᠵᠠᠬ᠎ᠠ ᠳᠡᠯᠭᠡᠭᠦᠷ ᠤᠨ ᠲᠥᠭᠰᠢᠭᠦᠷᠢ ᠶᠢ ᠬᠠᠮᠲᠤᠷᠠᠨ ᠠᠷᠢᠯᠭᠠᠬᠤ ᠬᠡᠷᠡᠭᠲᠡᠢ᠃ | ᠭᠤᠷᠪᠠ᠂ ᠰᠠᠭᠤᠷᠢ ᠪᠡᠯᠡᠳᠭᠡᠮᠵᠢ ᠪᠣᠯᠣᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠬᠦ ᠬᠡᠷᠡᠭᠲᠡᠢ | ︵ᠨᠠᠢᠮᠠ︶ ᠦᠨᠳᠦᠰᠦᠨ ᠱᠠᠲᠤᠨ ᠤ ᠦᠢᠯᠡᠴᠢᠯᠡᠭᠡᠨ ᠤ ᠲᠡᠪᠴᠡᠩ ᠪᠣᠯᠣᠨ ᠢᠨᠲ᠋ᠧᠷ ᠰᠦᠯᠵᠢᠶ᠎ᠡ ᠪᠠᠷ ᠠᠳᠠᠯ | ᠦᠢᠯᠡᠰ ᠴᠣᠭᠴᠠᠯᠠᠬᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠰᠠᠭᠤᠷᠢ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠦᠮᠦᠨ ᠤ ᠬᠦᠴᠦᠨ ᠡᠳ᠋ ᠤᠨ ᠬᠦᠴᠦᠨ ᠤ | ᠣᠷᠤᠭᠤᠯᠤᠯᠲᠠ ᠶᠢ ᠦᠨᠡᠨᠬᠦ ᠴᠢᠩᠭᠠᠳᠬᠠᠵᠤ᠂ ᠰᠢᠶᠠᠨ ᠰᠢᠶᠠᠩ ᠤᠨ ᠦᠨᠳᠦᠰᠦᠨ ᠱᠠᠲᠤᠨ ᠤ ᠠᠵᠢᠯ ᠣᠯᠭᠤᠯᠲᠠ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠡᠪᠴᠡᠩ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠡᠪᠴᠡᠩ᠂ ᠬᠦᠳᠡᠭᠡ ᠲᠤᠰᠬᠤᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠣᠯᠠᠨ ᠨᠡᠶᠢᠲᠡ ᠶᠢᠨ ᠦᠢᠯᠡᠴᠢᠯᠡᠭᠡᠨ ᠤ ᠲᠡᠪᠴᠡᠩ᠂ ᠬᠦᠳᠡᠭᠡ ᠲᠤᠰᠬᠤᠨ ᠤ ᠨᠡᠶᠢᠭᠡᠮ ᠲᠣᠭᠤᠷᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠡᠪᠴᠡᠩ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠠᠬᠢᠭᠤᠯᠵᠤ᠂ ᠲᠡᠳᠡᠭᠡᠷ ᠢ ᠬᠦᠳᠡᠭᠡ ᠲᠤᠰᠬᠤᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ | ᠦᠢᠯᠡᠴᠢᠯᠡᠭᠡ ᠶᠢ ᠴᠢᠩᠭᠠᠳᠬᠠᠨ ᠰᠢᠯᠢᠳᠡᠭᠵᠢᠭᠦᠯᠬᠦ ᠴᠢᠬᠤᠯᠠ ᠰᠠᠭᠤᠷᠢ ᠪᠡᠯᠡᠳᠭᠡᠮᠵᠢ ᠪᠣᠯᠭᠠᠬᠤ ᠬᠡᠷᠡᠭᠲᠡᠢ᠃ | ᠴᠠᠬᠢᠯᠭᠠᠨ ᠬᠤᠯᠪᠤᠭᠠᠨ ᠤ ᠠᠵᠤ ᠠᠬᠤᠶᠢᠯᠠᠯ ᠤᠳ ᠤᠨ ᠢᠨᠲ᠋ᠧᠷ ᠰᠦᠯᠵᠢᠶ᠎ᠡ ᠪᠣᠯᠣᠨ ᠰᠢᠯᠵᠢᠮᠡᠯ ᠢᠨᠲ᠋ᠧᠷ | ᠰᠦᠯᠵᠢᠶ᠎ᠡ ᠶᠢᠨ ᠪᠠᠶᠢᠭᠤᠯᠤᠯᠲᠠ ᠳᠠᠬᠢ ᠣᠷᠤᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠰᠢᠶᠠᠨ ᠰᠢᠶᠠᠩ ᠤᠨ | ᠢᠨᠲ᠋ᠧᠷ ᠰᠦᠯᠵᠢᠶ᠎ᠡ ᠶᠢᠨ ᠦᠢᠯᠡᠴᠢᠯᠡᠭᠡ ᠶᠢ ᠰᠠᠶᠢᠵᠢᠷᠠᠭᠤᠯᠤᠨ᠂ ᠬᠤᠷᠳᠤᠴᠠ ᠶᠢ ᠳᠡᠭᠡᠭᠰᠢᠯᠡᠭᠦᠯᠦᠨ ᠵᠠᠷᠤᠳᠠᠯ ᠢ | ᠪᠠᠭᠠᠰᠬᠠᠬᠤ ᠶᠢ ᠲᠦᠷᠭᠡᠳᠭᠡᠵᠦ᠂ ᠲᠥᠷᠭᠡᠨ ᠬᠤᠷᠳᠤᠴᠠᠲᠤ ᠰᠠᠭᠠᠳ ᠦᠭᠡᠢ ᠨᠡᠪᠲᠡᠷᠡᠬᠦ᠂ ᠬᠤᠲᠠ ᠬᠦᠳᠡᠭᠡ ᠶᠢ | ᠬᠠᠮᠤᠷᠤᠭᠰᠠᠨ᠂ ᠴᠢᠨᠠᠷ ᠰᠠᠶᠢᠲᠠᠢ ᠦᠨ᠎ᠡ ᠬᠢᠮᠳᠠ᠂ ᠦᠢᠯᠡᠴᠢᠯᠡᠭᠡ ᠨᠢ ᠳᠦᠭᠦᠮ ᠳᠦᠳᠡ ᠪᠠᠶᠢᠬᠤ ᠥᠷᠭᠡᠨ ᠪᠦᠰᠡᠲᠦ | ᠰᠦᠯᠵᠢᠶ᠎ᠡ ᠶᠢᠨ ᠰᠠᠭᠤᠷᠢ ᠪᠡᠯᠡᠳᠭᠡᠮᠵᠢ ᠪᠣᠯᠣᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠰᠢᠶᠠᠨ ᠳᠤ ᠣᠷᠤᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠭᠡᠵᠦ᠂ ᠮᠡᠳᠡᠭᠡ ᠵᠠᠩᠭᠢ ᠶᠢ | ᠡᠷᠦᠬᠡ ᠳᠤ ᠬᠦᠷᠭᠡᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠤᠯᠢᠯᠴᠠᠭᠠᠨ ᠤ ᠲᠡᠪᠴᠡᠩ ᠢ | ᠬᠦᠲᠦᠯᠦᠨ ᠵᠢᠯᠤᠭᠤᠳᠬᠤ ᠪᠠ ᠵᠣᠷᠢᠬᠵᠢᠭᠤᠯᠵᠤ ᠪᠠᠶᠢᠭᠠᠳ ᠠᠷᠭ᠎ᠠ ᠵᠠᠮ ᠢ ᠦᠨᠳᠦᠰᠦᠨ ᠱᠠᠲᠤᠨ ᠳᠤ ᠬᠠᠨᠳᠤᠭᠤᠯᠤᠨ | ᠂ ᠨᠤᠲᠤᠭ ᠲᠠᠭᠠᠨ ᠪᠤᠴᠠᠬᠤ ᠬᠦᠮᠦᠰ ᠤᠨ ᠲᠡᠭᠦᠨ ᠤ ᠲᠡᠪᠴᠡᠩ ᠪᠣᠯᠣᠨ ᠡᠵᠡᠩᠨᠡᠯᠲᠡ ᠶᠢᠨ ᠰᠦᠯᠵᠢᠶ᠎ᠡ ᠳᠤ | ᠲᠦᠰᠢᠭᠯᠡᠨ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ ᠬᠡᠷᠡᠭᠲᠡᠢ᠃ ᠵᠠᠮ ᠬᠠᠷᠢᠯᠴᠠᠭ᠎ᠠ ᠡᠳ᠋ ᠪᠠᠷᠠᠭᠠᠨ ᠤ | ᠭᠦᠢᠯᠭᠡᠭᠡ ᠵᠡᠷᠭᠡ ᠰᠠᠭᠤᠷᠢ ᠪᠡᠯᠡᠳᠭᠡᠮᠵᠢ ᠶᠢᠨ ᠣᠷᠤᠭᠤᠯᠤᠯᠲᠠ ᠶᠢ ᠨᠡᠮᠡᠭᠳᠡᠭᠦᠯᠵᠦ᠂ ᠰᠢᠶᠠᠩ ᠪᠠᠯᠭᠠᠰᠤ ᠶᠢᠨ | ᠵᠠᠰᠠᠭ ᠤᠨ ᠣᠷᠳᠤᠨ᠂ ᠬᠦᠳᠡᠭᠡ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠬᠢᠭᠡᠳ | ᠨᠡᠶᠢᠭᠡᠮ ᠤᠨ ᠬᠦᠷᠦᠩᠭᠡ ᠮᠦᠩᠭᠦ ᠬᠠᠮᠲᠤᠷᠠᠨ ᠠᠵᠢᠯᠯᠠᠵᠤ ᠤᠶᠤᠨᠴᠢ ᠡᠯᠧᠺᠲᠷᠣᠨ ᠬᠤᠳᠠᠯᠳᠤᠭᠠᠨ ᠤ ᠪᠠᠷᠠᠭᠠᠨ ᠤ | ᠭᠦᠢᠯᠭᠡᠭᠡᠨ ᠤ ᠬᠦᠮᠦᠷᠭᠡᠯᠡᠬᠦ ᠰᠠᠭᠤᠷᠢᠨ ᠭᠠᠵᠠᠷ ᠢ ᠬᠠᠮᠲᠤᠪᠡᠷ ᠪᠠᠶᠢᠭᠤᠯᠬᠤ ᠶᠢ ᠳᠡᠮᠵᠢᠵᠦ᠂ ᠰᠢᠶᠠᠨ᠂ ᠰᠢᠶᠠᠩ᠂ | ᠲᠤᠰᠬᠤᠨ ᠭᠤᠷᠪᠠᠨ ᠱᠠᠲᠤᠨ ᠤ ᠬᠦᠳᠡᠭᠡ ᠲᠤᠰᠬᠤᠨ ᠤ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠭᠡᠮᠵᠢ ᠶᠢᠨ | ᠲᠣᠣᠷ ᠰᠦᠯᠵᠢᠶ᠎ᠡ ᠶᠢ ᠪᠦᠷᠢᠨᠰᠢᠭᠦᠯᠦᠨ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠪᠠᠷᠠᠭᠠᠨ ᠤ | ᠭᠦᠢᠯᠭᠡᠭᠡ ᠶᠢ ᠬᠦᠳᠡᠭᠡ ᠪᠠᠭᠤᠯᠭᠠᠬᠤ ᠰᠢᠰᠲ᠋ᠧᠮᠵᠢ ᠪᠠᠨ ᠲᠡᠭᠦᠯᠳᠡᠷᠵᠢᠭᠦᠯᠬᠦ ᠶᠢ ᠵᠣᠷᠢᠬᠵᠢᠭᠤᠯᠵᠤ᠂ ᠳᠣᠣᠷ᠎ᠠ | ᠳᠤᠯᠠᠭᠠᠨ ᠤ ᠬᠡᠯᠬᠢᠶᠡᠵᠢᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠂ | ᠲᠠᠷᠢᠶᠠᠯᠠᠩ ᠤᠨ ᠪᠦᠲᠦᠭᠡᠭᠳᠡᠭᠦᠨ ᠢ ᠬᠤᠲᠠ ᠣᠷᠤᠭᠤᠯᠬᠤ ᠪᠠ ᠠᠵᠤ ᠦᠢᠯᠡᠳᠪᠦᠷᠢ ᠶᠢᠨ ᠪᠦᠲᠦᠭᠡᠭᠳᠡᠭᠦᠨ ᠢ | ᠬᠦᠳᠡᠭᠡ ᠳᠤ ᠬᠦᠷᠭᠡᠬᠦ ᠬᠤᠣᠰ ᠴᠢᠭᠯᠡᠯ ᠢᠶᠠᠷ ᠭᠦᠢᠯᠭᠡᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ | ᠬᠡᠷᠡᠭᠲᠡᠢ᠃ | ︵ᠶᠢᠰᠦ︶ ᠦᠯᠡᠳᠡᠭᠡᠯ ᠡᠬᠢ ᠪᠠᠶᠠᠯᠢᠭ ᠲᠤ ᠲᠦᠰᠢᠭᠯᠡᠨ ᠲᠠᠷᠢᠶᠠᠴᠢᠨ ᠬᠦᠴᠦ ᠶᠠᠪᠤᠭᠰᠠᠳ ᠤᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠵᠦ ᠬᠥᠭᠵᠢᠭᠦᠯᠬᠦ | ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠶᠡᠷᠦᠩᠬᠡᠢ ᠪᠠᠶᠢᠳᠠᠯ ᠪᠣᠯᠣᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ | ᠪᠠᠶᠢᠴᠠᠭᠠᠨ ᠵᠠᠳᠠᠯᠤᠭᠰᠠᠨ ᠰᠠᠭᠤᠷᠢᠨ ᠳᠡᠭᠡᠷ᠎ᠡ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ | ᠵᠠᠩᠬᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠣᠳᠤᠬᠢᠴᠢᠯᠠᠯᠲᠠ ᠪᠣᠯᠣᠨ ᠪᠤᠬᠢᠷᠳᠤᠯ ᠦᠭᠡᠶᠢᠵᠢᠯᠲᠡ ᠶᠢ | ᠵᠡᠷᠭᠡᠪᠡᠷ ᠬᠥᠭᠵᠢᠭᠦᠯᠬᠦ ᠶᠢ ᠠᠬᠢᠭᠤᠯᠬᠤ ᠪᠤᠲᠠᠲᠠᠢ ᠬᠡᠷᠡᠭᠴᠡᠭᠡ ᠲᠠᠢ ᠤᠶᠠᠯᠳᠤᠭᠤᠯᠤᠨ᠂ ᠲᠠᠷᠢᠶᠠᠴᠢᠨ ᠬᠦᠴᠦ | ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠠᠶᠢᠷᠢᠰᠢᠭᠤᠯᠤᠯ ᠳᠤ | ᠲᠣᠬᠢᠷᠠᠭᠤᠯᠤᠯᠲᠠ ᠬᠢᠬᠦ ᠬᠡᠷᠡᠭᠲᠡᠢ᠃ ᠲᠣᠭᠲᠠᠭᠠᠯ ᠳᠤ ᠨᠡᠶᠢᠴᠡᠭᠰᠡᠨ ᠣᠳᠣ ᠶᠢᠨ ᠪᠠᠶᠢᠭ᠎ᠠ ᠡᠯ᠎ᠡ ᠲᠦᠷᠦᠯ ᠤᠨ | ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ | ᠰᠤᠯᠠ ᠬᠠᠶᠠᠭᠳᠠᠵᠤ ᠪᠠᠶᠢᠬᠤ ᠦᠢᠯᠡᠳᠪᠦᠷᠢ ᠶᠢᠨ ᠭᠡᠷ ᠪᠠᠶᠢᠰᠢᠩ ᠵᠡᠷᠭᠡ ᠦᠯᠡᠳᠡᠭᠡᠯ ᠡᠬᠢ ᠪᠠᠶᠠᠯᠢᠭ ᠢ ᠴᠢᠯᠦᠭᠡᠲᠡᠢ | ᠭᠦᠢᠯᠭᠡᠭᠡᠵᠦ᠂ ᠣᠷᠣᠨ ᠨᠤᠲᠤᠭ ᠢ ᠳᠡᠮᠵᠢᠬᠦ ᠪᠠ ᠬᠦᠲᠦᠯᠦᠨ ᠵᠢᠯᠤᠭᠤᠳᠴᠤ ᠪᠠᠶᠢᠭᠠᠳ ᠠᠩᠬ᠎ᠠ ᠴᠣᠭᠴᠠᠯᠠᠬᠤ | ᠬᠤᠭᠤᠴᠠᠭᠠᠨ ᠤ ︽ᠪᠤᠶᠢᠵᠢᠭᠤᠯᠬᠤ︾ ᠳᠤ ᠭᠤᠣᠯᠳᠠᠯᠭ᠎ᠠ ᠲᠠᠢ ᠬᠠᠨᠳᠤᠭᠤᠯᠤᠭᠰᠠᠨ ᠨᠢᠭᠡ ᠪᠦᠯᠦᠭ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠨᠡᠪᠴᠢᠭᠦᠯᠦᠭᠦᠷ ᠤᠨ ᠰᠠᠭᠤᠷᠢᠨ | ᠭᠠᠵᠠᠷ ᠬᠢᠭᠡᠳ ᠡᠬᠢᠨ ᠤ ᠪᠠ ᠳᠤᠮᠳᠠ ᠬᠤᠭᠤᠴᠠᠭᠠᠨ ᠤ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ | ᠬᠦᠲᠦᠯᠦᠨ ᠵᠢᠯᠤᠭᠤᠳᠴᠤ ᠪᠠᠶᠢᠭᠠᠳ ᠪᠦᠭᠡᠭᠡᠨᠡᠷᠡᠨ ᠬᠥᠭᠵᠢᠭᠦᠯᠦᠭᠰᠡᠨ ᠨᠤᠲᠤᠭ ᠲᠠᠭᠠᠨ ᠪᠤᠴᠠᠵᠤ ᠠᠳᠠᠯ ᠦᠢᠯᠡᠰ | ᠴᠤᠭᠴᠠᠯᠠᠬᠤ ᠬᠦᠷᠢᠶᠡᠯᠡᠩ ᠲᠣᠭᠤᠷᠢᠭ ᠤᠳ ᠢ ᠡᠮᠬᠢᠯᠡᠵᠦ ᠨᠡᠶᠢᠯᠡᠭᠦᠯᠦᠨ ᠬᠥᠭᠵᠢᠭᠦᠯᠵᠦ᠂ ᠠᠳᠠᠯ ᠦᠢᠯᠡᠰ | ᠴᠣᠭᠴᠠᠯᠠᠬᠤ ᠬᠦᠴᠦᠨ ᠵᠦᠢᠯ ᠢ ᠴᠤᠭᠯᠠᠷᠠᠭᠤᠯᠤᠨ᠂ ᠠᠳᠠᠯ ᠦᠢᠯᠡᠰ ᠴᠣᠭᠴᠠᠯᠠᠬᠤ ᠦᠪᠡᠷ ᠤᠨ ᠥᠷᠲᠡᠭ ᠢ | ᠪᠠᠭᠤᠷᠠᠭᠤᠯᠬᠤ ᠬᠡᠷᠡᠭᠲᠡᠢ᠃ ᠣᠳᠣ ᠶᠢᠨ ᠪᠠᠶᠢᠭ᠎ᠠ ᠠᠳᠠᠯ ᠠᠬᠤᠢ ᠶᠢᠨ ᠪᠡᠯᠡᠳᠭᠡᠮᠵᠢ ᠶᠢᠨ ᠠᠰᠢᠭᠯᠠᠬᠤ ᠳᠠᠯᠳᠠ | ᠬᠦᠴᠦᠨ ᠢ ᠠᠭᠤᠳᠠᠯᠠᠵᠤ᠂ ᠲᠠᠷᠠᠬᠠᠢ ᠪᠤᠲᠠᠷᠬᠠᠢ ᠬᠤᠭᠤᠰᠤᠨ ᠭᠠᠵᠠᠷ ᠵᠡᠷᠭᠡ ᠦᠯᠡᠳᠡᠭᠡᠯ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠠᠰᠢᠭᠯᠠᠬᠤ ᠶᠢᠨ ᠬᠠᠮᠲᠤ᠂ ᠬᠤᠲᠠ ᠬᠦᠳᠡᠭᠡ ᠶᠢᠨ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠪᠠ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠭᠡᠮᠵᠢ ᠶᠢ | ᠲᠡᠭᠦᠯᠳᠡᠷᠵᠢᠭᠦᠯᠬᠦ ᠵᠡᠷᠭᠡ ᠯᠦᠭᠡ ᠨᠢᠭᠡᠲᠦᠯᠲᠡᠢ ᠲᠦᠯᠦᠪᠯᠡᠨ ᠤᠶᠠᠯᠳᠤᠭᠤᠯᠬᠤ ᠶᠢ ᠠᠩᠬᠠᠷᠬᠤ ᠬᠡᠷᠡᠭᠲᠡᠢ᠃ | ᠲᠠᠷᠢᠶᠠᠯᠠᠩ ᠤᠨ ᠪᠤᠰᠤ ᠡᠵᠡᠩᠨᠡᠯᠲᠡ ᠶᠢᠨ ᠪᠠᠶᠢᠳᠠᠯ ᠳᠤ ᠬᠠᠷᠢᠶᠠᠯᠠᠭᠳᠠᠬᠤ ᠲᠠᠷᠢᠶᠠᠴᠢᠨ ᠬᠦᠴᠦ ᠶᠠᠪᠤᠭᠰᠠᠳ ᠤᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠪᠣᠯ ᠬᠤᠲᠠ ᠬᠦᠳᠡᠭᠡ ᠶᠢᠨ | ᠲᠦᠯᠦᠪᠵᠢᠭᠦᠯᠭᠡ ᠶᠢᠨ ᠱᠠᠭᠠᠷᠳᠠᠯᠭ᠎ᠠ ᠶᠤᠰᠤᠭᠠᠷ᠂ ᠬᠠᠭᠤᠴᠢᠨ ᠬᠤᠲᠠ ᠪᠣᠶᠣ ᠪᠠᠯᠭᠠᠰᠤ ᠲᠤᠰᠬᠤᠨ ᠢ ᠦᠭᠡᠷᠡᠴᠢᠯᠡᠬᠦ᠂ | ᠬᠦᠳᠡᠭᠡ ᠲᠤᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠪᠣᠶᠣ ᠬᠦᠳᠡᠭᠡ ᠲᠤᠰᠬᠤᠨ ᠤ ᠭᠡᠷ ᠪᠠᠷᠢᠬᠤ ᠭᠠᠵᠠᠷ ᠤᠨ ᠲᠣᠭᠲᠠᠭᠤᠨ ᠪᠠᠶᠢᠬᠤ ᠲᠠᠢ ᠤᠶᠠᠯᠳᠤᠭᠤᠯᠤᠨ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ ᠬᠡᠷᠡᠭᠲᠡᠢ᠃ ᠲᠠᠷᠢᠶᠠᠯᠠᠩ ᠣᠢ ᠮᠠᠯ ᠠᠵᠤ ᠠᠬᠤᠢ ᠵᠢᠭᠠᠰᠤᠨ ᠤ ᠦᠢᠯᠡᠰ ᠤᠨ | ᠡᠵᠡᠩᠨᠡᠯᠳᠡ ᠶᠢᠨ ᠪᠠᠶᠢᠳᠠᠯ ᠳᠤ ᠬᠠᠷᠢᠶᠠᠯᠠᠭᠳᠠᠬᠤ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ᠂ ᠲᠠᠷᠢᠶᠠᠯᠠᠬᠤ ᠭᠠᠵᠠᠷ᠂ ᠬᠠᠮᠲᠤ ᠶᠢᠨ ᠣᠢ᠂ ᠪᠡᠯᠴᠢᠭᠡᠷ᠂ ᠤᠰᠤᠨ ᠤ | ᠭᠠᠳᠠᠷᠭᠤ ᠶᠢᠨ ᠡᠷᠬᠡ ᠬᠠᠷᠢᠶ᠎ᠠ ᠪᠣᠯᠣᠨ ᠬᠡᠷᠡᠭᠴᠡᠭᠡ ᠶᠢ ᠦᠯᠦ ᠬᠤᠪᠢᠷᠠᠭᠤᠯᠤᠭᠰᠠᠨ ᠤᠷᠢᠳᠠᠯ ᠳᠣᠣᠷ᠎ᠠ᠂ ᠪᠦᠲᠦᠭᠡᠨ | ᠪᠠᠶᠢᠭᠤᠯᠬᠤ ᠲᠠᠯ᠎ᠠ ᠶᠢᠨ ᠬᠢᠨ ᠡᠷᠬᠡ ᠬᠠᠷᠢᠶᠠᠲᠤ ᠲᠠᠯ᠎ᠠ ᠯᠤᠭ᠎ᠠ ᠭᠡᠷ᠎ᠡ ᠲᠣᠭᠲᠠᠭᠠᠬᠤ ᠠᠷᠭ᠎ᠠ ᠮᠠᠶ᠋ᠢᠭ ᠢᠶᠠᠷ ᠳᠠᠮᠵᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠪᠠ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ | ᠬᠡᠷᠡᠭᠲᠡᠢ᠃ | ︵ᠠᠷᠪᠠ︶ ᠨᠤᠲᠤᠭ ᠲᠠᠭᠠᠨ ᠪᠣᠴᠠᠭᠰᠠᠨ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠠᠳᠠᠯ | ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠬᠤ ᠬᠡᠷᠡᠭᠲᠡᠢ᠃ ᠨᠤᠲᠤᠭ ᠲᠠᠭᠠᠨ ᠪᠣᠴᠠᠭᠰᠠᠨ | ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠠᠳᠠᠯ ᠦᠢᠯᠡᠰ ᠴᠣᠭᠴᠠᠯᠠᠬᠤ ᠣᠨᠴᠠᠯᠢᠭ᠂ ᠬᠡᠷᠡᠭᠴᠡᠭᠡ | ᠱᠠᠭᠠᠷᠳᠠᠯᠭ᠎ᠠ ᠪᠣᠯᠣᠨ ᠣᠷᠣᠨ ᠪᠦᠰᠡ ᠶᠢᠨ ᠠᠵᠤ ᠠᠬᠤᠢ ᠶᠢᠨ ᠣᠨᠴᠠᠯᠢᠭ ᠲᠠᠢ ᠨᠢᠭᠲᠠ ᠤᠶᠠᠯᠳᠤᠭᠤᠯᠤᠨ᠂ | ᠲᠤᠰᠬᠠᠶᠢᠯᠠᠨ ᠪᠤᠯᠪᠠᠰᠤᠷᠠᠭᠤᠯᠬᠤ ᠲᠦᠯᠦᠪᠯᠡᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ ᠣᠳᠣ ᠶᠢᠨ ᠪᠠᠶᠢᠭ᠎ᠠ | ᠪᠣᠯᠪᠠᠰᠤᠷᠠᠭᠤᠯᠤᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠢᠭᠯᠡᠭᠦᠯᠬᠦ ᠴᠢᠨᠠᠷᠲᠠᠢ ᠪᠤᠯᠪᠠᠰᠤᠷᠠᠭᠤᠯᠤᠯ ᠤᠨ | ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠠᠴᠠ ᠨᠢᠭᠤᠷᠳᠠᠨ ᠵᠢᠭᠠᠬᠤ᠂ ᠠᠯᠤᠰ | ᠡᠵᠡᠮᠰᠢᠯᠲᠦ ᠰᠦᠯᠵᠢᠶ᠎ᠡ ᠪᠠᠷ ᠬᠠᠷᠢᠯᠴᠠᠨ ᠦᠢᠯᠡᠳᠦᠯᠴᠡᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠠᠳᠠᠯ ᠦᠢᠯᠡᠰ | ᠴᠣᠭᠴᠠᠯᠠᠬᠤ ᠪᠤᠯᠪᠠᠰᠤᠷᠠᠭᠤᠯᠤᠯ ᠢ ᠪᠦᠲᠦᠮᠵᠢᠲᠡᠢ ᠦᠷᠨᠢᠭᠦᠯᠵᠦ᠂ ᠪᠣᠯᠪᠠᠰᠤᠷᠠᠭᠤᠯᠤᠯ ᠤᠨ ᠬᠠᠮᠤᠷᠬᠤ ᠬᠡᠪᠴᠢᠶ᠎ᠡ ᠶᠢ | ᠥᠷᠭᠡᠳᠭᠡᠨ᠂ ᠪᠤᠯᠪᠠᠰᠤᠷᠠᠭᠤᠯᠤᠯ ᠤᠨ ᠬᠦᠮᠦᠵᠢᠯ ᠬᠦᠷᠳᠡᠬᠦ᠋ᠢᠴᠡ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ | ᠲᠣᠭᠲᠠᠭᠠᠯ ᠶᠤᠰᠤᠭᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠨᠦᠬᠦᠪᠦᠷᠢ ᠣᠯᠭᠤᠬᠤ ᠬᠡᠷᠡᠭᠲᠡᠢ᠃ | ᠠᠳᠠᠯ ᠦᠢᠯᠡᠰ ᠴᠣᠭᠴᠠᠯᠠᠬᠤ ᠶᠢᠨ ᠬᠠᠪᠰᠤᠷᠤᠨ ᠵᠢᠯᠤᠭᠤᠳᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠳᠠᠯ | ᠦᠢᠯᠡᠰ ᠴᠣᠭᠴᠠᠯᠠᠬᠤ ᠵᠢᠯᠤᠭᠤᠳᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠷᠰᠢᠯᠭ᠎ᠠ ᠲᠠᠢ ᠪᠠ | ᠠᠵᠢᠯ ᠲᠦᠷᠦᠯ ᠤᠨ ᠡᠬᠢ ᠪᠠᠶᠠᠯᠢᠭ ᠲᠠᠢ ᠠᠮᠵᠢᠯᠲᠠ ᠣᠯᠣᠭᠰᠠᠨ ᠠᠵᠤ ᠠᠬᠤᠶᠢᠯᠠᠯᠲᠠᠨ᠂ ᠡᠷᠬᠢᠯᠡᠭᠰᠡᠨ ᠠᠵᠢᠯ ᠤᠨ | ᠡᠵᠡᠩᠨᠡᠭᠴᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠪᠰᠤᠷᠤᠨ ᠵᠢᠯᠤᠭᠤᠳᠤᠭᠴᠢ᠂ ᠠᠨᠴᠢᠯ ᠪᠡᠯᠡ | ᠣᠷᠤᠭᠤᠯᠤᠭᠴᠢ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢᠨ ᠳᠠᠭᠠᠭᠤᠯᠤᠭᠴᠢ ᠲᠤᠳᠤᠷ᠎ᠠ ᠠᠴᠠ | ᠨᠢᠭᠡ ᠪᠦᠯᠦᠭ ᠠᠳᠠᠯ ᠦᠢᠯᠡᠰ ᠴᠣᠭᠴᠠᠯᠠᠬᠤ ᠵᠢᠯᠤᠭᠤᠳᠤᠭᠴᠢ ᠶᠢ ᠰᠢᠯᠭᠠᠷᠠᠭᠤᠯᠤᠨ ᠰᠤᠩᠭᠤᠵᠤ᠂ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠲᠤ ᠠᠳᠠᠯ ᠦᠢᠯᠡᠰ | ᠴᠣᠭᠴᠠᠯᠠᠬᠤ ᠶᠢᠨ ᠬᠠᠪᠰᠤᠷᠤᠨ ᠵᠢᠯᠤᠭᠤᠳᠤᠯᠭ᠎ᠠ ᠬᠠᠩᠭᠠᠬᠤ ᠬᠡᠷᠡᠭᠲᠡᠢ᠃ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠪᠤᠯᠪᠠᠰᠤᠷᠠᠭᠤᠯᠤᠯ ᠤᠨ ᠳᠠᠳᠤᠯᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠠᠯᠳᠠᠷᠲᠠᠢ ᠰᠢᠶᠠᠩ ᠪᠠᠯᠭᠠᠰᠤ ᠶᠢᠨ ᠠᠵᠤ ᠠᠬᠤᠶᠢᠯᠠᠯ᠂ ᠲᠠᠷᠢᠶᠠᠯᠠᠩ ᠤᠨ ᠪᠦᠲᠦᠭᠡᠭᠳᠡᠭᠦᠨ ᠡᠳ᠋ᠰᠢᠭᠦᠯᠬᠦ | ᠠᠵᠤ ᠠᠬᠤᠶᠢᠯᠠᠯ᠂ ᠰᠡᠯᠡᠭᠦᠴᠡᠯ ᠤᠨ ᠲᠠᠷᠢᠶᠠᠯᠠᠩ ᠤᠨ ᠠᠵᠤ ᠠᠬᠤᠶᠢᠯᠠᠯ ᠪᠣᠯᠣᠨ ᠲᠤᠰᠬᠠᠢ ᠵᠠᠬ᠎ᠠ ᠳᠡᠯᠭᠡᠭᠦᠷ | ᠵᠡᠷᠭᠡ ᠶᠢ ᠳᠠᠶᠢᠴᠢᠯᠠᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠲᠤ ᠠᠳᠠᠯ ᠦᠢᠯᠡᠰ | ᠴᠣᠭᠴᠠᠯᠠᠬᠤ ᠶᠢᠨ ᠲᠠᠭᠠᠨ ᠰᠤᠷᠬᠤ᠂ ᠳᠠᠳᠤᠯᠭ᠎ᠠ ᠬᠢᠬᠦ ᠪᠠ ᠪᠤᠳᠠᠳᠤ ᠪᠣᠯᠪᠠᠰᠤᠷᠠᠯ ᠬᠢᠬᠦ ᠦᠢᠯᠡᠴᠢᠯᠡᠭᠡ ᠶᠢ ᠬᠠᠩᠭᠠᠵᠤ | ᠂ ᠭᠠᠷᠭᠠᠬᠤ ᠭᠠᠵᠠᠷ ᠣᠷᠣᠨ ᠬᠢᠭᠡᠳ ᠵᠡᠭᠦᠨ ᠬᠡᠰᠡᠭ ᠤᠨ ᠭᠠᠵᠠᠷ ᠣᠷᠣᠨ ᠯᠤᠭ᠎ᠠ ᠶᠢᠨ ᠠᠵᠢᠯ ᠲᠦᠷᠦᠯ ᠢᠶᠠᠷ ᠢᠶᠠᠨ | ᠬᠠᠮᠵᠢᠯᠴᠠᠬᠤ ᠶᠢ ᠴᠢᠩᠭᠠᠳᠬᠠᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠨ ᠬᠦᠴᠦ | ᠶᠠᠪᠤᠭᠰᠠᠳ ᠵᠡᠷᠭᠡ ᠬᠦᠮᠦᠰ ᠤᠨ ᠵᠡᠭᠦᠨ ᠬᠡᠰᠡᠭ ᠤᠨ ᠠᠵᠤ ᠠᠬᠤᠶᠢᠯᠠᠯ ᠳᠤ ᠲᠣᠭᠲᠠᠮᠠᠯ ᠬᠤᠭᠤᠴᠠᠭ᠎ᠠ ᠲᠠᠢ ᠪᠠᠷ | ᠬᠦᠷᠴᠦ ᠳᠠᠳᠤᠯᠭ᠎ᠠ ᠬᠢᠬᠦ ᠶᠢ ᠵᠣᠬᠢᠶᠠᠨ ᠪᠠᠶᠢᠭᠤᠯᠵᠤ᠂ ᠲᠡᠲᠡᠨ ᠤ ᠬᠠᠮᠢᠶᠠᠷᠤᠯᠲᠠ ᠶᠢᠨ ᠲᠣᠷᠰᠢᠯᠭ᠎ᠠ ᠶᠢ ᠰᠤᠷᠤᠯᠴᠠᠨ | ᠴᠢᠩᠭᠠᠳᠬᠠᠬᠤ ᠳᠤ ᠳᠡᠮᠵᠢᠯᠭᠡ ᠦᠵᠡᠭᠦᠯᠬᠦ ᠬᠡᠷᠡᠭᠲᠡᠢ᠃ ᠶᠠᠳᠠᠭᠤ ᠬᠦᠴᠢᠷᠳᠡᠯᠲᠡᠢ ᠲᠤᠰᠬᠤᠨ ᠳᠤ ᠰᠠᠭᠤᠭ᠎ᠠ ︽ | ᠨᠢᠭᠡᠳᠦᠭᠡᠷ ᠱᠦᠵᠢ︾ ᠪᠣᠯᠣᠨ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠤᠲᠤᠭ ᠲᠠᠭᠠᠨ ᠪᠣᠴᠠᠭᠰᠠᠨ ᠲᠠᠷᠢᠶᠠᠴᠢᠨ ᠬᠦᠴᠦ ᠶᠠᠪᠤᠭᠰᠠᠳ ᠢ ᠬᠦᠮᠦᠵᠢᠭᠦᠯᠦᠨ | ᠪᠤᠯᠪᠠᠰᠤᠷᠠᠭᠤᠯᠬᠤ ᠠᠵᠢᠯ ᠢ ᠬᠠᠪᠰᠤᠷᠤᠨ ᠦᠷᠨᠢᠭᠦᠯᠵᠦ᠂ ᠶᠠᠳᠠᠭᠤ ᠬᠦᠴᠢᠷᠳᠡᠯᠲᠡᠢ ᠬᠦᠳᠡᠭᠡ ᠲᠤᠰᠬᠤᠨ ᠤ ᠠᠳᠠᠯ | ᠦᠢᠯᠡᠰ ᠴᠣᠭᠴᠠᠯᠠᠨ ᠪᠠᠶᠠᠵᠢᠭᠤᠯᠬᠤ ᠳᠤ ᠳᠠᠭᠠᠭᠤᠯᠤᠭᠴᠢ ᠶᠢᠨ ᠪᠣᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠢ᠃ | ︵ᠠᠷᠪᠠᠨ ᠨᠢᠭᠡ︶ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ︽ᠵᠠᠰᠠᠭ ᠤᠨ ᠣᠷᠳᠤᠨ ᠲᠡᠪᠴᠡᠩ ᠬᠠᠩᠭᠠᠵᠤ᠂ ᠲᠡᠪᠴᠡᠩ ᠳᠤ ᠡᠬᠢ ᠪᠠᠶᠠᠯᠢᠭ ᠢ | ᠬᠤᠷᠠᠮᠳᠤᠭᠤᠯᠤᠨ᠂ ᠡᠬᠢ ᠪᠠᠶᠠᠯᠢᠭ ᠨᠢ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ︾ ᠰᠡᠳᠬᠢᠮᠵᠢ ᠪᠠᠷ | ᠦᠨᠳᠦᠰᠦᠨ ᠱᠠᠲᠤᠨ ᠤ ᠣᠯᠠᠨ ᠨᠡᠶᠢᠲᠡ ᠶᠢᠨ ᠲᠡᠪᠴᠡᠩ ᠳᠤ ᠲᠦᠰᠢᠭᠯᠡᠨ ᠵᠠᠰᠠᠭ ᠤᠨ ᠣᠷᠳᠤᠨ ᠤ ᠣᠯᠠᠨ | ᠨᠡᠶᠢᠲᠡ ᠶᠢᠨ ᠡᠬᠢ ᠪᠠᠶᠠᠯᠢᠭ ᠪᠣᠯᠣᠨ ᠨᠡᠶᠢᠭᠡᠮ ᠤᠨ ᠪᠤᠰᠤᠳ ᠡᠯ᠎ᠡ ᠲᠠᠯ᠎ᠠ ᠶᠢᠨ ᠡᠬᠢ ᠪᠠᠶᠠᠯᠢᠭ ᠢ ᠬᠤᠷᠠᠮᠳᠤᠭᠤᠯᠵᠤ᠂ | ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ ᠪᠠᠶᠢᠭᠠᠳ ᠲᠠᠷᠢᠶᠠᠴᠢᠨ ᠬᠦᠴᠦ ᠶᠠᠪᠤᠭᠰᠠᠳ ᠵᠡᠷᠭᠡ | ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠭᠡ ᠬᠠᠩᠭᠠᠬᠤ ᠬᠡᠷᠡᠭᠲᠡᠢ᠃ | ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ᠂ ᠰᠤᠷᠭᠠᠨ ᠬᠦᠮᠦᠵᠢᠯ᠂ ᠡᠮᠴᠢᠯᠡᠭᠡ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠳᠦᠷᠢᠮ ᠤᠨ ᠦᠭᠡᠷᠡᠴᠢᠯᠡᠯᠲᠡ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠢ ᠴᠠᠭ ᠲᠣᠬᠠᠢ ᠳᠤᠨᠢ | ᠣᠯᠠᠨ ᠨᠡᠶᠢᠲᠡ ᠶᠢᠨ ᠦᠢᠯᠡᠴᠢᠯᠡᠭᠡᠨ ᠤ ᠬᠡᠪᠴᠢᠶᠡᠨ ᠳᠤ ᠣᠷᠤᠭᠤᠯᠬᠤ ᠬᠡᠷᠡᠭᠲᠡᠢ᠃ ᠦᠨᠳᠦᠰᠦᠨ ᠱᠠᠲᠤᠨ ᠤ ᠠᠵᠢᠯ | ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠡᠪᠴᠡᠩ ᠳᠤ ᠲᠦᠰᠢᠭᠯᠡᠵᠦ᠂ ᠨᠤᠲᠤᠭ ᠲᠠᠭᠠᠨ | ᠪᠤᠴᠠᠬᠤ ᠬᠦᠮᠦᠰ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠶᠢᠨ | ᠬᠠᠷᠢᠴᠠᠭ᠎ᠠ ᠪᠠᠨ ᠰᠢᠯᠵᠢᠭᠦᠯᠦᠨ ᠵᠠᠯᠭᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠲᠡᠳᠡᠨ ᠤ ᠡᠯ᠎ᠡ ᠵᠦᠢᠯ ᠤᠨ | ᠨᠡᠶᠢᠭᠡᠮ ᠤᠨ ᠪᠠᠲᠤᠯᠠᠭ᠎ᠠ ᠶᠢᠨ ᠬᠠᠷᠢᠴᠠᠭ᠎ᠠ ᠪᠠᠨ ᠰᠠᠭᠠᠳ ᠦᠭᠡᠢ ᠰᠢᠯᠵᠢᠭᠦᠯᠦᠨ ᠵᠠᠯᠭᠠᠵᠤ ᠣᠷᠤᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ | ᠪᠠᠶᠢᠳᠠᠯ ᠲᠠᠢ ᠠᠳᠠᠯ ᠦᠢᠯᠡᠰ ᠴᠣᠭᠴᠠᠯᠠᠬᠤ ᠬᠦᠮᠦᠰ ᠢ ᠴᠠᠭ ᠲᠣᠬᠠᠢ ᠳᠤᠨᠢ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ | ᠬᠡᠪᠴᠢᠶᠡᠨ ᠳᠤ ᠣᠷᠤᠭᠤᠯᠬᠤ ᠬᠡᠷᠡᠭᠲᠡᠢ᠃ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ | ᠨᠡᠶᠢᠭᠡᠮ ᠤᠨ ᠰᠠᠭᠤᠷᠢ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠠᠳᠠᠯ ᠦᠢᠯᠡᠰ | ᠴᠣᠭᠴᠠᠯᠠᠬᠤ ᠲᠥᠭᠰᠢᠭᠦᠷᠢ ᠶᠢ ᠪᠠᠭᠠᠰᠬᠠᠬᠤ ᠬᠡᠷᠡᠭᠲᠡᠢ᠃ ᠬᠦᠳᠡᠭᠡ ᠲᠤᠰᠬᠤᠨ ᠤ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠲᠣᠷᠰᠢᠯᠲᠠ ᠶᠢᠨ ᠴᠢᠬ ᠢ ᠭᠦᠨᠵᠡᠭᠡᠶᠢᠷᠡᠭᠦᠯᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠶᠢ ᠳᠡᠮᠵᠢᠬᠦ ᠪᠠ ᠠᠵᠢᠯ ᠣᠯᠭᠤᠬᠤ ᠶᠢ ᠬᠦᠯᠢᠶᠡᠨ ᠠᠪᠬᠤ ᠬᠦᠳᠡᠭᠡ ᠲᠤᠰᠬᠤᠨ ᠤ ᠨᠡᠶᠢᠭᠡᠮ | ᠲᠣᠭᠤᠷᠢᠭ ᠤᠨ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠬᠦᠳᠡᠭᠡ ᠶᠢᠨ ᠨᠡᠶᠢᠭᠡᠮ ᠲᠣᠭᠤᠷᠢᠭ ᠤᠨ ᠲᠠᠷᠢᠶᠠᠴᠢᠨ | ᠬᠦᠴᠦ ᠶᠠᠪᠤᠭᠰᠠᠳ ᠤᠨ ᠦᠢᠯᠡᠴᠢᠯᠡᠭᠡ ᠶᠢ ᠵᠤᠯᠭᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ | ᠬᠡᠷᠡᠭᠲᠡᠢ᠃ | ︵ᠠᠷᠪᠠᠨ ᠬᠤᠶᠠᠷ︶ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠤᠨ | ᠵᠠᠭᠤᠴᠢᠯᠠᠬᠤ ᠦᠢᠯᠡᠴᠢᠯᠡᠭᠡ ᠶᠢ ᠰᠠᠶᠢᠵᠢᠷᠠᠭᠤᠯᠬᠤ ᠬᠡᠷᠡᠭᠲᠡᠢ᠃ ᠵᠠᠰᠠᠭ ᠤᠨ ᠣᠷᠳᠤᠨ ᠤ ᠨᠡᠶᠢᠭᠡᠮ ᠤᠨ ᠬᠦᠴᠦᠨ ᠠᠴᠠ | ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠬᠡᠷᠡᠭᠯᠡᠵᠦ᠂ ᠬᠦᠮᠦᠵᠢᠯ ᠪᠣᠯᠪᠠᠰᠤᠷᠠᠭᠤᠯᠤᠯ ᠤᠨ ᠪᠠᠶᠢᠭᠤᠯᠤᠮᠵᠢ᠂ | ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠠᠵᠤ ᠠᠬᠤᠶᠢᠯᠠᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠡᠪᠴᠡᠩ᠂ ᠠᠵᠢᠯ ᠲᠦᠷᠦᠯ ᠤᠨ ᠨᠡᠶᠢᠭᠡᠮᠯᠢᠭ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ | ᠨᠡᠶᠢᠭᠡᠮ ᠤᠨ ᠡᠯ᠎ᠡ ᠡᠲᠡᠭᠡᠳ ᠤᠨ ᠣᠷᠤᠯᠴᠠᠬᠤ ᠢᠳᠡᠪᠬᠢᠵᠢᠯ ᠢ ᠳᠠᠶᠢᠴᠢᠯᠠᠨ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠠᠵᠤ ᠠᠬᠤᠶᠢᠯᠠᠯ ᠨᠡᠭᠡᠭᠡᠨ ᠡᠷᠬᠢᠯᠡᠬᠦ᠂ | ᠡᠵᠡᠩᠨᠡᠬᠦ᠂ ᠬᠥᠭᠵᠢᠭᠦᠯᠬᠦ ᠶᠠᠪᠤᠴᠠ ᠳᠤᠮᠳᠠ ᠲᠤᠯᠭᠠᠷᠠᠭᠰᠠᠨ ᠴᠢᠳᠠᠪᠤᠷᠢ ᠨᠢ ᠦᠯᠦ ᠬᠦᠷᠬᠦ᠂ ᠲᠣᠷᠰᠢᠯᠭ᠎ᠠ ᠪᠠᠷ | ᠲᠤᠳᠠᠮᠠᠭ᠂ ᠡᠬᠢ ᠪᠠᠶᠠᠯᠢᠭ ᠬᠦᠷᠦᠯᠴᠡᠬᠦ ᠦᠭᠡᠢ ᠵᠡᠷᠭᠡ ᠪᠡᠷᠬᠡ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠥᠭᠬᠦ | ᠬᠡᠷᠡᠭᠲᠡᠢ᠃ ᠲᠤᠰᠬᠠᠶᠢᠵᠢᠭᠰᠠᠨ ᠵᠠᠬ᠎ᠠ ᠳᠡᠯᠭᠡᠭᠦᠷ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠤᠨ | ᠪᠣᠵᠠᠭᠠᠶᠢᠷᠠᠭᠤᠯᠵᠤ᠂ ᠵᠠᠬ᠎ᠠ ᠳᠡᠯᠭᠡᠭᠦᠷ ᠢ ᠵᠠᠳᠠᠯᠬᠤ᠂ ᠬᠠᠮᠢᠶᠠᠷᠤᠯᠲᠠ ᠶᠢ ᠬᠠᠪᠰᠤᠷᠤᠨ ᠵᠢᠯᠤᠭᠤᠳᠬᠤ ᠵᠡᠷᠭᠡ ᠭᠦᠨᠵᠡᠭᠡᠢ | ᠦᠢᠯᠡᠴᠢᠯᠡᠭᠡ ᠶᠢ ᠬᠠᠩᠭᠠᠵᠤ᠂ ᠨᠣᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ | ᠬᠠᠮᠢᠶᠠᠷᠤᠯᠲᠠ ᠪᠠᠨ ᠰᠠᠶᠢᠵᠢᠷᠠᠭᠤᠯᠵᠤ᠂ ᠵᠠᠬ᠎ᠠ ᠳᠡᠯᠭᠡᠭᠦᠷ ᠢ ᠥᠷᠭᠡᠳᠭᠡᠬᠦ ᠶᠢ ᠨᠢ ᠬᠠᠪᠰᠤᠷᠬᠤ ᠬᠡᠷᠡᠭᠲᠡᠢ᠃ ᠲᠤᠮᠤ | ᠬᠡᠯᠪᠡᠷᠢ ᠶᠢᠨ ᠵᠠᠬ᠎ᠠ ᠳᠡᠯᠭᠡᠭᠦᠷ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠣᠷᠣᠨ ᠪᠦᠰᠡ ᠠᠯᠤᠰᠯᠠᠨ | ᠦᠷᠭᠡᠵᠢᠬᠦ ᠶᠢ ᠵᠣᠷᠢᠬᠵᠢᠭᠤᠯᠵᠤ᠂ ᠭᠠᠷᠭᠠᠬᠤ ᠭᠠᠵᠠᠷ ᠣᠷᠣᠨ ᠤ ᠲᠤᠰᠬᠠᠶᠢᠵᠢᠭᠰᠠᠨ᠂ ᠨᠡᠶᠢᠭᠡᠮᠴᠢᠯᠡᠭᠰᠡᠨ᠂ | ᠰᠦᠯᠵᠢᠶᠡᠵᠢᠭᠰᠡᠨ ᠵᠠᠬ᠎ᠠ ᠳᠡᠯᠭᠡᠭᠦᠷ ᠤᠨ ᠵᠠᠭᠤᠴᠢ ᠦᠢᠯᠡᠴᠢᠯᠡᠭᠡᠨ ᠤ ᠰᠢᠰᠲ᠋ᠧᠮᠵᠢ ᠶᠢᠨ ᠪᠦᠷᠢᠯᠳᠦᠬᠦ ᠶᠢ ᠠᠬᠢᠭᠤᠯᠬᠤ | ᠬᠡᠷᠡᠭᠲᠡᠢ᠃ | ︵ᠠᠷᠪᠠᠨ ᠭᠤᠷᠪᠠ︶ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠲᠦᠭ | ᠲᠦᠮᠡᠨ ᠢᠶᠠᠷ ᠢᠶᠠᠨ ᠰᠢᠨ᠎ᠡ ᠶᠢ ᠡᠭᠦᠳᠬᠦ ᠯᠦᠭᠡ ᠵᠠᠯᠭᠠᠯᠳᠤᠭᠤᠯᠬᠤ ᠶᠢ ᠬᠦᠲᠦᠯᠦᠨ ᠵᠢᠯᠤᠭᠤᠳᠬᠤ ᠬᠡᠷᠡᠭᠲᠡᠢ᠃ | ᠬᠦᠲᠦᠴᠢ ᠠᠵᠤ ᠠᠬᠤᠶᠢᠯᠠᠯ ᠢ ᠬᠦᠲᠦᠯᠦᠨ ᠵᠢᠯᠤᠭᠤᠳᠬᠤ ᠪᠠ ᠳᠡᠮᠵᠢᠵᠦ ᠪᠠᠶᠢᠭᠠᠳ ᠵᠠᠬ᠎ᠠ ᠳᠡᠯᠭᠡᠭᠦᠷᠵᠢᠭᠰᠡᠨ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠪᠡᠯᠡ ᠮᠦᠩᠭᠦ᠂ | ᠮᠡᠷᠭᠡᠵᠢᠯ ᠪᠣᠯᠣᠨ ᠦᠢᠯᠡᠴᠢᠯᠡᠭᠡ ᠶᠢ ᠥᠷᠭᠡᠳᠭᠡᠨ ᠲᠡᠯᠡᠭᠦᠯᠬᠦ ᠪᠠᠨ ᠲᠦᠷᠭᠡᠳᠭᠡᠵᠦ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠬᠦᠮᠦᠰ ᠤᠨ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠳᠤ ᠲᠦᠰᠢᠭᠯᠡᠨ ᠠᠳᠠᠯ ᠦᠢᠯᠡᠰ | ᠴᠣᠭᠴᠠᠯᠠᠨ ᠬᠥᠭᠵᠢᠬᠦ ᠶᠢ ᠨᠢ ᠳᠠᠶᠢᠴᠢᠯᠠᠨ ᠳᠡᠮᠵᠢᠬᠦ ᠬᠡᠷᠡᠭᠲᠡᠢ᠃ ᠲᠤᠮᠤ ᠬᠡᠯᠪᠡᠷᠢ ᠶᠢᠨ ᠡᠷᠳᠡᠮ ᠰᠢᠨᠵᠢᠯᠡᠭᠡᠨ ᠤ | ᠬᠦᠷᠢᠶᠡᠯᠡᠩ ᠭᠠᠵᠠᠷ ᠤᠨ ᠨᠡᠭᠡᠭᠡᠯᠲᠡ ᠲᠠᠢ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ | ᠲᠡᠪᠴᠡᠩ ᠪᠠᠶᠢᠭᠤᠯᠬᠤ ᠶᠢ ᠵᠣᠷᠢᠬᠵᠢᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠲᠠᠷᠢᠶᠠᠴᠢᠨ | ᠬᠦᠴᠦ ᠶᠠᠪᠤᠭᠰᠠᠳ ᠵᠡᠷᠭᠡ ᠡᠯ᠎ᠡ ᠲᠦᠷᠦᠯ ᠤᠨ ᠠᠳᠠᠯ ᠦᠢᠯᠡᠰ ᠴᠣᠭᠴᠠᠯᠠᠭᠴᠢᠳ ᠢ ᠲᠠᠲᠠᠵᠤ ᠲᠡᠲᠡᠨ ᠤ ᠰᠢᠨ᠎ᠡ | ᠡᠭᠦᠳᠦᠯᠲᠡ ᠲᠠᠢ ᠦᠷ᠎ᠡ ᠪᠦᠲᠦᠭᠡᠯ ᠤᠨ ᠲᠣᠭᠤᠷᠢᠨ ᠳᠤ ᠠᠳᠠᠯ ᠦᠢᠯᠡᠰ ᠴᠣᠭᠴᠠᠯᠠᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠦᠷᠦᠩᠭᠡᠵᠢᠬᠦ᠂ ᠠᠵᠤ ᠦᠢᠯᠡᠰᠵᠢᠬᠦ ᠠᠯᠬᠤᠴᠠ ᠶᠢ ᠲᠦᠷᠭᠡᠳᠭᠡᠬᠦ ᠬᠡᠷᠡᠭᠲᠡᠢ᠃ | ᠨᠡᠶᠢᠭᠡᠮ ᠤᠨ ᠬᠦᠷᠦᠩᠭᠡ ᠮᠦᠩᠭᠦ ᠢᠯᠠᠩᠭᠤᠶ᠎ᠠ ᠬᠦᠲᠦᠴᠢ ᠠᠵᠤ ᠠᠬᠤᠶᠢᠯᠠᠯ ᠤᠨ ᠣᠷᠤᠭᠤᠯᠤᠯᠲᠠ ᠪᠠᠨ | ᠨᠡᠮᠡᠭᠳᠡᠭᠦᠯᠬᠦ ᠶᠢ ᠵᠣᠷᠢᠬᠵᠢᠭᠤᠯᠵᠤ᠂ ᠲᠡᠳᠡᠨ ᠤ ᠲᠤᠰ ᠪᠡᠶ᠎ᠡ ᠶᠢᠨ ᠬᠥᠭᠵᠢᠨ ᠪᠤᠵᠠᠭᠠᠶᠢᠷᠠᠬᠤ ᠬᠡᠷᠡᠭᠴᠡᠭᠡ ᠲᠠᠢ | ᠤᠶᠠᠯᠳᠤᠭᠤᠯᠤᠨ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠶᠢᠨ ᠵᠠᠬ᠎ᠠ ᠳᠡᠯᠭᠡᠭᠦᠷᠵᠢᠭᠰᠡᠨ᠂ | ᠲᠤᠰᠬᠠᠶᠢᠵᠢᠭᠰᠠᠨ ᠣᠷᠣᠨ ᠵᠠᠢ ᠶᠢ ᠪᠠᠶᠢᠭᠤᠯᠤᠨ ᠬᠥᠭᠵᠢᠭᠦᠯᠵᠦ᠂ ᠰᠢᠨ᠎ᠡ ᠡᠭᠦᠳᠦᠯᠲᠡ ᠲᠠᠢ ᠪᠦᠲᠦᠭᠡᠯᠴᠢ | ᠪᠣᠳᠣᠯ ᠢ ᠨᠢ ᠠᠵᠤ ᠠᠬᠤᠶᠢᠯᠡᠯ ᠤᠨ ᠬᠥᠭᠵᠢᠯᠲᠡ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠣᠨ | ᠨᠡᠶᠢᠭᠡᠮ ᠤᠨ ᠬᠦᠷᠦᠩᠭᠡ ᠮᠦᠩᠭᠦ ᠯᠦᠭᠡ ᠪᠦᠲᠦᠮᠵᠢᠲᠡᠢ ᠵᠠᠯᠭᠠᠯᠳᠤᠭᠤᠯᠬᠤ ᠶᠢ ᠠᠬᠢᠭᠤᠯᠬᠤ ᠬᠡᠷᠡᠭᠲᠡᠢ᠃ ᠬᠥᠭᠵᠢᠭᠰᠡᠨ | ᠭᠠᠵᠠᠷ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ ᠪᠠᠨ ᠭᠠᠷᠭᠠᠬᠤ ᠭᠠᠵᠠᠷ | ᠣᠷᠣᠨ ᠲᠡᠰᠢ ᠥᠷᠭᠡᠳᠭᠡᠵᠦ᠂ ᠳᠠᠬᠢᠨ ᠦᠢᠯᠡᠳᠬᠦ ᠪᠠᠷ ᠲᠥᠷᠭᠡᠳᠭᠡᠬᠦ ᠶᠢ ᠵᠣᠷᠢᠬᠵᠢᠭᠤᠯᠵᠤ᠂ ᠠᠳᠠᠯ ᠦᠢᠯᠡᠰ | ᠴᠣᠭᠴᠠᠯᠠᠬᠤ ᠰᠢᠨ᠎ᠡ ᠣᠨᠣᠯᠵᠢᠬᠤᠨ ᠢ ᠲᠠᠰᠤᠷᠠᠯᠲᠠ ᠦᠭᠡᠢ ᠳᠠᠮᠵᠢᠭᠤᠯᠤᠨ ᠭᠠᠷᠭᠠᠵᠤ᠂ ᠠᠳᠠᠯ ᠦᠢᠯᠡᠰ | ᠴᠣᠭᠴᠠᠯᠠᠬᠤ ᠠᠮᠢᠵᠢᠷᠠᠯ ᠤᠨ ᠬᠦᠴᠦᠨ ᠢ ᠬᠤᠷᠠᠮᠳᠤᠭᠤᠯᠤᠨ᠂ ᠨᠤᠲᠤᠭ ᠲᠠᠭᠠᠨ ᠪᠣᠴᠠᠭᠰᠠᠨ ᠲᠠᠷᠢᠶᠠᠴᠢᠨ ᠬᠦᠴᠦ | ᠶᠠᠪᠤᠭᠰᠠᠳ ᠵᠡᠷᠭᠡ ᠬᠦᠮᠦᠰ ᠢ ᠬᠠᠪᠰᠤᠷᠴᠤ ᠪᠠᠶᠢᠭᠠᠳ ᠠᠳᠠᠯ ᠦᠢᠯᠡᠰ ᠴᠣᠭᠴᠠᠯᠠᠬᠤ ᠶᠢᠨ ᠪᠡᠷᠬᠡ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ ᠢ | ᠬᠡᠷᠡᠭᠵᠢᠭᠦᠯᠵᠦ᠂ ᠨᠢᠭᠡ ᠪᠦᠯᠦᠭ ︽ᠲᠦᠭᠡᠮᠡᠯ ᠠᠳᠠᠯ ᠦᠢᠯᠡᠰ ᠴᠣᠭᠴᠠᠯᠠᠬᠤ ᠰᠠᠭᠤᠷᠢᠨ︾ ᠢ ᠪᠠᠶᠢᠭᠤᠯᠤᠨ᠂ | ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠳᠤ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠬᠠᠩᠭᠠᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠶᠢ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠯᠦᠭᠡ ᠡᠮᠬᠢ ᠵᠢᠷᠤᠮ ᠲᠠᠢ ᠵᠠᠯᠭᠠᠯᠳᠤᠭᠤᠯᠵᠤ᠂ | ᠬᠠᠮᠲᠤᠷᠠᠨ ᠬᠦᠳᠡᠯᠦᠯᠴᠡᠨ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ | ᠳᠥᠷᠪᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠠᠷᠪᠠᠨ ᠳᠥᠷᠪᠡ︶ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠱᠠᠭᠠᠷᠳᠠᠯᠭ᠎ᠠ ᠶᠢᠨ | ᠵᠦᠢᠯᠡᠰ ᠢ ᠪᠠᠭᠠᠰᠬᠠᠬᠤ ᠬᠡᠷᠡᠭᠲᠡᠢ᠃ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠩᠰᠠᠯᠠᠭᠰᠠᠨ ᠪᠡᠯᠡ ᠮᠦᠩᠭᠦ ᠶᠢᠨ ᠲᠡᠮᠲᠡᠭᠯᠡᠬᠦ ᠳᠦᠷᠢᠮ ᠤᠨ | ᠦᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢᠨ | ᠲᠡᠮᠲᠡᠭᠯᠡᠬᠦ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠠᠳᠠᠯ ᠦᠢᠯᠡᠰ ᠴᠣᠭᠴᠠᠯᠠᠬᠤ ᠣᠷᠣᠨ ᠰᠠᠭᠤᠴᠠ ︵ᠡᠵᠡᠩᠨᠡᠬᠦ | ᠲᠠᠯᠠᠪᠤᠷ︶ ᠶᠢᠨ ᠲᠡᠮᠲᠡᠭᠯᠡᠬᠦ ᠭᠠᠷᠳᠠᠮ ᠢ ᠳᠦᠭᠦᠮᠴᠢᠯᠡᠵᠦ᠂ ︽ᠨᠢᠭᠡ ᠬᠠᠶ᠋ᠢᠭ ᠲᠤ ᠣᠯᠠᠨ ᠦᠨᠡᠮᠯᠡᠯ ᠲᠠᠢ︾᠂ | ᠲᠦᠪᠯᠡᠷᠡᠭᠦᠯᠦᠨ ᠳᠠᠩᠰᠠᠯᠠᠬᠤ ᠵᠡᠷᠭᠡ ᠣᠷᠣᠨ ᠰᠠᠭᠤᠴᠠ ᠪᠠᠷ ᠲᠡᠮᠲᠡᠭᠯᠡᠬᠦ ᠳᠦᠷᠢᠮ ᠤᠨ ᠦᠭᠡᠷᠡᠴᠢᠯᠡᠯᠲᠡ ᠶᠢ | ᠠᠬᠢᠭᠤᠯᠬᠤ ᠬᠡᠷᠡᠭᠲᠡᠢ᠃ ᠡᠵᠡᠩᠨᠡᠬᠦ ᠬᠡᠪᠴᠢᠶ᠎ᠡ ᠶᠢ ᠠᠭᠤᠵᠢᠭᠤ ᠲᠠᠯᠪᠢᠵᠤ᠂ ᠨᠤᠲᠤᠭ ᠲᠠᠭᠠᠨ ᠪᠣᠴᠠᠭᠰᠠᠨ ᠲᠠᠷᠢᠶᠠᠴᠢᠨ | ᠬᠦᠴᠦ ᠶᠠᠪᠤᠭᠰᠠᠳ ᠵᠡᠷᠭᠡ ᠬᠦᠮᠦᠰ ᠤᠨ ᠬᠦᠳᠡᠭᠡ ᠲᠤᠰᠬᠤᠨ ᠤ ᠰᠠᠭᠤᠷᠢ ᠪᠡᠯᠡᠳᠭᠡᠮᠵᠢ ᠳᠤ ᠪᠡᠯᠡ ᠣᠷᠤᠭᠤᠯᠬᠤ ᠪᠠ | ᠬᠦᠳᠡᠭᠡ ᠲᠤᠰᠬᠤᠨ ᠳᠤ ᠡᠯ᠎ᠡ ᠲᠦᠷᠦᠯ ᠤᠨ ᠠᠵᠢᠯ ᠦᠢᠯᠡᠰ ᠡᠷᠬᠢᠯᠡᠬᠦ ᠶᠢ ᠵᠣᠷᠢᠬᠵᠢᠭᠤᠯᠬᠤ ᠬᠡᠷᠡᠭᠲᠡᠢ᠃ ᠵᠠᠰᠠᠭ ᠤᠨ | ᠣᠷᠳᠤᠨ ᠢᠶᠠᠷ ᠭᠤᠣᠯᠯᠠᠭᠤᠯᠵᠤ᠂ ᠡᠳ᠋ ᠤᠨ ᠵᠠᠰᠠᠭ ᠠᠴᠠ ᠳᠡᠮᠵᠢᠬᠦ ᠬᠦᠳᠡᠭᠡ ᠲᠤᠰᠬᠤᠨ ᠤ ᠣᠯᠠᠨ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠢᠨᠵᠧᠨᠧᠷᠢᠩ ᠪᠣᠯᠣᠨ ᠲᠦᠷᠦᠯ ᠵᠦᠢᠯ ᠳᠤ ᠦᠢᠯᠡᠴᠢᠯᠡᠭᠡ ᠬᠤᠳᠠᠯᠳᠤᠨ ᠠᠪᠬᠤ᠂ | ᠵᠠᠰᠠᠭ ᠤᠨ ᠣᠷᠳᠤᠨ ᠬᠢᠭᠡᠳ ᠨᠡᠶᠢᠭᠡᠮ ᠤᠨ ᠬᠦᠷᠦᠩᠭᠡ ᠮᠦᠩᠭᠦ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ | ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠣᠯᠣᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠦᠲᠦᠯᠦᠨ ᠵᠢᠯᠤᠭᠤᠳᠴᠤ ᠪᠠᠶᠢᠭᠠᠳ ᠪᠦᠲᠦᠭᠡᠨ ᠪᠠᠶᠢᠭᠤᠯᠬᠤ᠂ | ᠬᠠᠮᠢᠶᠠᠷᠤᠨ ᠬᠠᠮᠠᠭᠠᠯᠠᠬᠤ ᠪᠠ ᠠᠵᠢᠯᠯᠠᠬᠤ ᠳᠤ ᠣᠷᠤᠯᠴᠠᠭᠤᠯᠬᠤ ᠬᠡᠷᠡᠭᠲᠡᠢ᠃ ᠬᠤᠳᠠᠯᠳᠤᠭᠠᠴᠢᠯᠠᠬᠰᠠᠨ | ᠠᠵᠢᠯᠯᠠᠭᠠᠨ ᠲᠠᠢ ᠬᠦᠳᠡᠭᠡ ᠲᠤᠰᠬᠤᠨ ᠤ ᠦᠢᠯᠡᠴᠢᠯᠡᠭᠡᠨ ᠤ ᠦᠢᠯᠡᠰ ᠢ ᠨᠡᠶᠢᠭᠡᠮ ᠤᠨ ᠬᠦᠷᠦᠩᠭᠡ ᠮᠦᠩᠭᠦ ᠲᠡᠰᠢ | ᠪᠦᠬᠦ ᠲᠠᠯ᠎ᠠ ᠪᠠᠷ ᠴᠢᠯᠦᠭᠡᠲᠡᠢ ᠲᠠᠯᠪᠢᠬᠤ ᠬᠡᠷᠡᠭᠲᠡᠢ᠃ ᠨᠡᠶᠢᠭᠡᠮ ᠤᠨ ᠬᠦᠷᠦᠩᠭᠡ ᠮᠦᠩᠭᠦ ᠶᠢᠨ ᠬᠦᠳᠡᠭᠡ ᠲᠤᠰᠬᠤᠨ ᠤ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢᠨ ᠵᠣᠷᠢᠬᠵᠢᠭᠤᠯᠬᠤ ᠭᠠᠷᠴᠠᠭ ᠲᠣᠭᠲᠠᠭᠠᠵᠤ᠂ ᠰᠢᠶᠠᠩ ᠪᠠᠯᠭᠠᠰᠤ ᠶᠢᠨ | ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢᠨ ᠰᠢᠯᠵᠢᠯᠲᠡ ᠶᠢᠨ ᠭᠠᠷᠴᠠᠭ ᠢ ᠰᠦᠪᠡᠭᠴᠢᠯᠡᠨ ᠪᠠᠶᠢᠭᠤᠯᠵᠤ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ | ᠪᠣᠶᠣ ᠣᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠵᠦᠢᠯ ᠢ ᠳᠠᠭᠠᠭᠠᠨ ᠡᠭᠦᠷᠭᠡᠯᠡᠬᠦ ᠶᠢ ᠵᠣᠷᠢᠬᠵᠢᠭᠤᠯᠤᠨ᠂ | ᠵᠠᠰᠠᠭ ᠤᠨ ᠣᠷᠳᠤᠨ ᠤ ᠬᠤᠳᠠᠯᠳᠤᠨ ᠠᠪᠬᠤ ᠠᠵᠢᠯ ᠳᠤ ᠨᠤᠲᠤᠭ ᠲᠠᠭᠠᠨ ᠪᠤᠴᠠᠭᠰᠠᠨ ᠬᠦᠮᠦᠰ ᠤᠨ ᠡᠭᠦᠳᠦᠨ | ᠪᠠᠶᠢᠭᠤᠯᠤᠭᠰᠠᠨ ᠠᠵᠤ ᠠᠬᠤᠶᠢᠯᠠᠯ ᠤᠨ ᠣᠷᠤᠯᠴᠠᠬᠤ ᠶᠢ ᠳᠡᠮᠵᠢᠬᠦ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ | ᠵᠡᠷᠭᠡ ᠬᠦᠮᠦᠰ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠪᠠᠶᠢᠪᠠᠯ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠳᠤ ᠣᠷᠤᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠵᠠᠬ᠎ᠠ ᠳᠡᠯᠭᠡᠭᠦᠷ ᠤᠨ | ᠠᠷᠠᠯᠵᠢᠶ᠎ᠠ ᠶᠢᠨ ᠳᠦᠷᠢᠮ ᠪᠣᠯᠣᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠ ᠠᠷᠠᠯᠵᠢᠶ᠎ᠠ ᠶᠢᠨ | ᠦᠪᠡᠷ ᠤᠨ ᠥᠷᠳᠡᠭ ᠢ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ᠃ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠵᠦᠢᠯᠡᠰ ᠢ | ᠬᠦᠴᠦᠨ ᠦᠭᠡᠢ ᠪᠣᠯᠭᠠᠬᠤ ᠪᠠ ᠳᠣᠷᠣᠭᠰᠢ ᠪᠠᠭᠤᠯᠭᠠᠵᠤ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠬᠢᠨᠠᠨ | ᠵᠥᠪᠰᠢᠶᠡᠷᠡᠬᠦ ᠵᠦᠢᠯᠡᠰ ᠢ ᠪᠦᠬᠦ ᠲᠠᠯ᠎ᠠ ᠪᠠᠷ ᠢᠯᠭᠠᠷᠠᠭᠤᠯᠬᠤ ᠶᠢᠨ ᠬᠠᠮᠲᠤ᠂ ᠦᠨᠡᠨᠬᠦ ᠬᠦᠴᠦᠨ ᠦᠭᠡᠢ ᠪᠣᠯᠭᠠᠨ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ | ᠤᠷᠢᠳᠤᠬᠢ ᠬᠢᠨᠠᠨ ᠵᠥᠪᠰᠢᠶᠡᠷᠡᠯ ᠢ ᠪᠠᠭᠠᠰᠬᠠᠬᠤ ᠬᠡᠷᠡᠭᠲᠡᠢ᠃ | ︵ᠠᠷᠪᠠᠨ ᠲᠠᠪᠤ︶ ᠬᠠᠨᠳᠤᠯᠭ᠎ᠠ ᠲᠠᠢ ᠪᠠᠷ ᠭᠠᠶᠢᠯᠢ ᠬᠦᠩᠭᠡᠷᠡᠭᠦᠯᠬᠦ ᠪᠠ ᠲᠦᠭᠡᠮᠡᠯ ᠴᠢᠨᠠᠷᠲᠠᠢ ᠪᠠᠷ ᠰᠦᠢᠳᠭᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ | ᠵᠡᠷᠭᠡ ᠬᠦᠮᠦᠰ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠳᠤ ᠲᠥᠷᠥ ᠶᠢᠨ ᠪᠣᠳᠣᠯᠭ᠎ᠠ ᠳᠠᠬᠢ | ᠲᠣᠭᠲᠠᠭᠠᠭᠰᠠᠨ ᠨᠦᠬᠦᠴᠡᠯ ᠳᠤ ᠨᠡᠶᠢᠴᠡᠭᠰᠡᠨ ᠪᠠᠶᠢᠪᠠᠯ᠂ ᠡᠳ᠋ ᠤᠨ ᠵᠠᠰᠠᠭ ᠤᠨ ᠶᠠᠮᠦᠨ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ︽ᠵᠢᠵᠢᠭ ᠬᠡᠯᠪᠡᠷᠢ ᠶᠢᠨ ᠪᠢᠴᠢᠯ ᠣᠯᠵᠠᠪᠤᠷᠢ ᠲᠠᠢ ᠠᠵᠤ ᠠᠬᠤᠶᠢᠯᠠᠯ ᠤᠨ | ᠠᠰᠢᠭ ᠣᠷᠤᠯᠭ᠎ᠠ ᠶᠢᠨ ᠭᠠᠶᠢᠯᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠲᠣᠬᠠᠢ ᠮᠡᠳᠡᠭᠳᠡᠯ︾ ︵ᠡᠳ᠋ | ᠭᠠᠶᠢᠯᠢ ﹇2014﹈ 34 ᠳ᠋ᠤᠭᠡᠷ ᠲᠣᠭᠠᠲᠤ︶᠂ ︽ᠵᠢᠵᠢᠭ ᠪᠢᠴᠢᠯ ᠠᠵᠤ ᠠᠬᠤᠶᠢᠯᠠᠯ ᠤᠨ ᠥᠷᠳᠡᠭ ᠤᠨ ᠨᠡᠮᠡᠭᠳᠡᠯ | ᠭᠠᠶᠢᠯᠢ ᠪᠣᠯᠣᠨ ᠡᠵᠡᠩᠨᠡᠯᠲᠡ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠳᠡᠮᠵᠢᠬᠦ ᠲᠣᠬᠠᠢ | ᠮᠡᠳᠡᠭᠳᠡᠯ︾ ︵ᠡᠳ᠋ ᠭᠠᠶᠢᠯᠢ ﹇2014﹈ 71 ᠳ᠋ᠤᠭᠡᠷ ᠲᠣᠭᠠᠲᠤ︶᠂ ︽ᠵᠢᠵᠢᠭ ᠪᠢᠴᠢᠯ ᠠᠵᠤ ᠠᠬᠤᠶᠢᠯᠠᠯ ᠢ | ᠬᠤᠯᠪᠣᠭᠳᠠᠯ ᠪᠦᠬᠦᠢ ᠵᠠᠰᠠᠭ ᠤᠨ ᠣᠷᠳᠤᠨ ᠤ ᠴᠢᠨᠠᠷᠲᠠᠢ ᠰᠠᠭᠤᠷᠢ ᠮᠦᠩᠭᠦ ᠲᠠᠲᠠᠪᠤᠷᠢᠯᠠᠬᠤ ᠠᠴᠠ ᠬᠡᠯᠲᠦᠷᠢᠭᠦᠯᠬᠦ | ᠲᠣᠬᠠᠢ ᠮᠡᠳᠡᠭᠳᠡᠯ︾ ︵ᠡᠳ᠋ ᠭᠠᠶᠢᠯᠢ ﹇2014﹈ 122 ᠳ᠋ᠤᠭᠠᠷ ᠲᠣᠭᠠᠲᠤ︶ ᠪᠠ ︽ᠠᠵᠢᠯ ᠠᠯᠳᠠᠭᠰᠠᠳ ᠤᠨ | ᠳᠠᠭᠠᠳᠬᠠᠯ ᠤᠨ ᠰᠦᠢᠳᠭᠡᠯ ᠨᠤᠷᠮ᠎ᠠ ᠶᠢ ᠲᠣᠬᠢᠷᠠᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ᠲᠣᠬᠠᠢ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠦᠨ᠂ ᠡᠳ᠋ ᠤᠨ ᠵᠠᠰᠠᠭ ᠤᠨ ᠶᠠᠮᠦᠨ ᠤ ᠮᠡᠳᠡᠭᠳᠡᠯ︾ ︵ | ᠬᠦᠮᠦᠨ ᠨᠡᠶᠢᠭᠡᠮ ᠶᠠᠮᠦᠨ ᠲᠠᠷᠬᠠᠭᠠᠭᠰᠠᠨ ﹇2015﹈ 24 ᠳ᠋ᠤᠭᠡᠷ ᠲᠣᠭᠠᠲᠤ︶ ᠤᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠲᠣᠬᠢᠷᠠᠭᠤᠯᠤᠨ ᠬᠡᠷᠡᠭᠯᠡᠵᠦ ᠪᠣᠯᠬᠤ ᠪᠦᠭᠡᠳ ᠠᠵᠤ ᠠᠬᠤᠶᠢᠯᠠᠯ ᠤᠨ ᠠᠰᠢᠭ ᠣᠷᠤᠯᠭ᠎ᠠ ᠶᠢᠨ | ᠭᠠᠶᠢᠯᠢ ᠶᠢ ᠬᠠᠰᠤᠵᠤ ᠲᠠᠲᠠᠪᠤᠷᠢᠯᠠᠬᠤ᠂ ᠥᠷᠲᠡᠭ ᠤᠨ ᠨᠡᠮᠡᠭᠳᠡᠯ ᠭᠠᠶᠢᠯᠢ᠂ ᠡᠵᠡᠩᠨᠡᠯᠲᠡ ᠶᠢᠨ ᠭᠠᠶᠢᠯᠢ᠂ ᠰᠤᠷᠭᠠᠨ | ᠬᠦᠮᠦᠵᠢᠯ ᠤᠨ ᠰᠦᠢᠳᠭᠡᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠦᠮᠦᠵᠢᠯ ᠤᠨ ᠨᠡᠮᠡᠯᠲᠡ᠂ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠦᠩᠭᠦ᠂ ᠰᠤᠶᠤᠯ ᠤᠨ ᠠᠵᠢᠯ ᠦᠢᠯᠡᠰ ᠤᠨ | ᠪᠠᠶᠢᠭᠤᠯᠤᠯᠲᠠ ᠶᠢᠨ ᠰᠦᠢᠳᠭᠡᠯ᠂ ᠵᠡᠮᠳᠡᠭᠴᠦᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢᠨ ᠮᠦᠩᠭᠦ ᠶᠢ | ᠲᠠᠲᠠᠪᠤᠷᠢᠯᠠᠬᠤ ᠠᠴᠠ ᠬᠡᠯᠲᠦᠷᠢᠭᠦᠯᠬᠦ ᠵᠡᠷᠭᠡ ᠭᠠᠶᠢᠯᠢ ᠰᠦᠢᠳᠭᠡᠯ ᠬᠠᠰᠤᠵᠤ ᠬᠡᠯᠲᠦᠷᠢᠭᠦᠯᠬᠦ ᠪᠠ ᠠᠵᠢᠯ | ᠠᠯᠳᠠᠭᠰᠠᠳ ᠤᠨ ᠳᠠᠭᠠᠳᠬᠠᠯ ᠤᠨ ᠰᠦᠢᠳᠭᠡᠯ ᠨᠤᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ | ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠨᠢᠭᠲᠠ ᠬᠠᠮᠵᠢᠯᠴᠠᠨ᠂ ᠳᠡᠭᠡᠷ᠎ᠡ ᠳᠤᠷᠠᠳᠤᠭᠰᠠᠨ ᠲᠥᠷᠥ ᠶᠢᠨ | ᠪᠣᠳᠣᠯᠭ᠎ᠠ ᠶᠢᠨ ᠲᠣᠭᠲᠠᠭᠠᠯ ᠪᠣᠯᠣᠨ ︽ᠭᠠᠶᠢᠯᠢ ᠶᠢᠨ ᠣᠷᠣᠯᠭ᠎ᠠ ᠵᠡᠷᠭᠡ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ | ᠬᠠᠮᠢᠶ᠎ᠠ ᠪᠦᠬᠦᠢ ᠵᠦᠢᠯᠡᠰ ᠤᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ | ᠲᠠᠷᠬᠠᠭᠠᠭᠰᠠᠨ ﹇2015﹈ 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ | ᠪᠣᠲᠠᠲᠠᠶᠢᠵᠢᠭᠤᠯᠬᠤ ᠶᠢᠨ ᠬᠠᠮᠲᠤ᠂ ᠪᠤᠲᠠᠳᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠢ᠃ | ︵ᠠᠷᠪᠠᠨ ᠵᠢᠷᠭᠤᠭ᠎ᠠ︶ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠡᠳ᠋ ᠤᠨ ᠵᠠᠰᠠᠭ ᠤᠨ ᠪᠡᠯᠡ ᠮᠦᠩᠭᠦ ᠶᠢᠨ ᠬᠦᠰᠢᠭᠦᠷᠭᠡ ᠶᠢᠨ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠳᠤ ᠡᠳ᠋ ᠤᠨ ᠵᠠᠰᠠᠭ ᠤᠨ ᠳᠡᠮᠵᠢᠯᠭᠡ ᠶᠢᠨ | ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠤᠲᠤᠭ ᠲᠠᠭᠠᠨ ᠪᠣᠴᠠᠭᠰᠠᠨ ᠲᠠᠷᠢᠶᠠᠴᠢᠨ ᠬᠦᠴᠦ ᠶᠠᠪᠤᠭᠰᠠᠳ ᠵᠡᠷᠭᠡ | ᠬᠦᠮᠦᠰ ᠤᠨ ᠡᠭᠦᠳᠦᠨ ᠪᠠᠶᠢᠭᠤᠯᠤᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ | ᠴᠣᠭᠴᠠ ᠨᠢ ᠲᠠᠷᠢᠶᠠᠯᠠᠩ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠪᠠᠷ ᠳᠡᠮᠵᠢᠬᠦ ᠨᠦᠬᠦᠴᠡᠯ ᠳᠤ ᠨᠡᠶᠢᠴᠡᠭᠰᠡᠨ | ᠪᠠᠶᠢᠪᠠᠯ᠂ ᠲᠣᠭᠲᠠᠭᠠᠯ ᠶᠤᠰᠤᠭᠠᠷ ᠵᠣᠬᠢᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠮᠳᠤ ᠳᠤᠨᠢ ᠬᠦᠷᠲᠡᠭᠡᠬᠦ | ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠡᠭᠦᠳᠦᠨ | ᠪᠠᠶᠢᠭᠤᠯᠤᠭᠰᠠᠨ ᠠᠵᠤ ᠠᠬᠤᠶᠢᠯᠠᠯ ᠨᠢ ᠠᠵᠢᠯ ᠣᠯᠬᠤ ᠳᠤ ᠬᠦᠴᠢᠷᠳᠡᠯᠲᠡᠢ ᠬᠦᠮᠦᠰ᠂ ᠲᠡᠭᠦᠰᠬᠦ ᠣᠨ ᠤ ᠳᠡᠭᠡᠳᠦ | ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠪᠠᠶᠢᠪᠠᠯ᠂ ᠲᠣᠭᠲᠠᠭᠠᠯ ᠶᠤᠰᠤᠭᠠᠷ ᠨᠡᠶᠢᠭᠡᠮ ᠤᠨ ᠳᠠᠭᠠᠳᠬᠠᠯ ᠤᠨ | ᠨᠦᠬᠦᠪᠦᠷᠢ ᠣᠯᠭᠤᠬᠤ ᠬᠡᠷᠡᠭᠲᠡᠢ᠃ ᠠᠵᠢᠯ ᠣᠯᠬᠤ ᠳᠤ ᠬᠦᠴᠢᠷᠳᠡᠯᠲᠡᠢ ᠬᠦᠮᠦᠰ ᠤᠨ ᠨᠦᠬᠦᠴᠡᠯ ᠳᠤ ᠨᠡᠶᠢᠴᠡᠵᠦ᠂ | ᠠᠮᠢᠳᠤᠯᠢᠭ ᠢᠶᠠᠷ ᠠᠵᠢᠯ ᠣᠯᠭᠤᠬᠤ ᠶᠢ ᠡᠷᠬᠢᠯᠡᠭᠰᠡᠨ ᠪᠠᠶᠢᠪᠠᠯ᠂ ᠵᠣᠬᠢᠬᠤ ᠨᠡᠶᠢᠭᠡᠮ ᠤᠨ ᠳᠠᠭᠠᠳᠬᠠᠯ ᠤᠨ ᠨᠦᠬᠦᠪᠦᠷᠢ | ᠣᠯᠭᠤᠬᠤ ᠬᠡᠷᠡᠭᠲᠡᠢ᠃ ᠡᠯ᠎ᠡ ᠵᠦᠢᠯ ᠤᠨ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠬᠠᠷᠠᠭᠠᠯᠵᠠᠯ ᠦᠵᠡᠭᠦᠯᠬᠦ ᠪᠡᠯᠡ | ᠮᠦᠩᠭᠦ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢᠨ ᠪᠡᠯᠡ ᠮᠦᠩᠭᠦ ᠵᠡᠷᠭᠡ ᠪᠤᠰᠤᠳ ᠲᠡᠳᠭᠦᠬᠦ | ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠨᠦᠬᠦᠴᠡᠯ ᠢ ᠪᠦᠷᠢᠳᠦᠭᠦᠯᠦᠭᠰᠡᠨ ᠪᠠᠶᠢᠪᠠᠯ᠂ ᠲᠡᠳᠬᠦᠬᠦ ᠬᠡᠪᠴᠢᠶᠡᠨ ᠳᠤ | ᠴᠠᠭ ᠲᠣᠬᠠᠢ ᠳᠤᠨᠢ ᠣᠷᠤᠭᠤᠯᠵᠤ᠂ ᠭᠤᠶᠤᠴᠢᠯᠠᠬᠤ ᠳᠡᠰ ᠳᠠᠷᠠᠭᠠᠯᠠᠯ ᠢ ᠳᠦᠭᠦᠮ ᠳᠦᠳᠡ ᠪᠣᠯᠭᠠᠨ᠂ ᠬᠢᠨᠠᠨ | ᠵᠥᠪᠰᠢᠶᠡᠷᠡᠬᠦ ᠶᠠᠪᠤᠴᠠ ᠶᠢ ᠳᠦᠭᠦᠮᠴᠢᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠬᠦᠷᠲᠡᠭᠴᠢ ᠶᠢᠨ ᠮᠡᠳᠡᠭᠡ | ᠵᠠᠩᠭᠢ ᠶᠢ ᠰᠦᠯᠵᠢᠶᠡᠯᠡᠨ ᠪᠠᠶᠢᠴᠠᠭᠠᠵᠤ ᠰᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠠᠵᠤ | ᠦᠢᠯᠡᠳᠪᠦᠷᠢ ᠬᠤᠳᠠᠯᠳᠤᠭ᠎ᠠ ᠪᠠᠷ ᠲᠡᠮᠲᠡᠭᠯᠡᠨ ᠳᠠᠩᠰᠠᠯᠠᠭᠤᠯᠤᠭᠰᠠᠨ ᠰᠦᠯᠵᠢᠶᠡᠲᠦ ᠬᠤᠳᠠᠯᠳᠤᠭ᠎ᠠ ᠡᠷᠬᠢᠯᠡᠭᠰᠡᠳ ᠲᠤ | ᠡᠯ᠎ᠡ ᠵᠦᠢᠯ ᠤᠨ ᠠᠵᠢᠯ ᠣᠯᠵᠣ ᠠᠳᠠᠯ ᠦᠢᠯᠡᠰ ᠴᠣᠭᠴᠠᠯᠠᠬᠤ ᠶᠢᠨ ᠲᠡᠳᠭᠦᠬᠦ ᠲᠥᠷᠥ ᠶᠢᠨ ᠪᠣᠳᠣᠯᠭ᠎ᠠ ᠶᠢ | ᠬᠠᠮᠲᠤ ᠳᠤᠨᠢ ᠬᠦᠷᠲᠡᠭᠡᠨ᠎ᠡ︔ ᠠᠵᠤ ᠦᠢᠯᠡᠳᠪᠦᠷᠢ ᠬᠤᠳᠠᠯᠳᠤᠭ᠎ᠠ ᠪᠠᠷ ᠦᠯᠦ ᠲᠡᠮᠲᠡᠭᠯᠡᠨ ᠳᠠᠩᠰᠠᠯᠠᠭᠤᠯᠤᠭᠰᠠᠨ | ᠰᠦᠯᠵᠢᠶᠡᠲᠦ ᠬᠤᠳᠠᠯᠳᠤᠭ᠎ᠠ ᠡᠷᠬᠢᠯᠡᠭᠰᠡᠳ ᠢ ᠠᠮᠢᠳᠤᠯᠢᠭ ᠢᠶᠠᠷ ᠠᠵᠢᠯ ᠣᠯᠭᠤᠭᠰᠠᠨ ᠬᠦᠮᠦᠰ ᠭᠡᠵᠦ | ᠮᠠᠭᠠᠳᠯᠠᠭᠤᠯᠤᠭᠰᠠᠨ ᠪᠠᠶᠢᠪᠠᠯ᠂ ᠠᠮᠢᠳᠤᠯᠢᠭ ᠢᠶᠠᠷ ᠠᠵᠢᠯ ᠣᠯᠬᠤ ᠬᠦᠮᠦᠰ ᠤᠨ ᠲᠡᠳᠬᠦᠬᠦ ᠲᠥᠷᠥ ᠶᠢᠨ ᠪᠣᠳᠣᠯᠭ᠎ᠠ ᠶᠢ | ᠬᠠᠮᠲᠤ ᠳᠤᠨᠢ ᠬᠦᠷᠲᠡᠭᠡᠬᠦ ᠬᠡᠷᠡᠭᠲᠡᠢ᠃ | ︵ᠠᠷᠪᠠᠨ ᠳᠣᠯᠤᠭ᠎ᠠ︶ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠢ᠃ ᠵᠠᠰᠠᠭ ᠤᠨ ᠣᠷᠳᠤᠨ ᠢᠶᠠᠷ ᠬᠦᠲᠦᠯᠦᠨ ᠵᠢᠯᠤᠭᠤᠳᠬᠤ ᠶᠢ | ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢᠨ ᠲᠦᠷᠦᠯ ᠤᠨ ᠰᠠᠭᠤᠷᠢ ᠮᠦᠩᠭᠦ ᠶᠢ | ᠬᠡᠷᠡᠭᠯᠡᠨ᠂ ᠨᠡᠶᠢᠭᠡᠮ ᠤᠨ ᠬᠦᠷᠦᠩᠭᠡ ᠮᠦᠩᠭᠦ ᠶᠢ ᠲᠠᠲᠠᠵᠤ ᠪᠠᠶᠢᠭᠠᠳ ᠲᠠᠷᠢᠶᠠᠴᠢᠨ ᠬᠦᠴᠦ ᠶᠠᠪᠤᠭᠰᠠᠳ ᠵᠡᠷᠭᠡ | ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢᠨ ᠠᠩᠬ᠎ᠠ ᠴᠣᠭᠴᠠᠯᠠᠬᠤ ᠬᠤᠭᠤᠴᠠᠭ᠎ᠠ᠂ | ᠡᠬᠢᠨ ᠤ ᠪᠠ ᠳᠤᠮᠳᠠ ᠬᠤᠭᠤᠴᠠᠭᠠᠨ ᠳᠠᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠨᠢ ᠨᠡᠯᠢᠶᠡᠳ ᠲᠦᠪᠯᠡᠷᠡᠩᠭᠦᠢ᠂ ᠠᠵᠤ ᠦᠢᠯᠡᠰ ᠤᠨ | ᠣᠨᠴᠠᠯᠢᠭ ᠢᠶᠠᠷ ᠳᠤᠪᠤᠶᠢᠮ᠎ᠠ ᠪᠠᠶᠢᠭ᠎ᠠ ᠭᠠᠵᠠᠷ ᠣᠷᠣᠨ ᠳᠤ ᠲᠤᠰᠬᠠᠢ ᠵᠦᠢᠯ ᠤᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠨᠡᠶᠢᠯᠡᠮᠡᠯ ᠵᠢᠭᠡᠯᠡᠯᠭᠡ ᠶᠢᠨ ᠲᠡᠮᠲᠡᠭᠲᠦ᠂ ᠺᠤᠮᠫᠠᠨᠢ ᠶᠢᠨ ᠵᠢᠭᠡᠯᠡᠯᠭᠡ ᠶᠢᠨ ᠲᠡᠮᠲᠡᠭᠲᠦ ᠶᠢ ᠰᠦᠪᠡᠭᠴᠢᠯᠡᠨ | ᠲᠠᠷᠬᠠᠭᠠᠵᠤ᠂ ᠰᠲ᠋ᠣᠺ ᠤᠨ ᠡᠷᠬᠡ ᠪᠠᠷ ᠣᠯᠠᠨ ᠢᠶᠠᠷ ᠢᠶᠠᠨ ᠪᠡᠯᠡ ᠲᠣᠬᠢᠷᠠᠭᠤᠯᠭ᠎ᠠ ᠬᠢᠬᠦ ᠲᠣᠷᠰᠢᠯᠲᠠ ᠶᠢᠨ ᠴᠢᠬ ᠢ | ᠦᠷᠨᠢᠭᠦᠯᠦᠨ᠂ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠭᠡᠬᠦ ᠬᠡᠷᠡᠭᠲᠡᠢ᠃ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠳᠤ ᠮᠦᠩᠭᠦᠨ ᠭᠦᠢᠯᠭᠡᠭᠡᠨ ᠤ ᠬᠦᠳᠡᠬᠦ᠋ᠢᠴᠡ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠤᠰᠬᠤᠨ ᠪᠠᠯᠭᠠᠰᠤ ᠶᠢᠨ ᠪᠠᠩᠭᠢ᠂ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ | ᠳᠤᠮᠳᠠ ᠵᠢᠵᠢᠭ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠵᠡᠷᠭᠡ | ᠪᠠᠶᠢᠭᠤᠯᠤᠮᠵᠢ ᠶᠢ ᠲᠦᠷᠭᠡᠳᠭᠡᠨ ᠬᠥᠭᠵᠢᠭᠦᠯᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ | ᠢᠳᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠪᠠᠷᠢᠴᠠᠭᠠᠯᠠᠬᠤ ᠡᠳ᠋ ᠪᠤᠳᠠᠰ ᠤᠨ | ᠬᠡᠪᠴᠢᠶ᠎ᠡ ᠶᠢ ᠥᠷᠭᠡᠳᠭᠡᠵᠦ᠂ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ | ᠠᠳᠠᠯ ᠦᠢᠯᠡᠰ ᠴᠣᠭᠴᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠲᠤ ᠨᠡᠶᠢᠴᠡᠭᠰᠡᠨ ᠮᠦᠩᠭᠦᠨ ᠭᠦᠢᠯᠭᠡᠭᠡᠨ ᠤ | ᠨᠡᠷᠡᠳᠭᠦᠨ ᠪᠣᠯᠣᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠪᠠᠩᠭᠢ ᠶᠢᠨ ᠦᠢᠯᠡᠰ ᠮᠦᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠨᠡᠭᠡᠭᠡᠨ ᠬᠥᠭᠵᠢᠭᠦᠯᠬᠦ ᠶᠢ ᠵᠣᠷᠢᠬᠵᠢᠭᠤᠯᠤᠨ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠳᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ ᠪᠠ ᠦᠢᠯᠡᠴᠢᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ | ᠬᠦᠳᠡᠭᠡ ᠲᠤᠰᠬᠤᠨ ᠤ ᠲᠦᠭᠡᠮᠡᠯ ᠬᠠᠷᠠᠭᠠᠯᠵᠠᠯᠲᠤ ᠮᠦᠩᠭᠦᠨ ᠭᠦᠢᠯᠭᠡᠭᠡ ᠶᠢ ᠶᠡᠬᠡᠪᠡᠷ ᠬᠥᠭᠵᠢᠭᠦᠯᠵᠦ᠂ | ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢᠨ ᠣᠷᠤᠭᠤᠯᠤᠯᠲᠠ ᠶᠢ ᠬᠦᠲᠦᠯᠦᠨ ᠵᠢᠯᠤᠭᠤᠳᠴᠤ ᠨᠡᠮᠡᠭᠳᠡᠭᠦᠯᠦᠨ | ᠂ ᠮᠦᠩᠭᠦᠨ ᠭᠦᠢᠯᠭᠡᠭᠡᠨ ᠤ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠳ ᠤᠨ ᠬᠥᠭᠵᠢᠯᠲᠡ ᠳᠤ ᠦᠢᠯᠡᠴᠢᠯᠡᠬᠦ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠯᠡᠵᠦ ᠪᠠᠶᠢᠭᠠᠳ ᠲᠠᠷᠢᠶᠠᠴᠢᠨ ᠬᠦᠴᠦ | ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠬᠡᠷᠡᠭᠲᠡᠢ᠃ | ᠠᠳᠠᠯ ᠦᠢᠯᠡᠰ ᠴᠣᠭᠴᠠᠯᠠᠬᠤ ᠳᠠᠭᠠᠭᠠᠯᠲᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠵᠢᠭᠡᠯᠡᠯᠭᠡ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ᠂ ᠨᠦᠬᠦᠴᠡᠯ ᠳᠤ ᠨᠡᠶᠢᠴᠡᠭᠰᠡᠨ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠲᠤ ᠲᠣᠭᠲᠠᠭᠠᠯ ᠶᠤᠰᠤᠭᠠᠷ ᠠᠳᠠᠯ ᠦᠢᠯᠡᠰ ᠴᠣᠭᠴᠠᠯᠠᠬᠤ | ᠳᠠᠭᠠᠭᠠᠯᠲᠠᠲᠤ ᠵᠢᠭᠡᠯᠡᠯᠭᠡ ᠶᠢ ᠣᠯᠭᠤᠵᠣ ᠪᠣᠯᠣᠨ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠲᠣᠭᠲᠠᠭᠠᠯ | ᠶᠤᠰᠤᠭᠠᠷ ᠵᠢᠭᠡᠯᠡᠯᠭᠡ ᠶᠢᠨ ᠳᠠᠮ ᠬᠦᠦ ᠥᠭᠬᠦ ᠳᠤ ᠬᠡᠷᠡᠭᠰᠡᠬᠦ ᠪᠡᠯᠡ ᠮᠦᠩᠭᠦ ᠶᠢ ᠲᠣᠬᠢᠷᠠᠭᠤᠯᠬᠤ ᠬᠡᠷᠡᠭᠲᠡᠢ᠃ | ︵ᠠᠷᠪᠠᠨ ᠨᠠᠢᠮᠠ︶ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠳᠡᠮᠵᠢᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠪᠠᠶᠢᠭᠤᠯᠬᠤ ᠪᠡᠯᠡ ᠮᠦᠩᠭᠦ ᠶᠢ ᠪᠣᠯ ᠪᠦᠲᠦᠭᠡᠨ ᠪᠠᠶᠢᠭᠤᠯᠬᠤ | ᠲᠠᠯ᠎ᠠ ᠠᠴᠠ ᠦᠪᠡᠷᠰᠡᠳ ᠢᠶᠠᠨ ᠴᠤᠭᠯᠠᠭᠤᠯᠤᠨ᠎ᠠ︔ ᠭᠠᠵᠠᠷ ᠰᠢᠷᠤᠢ ᠳᠦᠷᠢᠶᠡᠰᠦᠯᠡᠭᠦᠯᠬᠦ ᠠᠷᠭ᠎ᠠ ᠮᠠᠶ᠋ᠢᠭ ᠢᠶᠠᠷ | ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠢ | ᠪᠦᠲᠦᠭᠡᠨ ᠪᠠᠶᠢᠭᠤᠯᠬᠤ ᠳᠤ᠂ ᠪᠣᠢ ᠪᠣᠯᠣᠭᠰᠠᠨ ᠲᠣᠭᠲᠠᠮᠠᠯ ᠡᠳ᠋ ᠬᠦᠷᠦᠩᠭᠡ ᠶᠢ ᠨᠢ ᠪᠦᠲᠦᠭᠡᠨ ᠪᠠᠶᠢᠭᠤᠯᠤᠭᠰᠠᠨ | ᠲᠠᠯ᠎ᠠ ᠳᠤ ᠦᠮᠴᠢᠯᠡᠭᠳᠡᠨ᠎ᠡ︔ ᠠᠳᠠᠯ ᠠᠬᠤᠢ ᠶᠢᠨ ᠡᠵᠡᠩᠨᠡᠯᠳᠡ ᠶᠢᠨ ᠠᠰᠢᠭ ᠣᠷᠤᠯᠭ᠎ᠠ ᠶᠢ ᠪᠣᠯ ᠬᠠᠮᠢᠶ᠎ᠠ ᠪᠦᠬᠦᠢ | ᠡᠯ᠎ᠡ ᠡᠲᠡᠭᠡᠳ ᠤᠨ ᠭᠡᠷ᠎ᠡ ᠶᠤᠰᠤᠭᠠᠷ ᠬᠤᠪᠢᠶᠠᠷᠢᠯᠠᠬᠤ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ ᠤᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠢ ᠡᠮᠬᠢᠯᠡᠨ ᠨᠠᠶᠢᠯᠡᠭᠦᠯᠵᠦ ᠬᠥᠭᠵᠢᠭᠦᠯᠬᠦ ᠳᠤ | ᠣᠷᠣᠨ ᠨᠤᠲᠤᠭ ᠤᠨ ᠵᠠᠰᠠᠭ ᠤᠨ ᠣᠷᠳᠤᠨ ᠨᠤᠭᠤᠳ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ ᠶᠡᠷᠦᠩᠬᠡᠢ | ᠬᠡᠪᠴᠢᠶ᠎ᠡ ᠶᠢ ᠦᠯᠦ ᠨᠡᠮᠡᠭᠳᠡᠭᠦᠯᠬᠦ᠂ ᠲᠤᠰᠬᠠᠢ ᠪᠡᠯᠡ ᠮᠦᠩᠭᠦ ᠶᠢᠨ ᠬᠡᠷᠡᠭᠴᠡᠭᠡ ᠶᠢ ᠦᠯᠦ ᠬᠤᠪᠢᠷᠠᠭᠤᠯᠬᠤ ᠤᠷᠢᠳᠠᠯ | ᠳᠣᠣᠷ᠎ᠠ᠂ ᠵᠠᠷᠤᠯᠭ᠎ᠠ ᠶᠢᠨ ᠪᠦᠲᠦᠴᠡ ᠶᠢ ᠵᠦᠢ ᠵᠣᠬᠢᠰᠲᠠᠢ ᠲᠣᠬᠢᠷᠠᠭᠤᠯᠵᠤ᠂ ᠵᠣᠬᠢᠬᠤ ᠡᠳ᠋ ᠤᠨ ᠵᠠᠰᠠᠭ ᠢᠶᠠᠷ | ᠬᠦᠲᠦᠯᠦᠨ ᠵᠢᠯᠤᠭᠤᠳᠬᠤ ᠪᠡᠯᠡ ᠮᠦᠩᠭᠦ ᠶᠢ ᠲᠣᠬᠢᠷᠠᠭᠤᠯᠤᠨ᠂ ᠪᠡᠯᠡ ᠣᠷᠤᠭᠤᠯᠤᠯᠲᠠ ᠶᠢᠨ ᠨᠦᠬᠦᠪᠦᠷᠢ᠂ | ᠵᠢᠭᠡᠯᠡᠯᠭᠡ ᠶᠢᠨ ᠳᠠᠮ ᠬᠦᠦ ᠥᠭᠬᠦ ᠵᠡᠷᠭᠡ ᠵᠣᠬᠢᠰᠲᠠᠢ ᠠᠷᠭ᠎ᠠ ᠮᠠᠶ᠋ᠢᠭ ᠢᠶᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ | ᠣᠯᠭᠤᠬᠤ ᠬᠡᠷᠡᠭᠲᠡᠢ᠃ ᠪᠠᠩᠭᠢ ᠶᠢᠨ ᠦᠢᠯᠡᠰ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠬᠵᠢᠭᠤᠯᠤᠨ | ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠭᠰᠡᠨ ᠰᠠᠭᠤᠷᠢᠨ ᠳᠡᠭᠡᠷ᠎ᠡ᠂ ᠮᠦᠩᠭᠦᠨ ᠭᠦᠢᠯᠭᠡᠭᠡᠨ ᠤ ᠨᠡᠷᠡᠳᠭᠦᠨ ᠪᠣᠯᠣᠨ | ᠦᠢᠯᠡᠴᠢᠯᠡᠭᠡᠨ ᠤ ᠠᠷᠭ᠎ᠠ ᠮᠠᠶ᠋ᠢᠭ ᠳᠤ ᠢᠳᠡᠪᠬᠢᠲᠡᠢ ᠰᠢᠨ᠎ᠡ ᠶᠢ ᠡᠭᠦᠳᠴᠦ᠂ ᠲᠠᠷᠢᠶᠠᠴᠢᠨ ᠬᠦᠴᠦ ᠶᠠᠪᠤᠭᠰᠠᠳ ᠤᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠭᠡᠮᠵᠢ ᠶᠢ | ᠪᠦᠲᠦᠭᠡᠨ ᠪᠠᠶᠢᠭᠤᠯᠬᠤ ᠪᠠ ᠠᠵᠤ ᠦᠢᠯᠡᠰ ᠢ ᠪᠦᠭᠡᠭᠡᠨᠡᠷᠡᠨ ᠬᠥᠭᠵᠢᠭᠦᠯᠬᠦ ᠵᠡᠷᠭᠡ ᠲᠠᠯ᠎ᠠ ᠳᠤ ᠮᠦᠩᠭᠦᠨ | ᠭᠦᠢᠯᠭᠡᠭᠡ ᠪᠠᠷ ᠳᠡᠮᠵᠢᠬᠦ ᠪᠠᠨ ᠨᠡᠮᠡᠭᠳᠡᠭᠦᠯᠬᠦ ᠬᠡᠷᠡᠭᠲᠡᠢ᠃ ᠬᠤᠯᠪᠤᠭᠳᠠᠯ ᠪᠦᠬᠦᠢ ᠲᠠᠯ᠎ᠠ ᠠᠴᠠ ᠵᠣᠬᠢᠬᠤ ᠲᠦᠷᠦᠯ | ᠵᠦᠢᠯ ᠢ ᠲᠣᠬᠢᠷᠠᠭᠤᠯᠤᠨ ᠠᠵᠢᠯ ᠲᠦᠷᠦᠯ ᠢᠶᠠᠷ ᠢᠶᠠᠨ ᠳᠡᠮᠵᠢᠵᠦ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠬᠦᠷᠢᠶᠡᠯᠡᠩ ᠢ ᠬᠠᠪᠰᠤᠷᠴᠤ ᠪᠠᠶᠢᠭᠠᠳ ᠤᠰᠤ᠂ ᠴᠠᠬᠢᠯᠭᠠᠨ᠂ ᠵᠠᠮ ᠬᠠᠷᠢᠯᠴᠠᠭ᠎ᠠ᠂ ᠪᠠᠷᠠᠭᠠᠨ ᠤ | ᠭᠦᠢᠯᠭᠡᠭᠡ᠂ ᠴᠢᠮᠡᠭᠡ ᠬᠤᠯᠪᠣᠭ᠎ᠠ᠂ ᠥᠷᠭᠡᠨ ᠪᠦᠰᠡᠲᠦ ᠰᠦᠯᠵᠢᠶ᠎ᠡ ᠵᠡᠷᠭᠡ ᠰᠠᠭᠤᠷᠢ ᠪᠡᠯᠡᠳᠭᠡᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠬᠡᠷᠡᠭᠯᠡᠬᠦ | ᠴᠠᠬᠢᠯᠭᠠᠨ᠂ ᠤᠰᠤ᠂ ᠭᠠᠵᠠᠷ ᠰᠢᠷᠤᠢ ᠶᠢᠨ ᠪᠠᠷᠢᠮᠵᠢᠶ᠎ᠠ ᠶᠢ ᠵᠣᠬᠢᠰᠲᠠᠢ ᠠᠭᠤᠵᠢᠭᠤ ᠲᠠᠯᠪᠢᠵᠤ᠂ ᠨᠡᠩ ᠣᠯᠠᠨ | ᠨᠤᠲᠤᠭ ᠲᠠᠭᠠᠨ ᠪᠣᠴᠠᠭᠰᠠᠨ ᠬᠦᠮᠦᠰ ᠢ ᠬᠦᠷᠢᠶᠡᠯᠡᠩ ᠳᠤ ᠣᠷᠣᠵᠤ ᠠᠳᠠᠯ ᠦᠢᠯᠡᠰ ᠴᠣᠭᠴᠠᠯᠠᠭᠤᠯᠬᠤ ᠪᠠᠷ ᠲᠠᠲᠠᠬᠤ | ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠠᠷᠪᠠ ᠶᠢᠰᠦ︶ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠦᠴᠢᠷ ᠤᠳ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ | ᠲᠣᠭᠲᠠᠴᠠ ᠶᠢ ᠪᠦᠷᠢᠨᠰᠢᠭᠦᠯᠦᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠵᠤ᠂ ᠳᠦᠬᠦᠷᠵᠢᠭᠦᠯᠬᠦ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠠᠵᠢᠯ ᠤᠨ ᠠᠬᠢᠴᠠ ᠶᠢ ᠮᠦᠷᠳᠡᠵᠦ᠂ ᠲᠣᠷᠰᠢᠯᠭ᠎ᠠ ᠪᠠᠨ ᠴᠠᠭ | ᠲᠣᠬᠠᠢ ᠳᠤᠨᠢ ᠳ᠋ᠦᠩᠨᠡᠨ ᠳᠡᠯᠭᠡᠷᠡᠭᠦᠯᠵᠦ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠰᠤᠳᠤᠯᠤᠨ | ᠰᠢᠢᠳᠪᠦᠷᠢᠯᠡᠬᠦ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠶᠢ ᠳᠡᠮᠵᠢᠬᠦ ᠳᠤ ᠵᠠᠩᠬᠢᠯᠠᠭ᠎ᠠ ᠨᠢ ᠣᠷᠣᠨ ᠨᠤᠲᠤᠭ ᠲᠤ ᠪᠣᠢ᠃ ᠡᠯ᠎ᠡ ᠭᠠᠵᠠᠷ ᠢᠯᠠᠩᠭᠤᠶ᠎ᠠ | ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠨᠤᠭᠤᠳ ᠠᠵᠤ ᠦᠢᠯᠡᠰ ᠤᠨ ᠰᠢᠯᠵᠢᠯᠲᠡ ᠪᠠ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢ ᠠᠬᠢᠭᠤᠯᠬᠤ ᠪᠣᠲᠠᠲᠠᠢ ᠬᠡᠷᠡᠭᠴᠡᠭᠡ ᠲᠠᠢ ᠪᠠᠨ ᠤᠶᠠᠯᠳᠤᠭᠤᠯᠤᠨ᠂ ᠨᠡᠩ ᠢᠯᠡᠭᠦᠦ | ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠠᠷᠢᠶᠠᠴᠢᠨ ᠬᠦᠴᠦ | ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠨᠢᠭᠲᠠ ᠬᠠᠮᠵᠢᠯᠴᠠᠨ᠂ ︽ᠲᠠᠷᠢᠶᠠᠴᠢᠨ | ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ | ᠵᠣᠷᠢᠬᠵᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢᠨ ᠲᠣᠪᠴᠢ ︵2015 — 2017 ᠣᠨ︶ | ︾ ︵ᠳᠠᠭᠠᠯᠳᠤᠭᠤᠯᠤᠯ ᠳᠤ ᠦᠵᠡ︶ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠵᠤ᠂ ᠴᠠᠭ ᠤᠨ | ᠠᠬᠢᠴᠠ ᠶᠢ ᠲᠤᠳᠤᠷᠬᠠᠶᠢᠯᠠᠨ᠂ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠠᠵᠢᠯ ᠤᠨ ᠪᠤᠳᠠᠳᠤ ᠦᠷ᠎ᠡ | ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠷᠢ︶ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠷᠠᠭᠤᠯᠬᠤ ᠬᠡᠷᠡᠭᠲᠡᠢ᠃ ᠤᠯᠤᠰ ᠤᠨ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠡᠷᠦᠩᠬᠡᠶᠢᠯᠡᠭᠰᠡᠨ ᠲᠣᠷᠰᠢᠯᠲᠠ ᠶᠢᠨ ᠴᠢᠬ ᠪᠣᠯᠬᠤ ᠬᠤᠲᠠ ᠪᠣᠯᠣᠨ | ᠳᠤᠮᠳᠠ ᠪᠠᠭ᠎ᠠ ᠬᠤᠲᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠪᠣᠯᠬᠤ ᠬᠤᠲᠠ ᠲᠠᠢ | ᠤᠶᠠᠯᠳᠤᠭᠤᠯᠤᠨ ᠲᠣᠷᠰᠢᠯᠲᠠ ᠶᠢᠨ ᠴᠢᠬ ᠤᠨ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠠᠳᠠᠯ ᠦᠢᠯᠡᠰ | ᠴᠣᠭᠴᠠᠯᠠᠵᠤ ᠰᠢᠨ᠎ᠡ ᠡᠭᠦᠳᠦᠯᠲᠡ ᠲᠠᠢ ᠪᠠᠶᠢᠬᠤ ᠶᠢ ᠵᠣᠷᠢᠬᠵᠢᠭᠤᠯᠬᠤ ᠪᠠᠶᠢᠭᠤᠯᠤᠯ ᠤᠨ ᠲᠣᠭᠲᠠᠴᠠ ᠶᠢᠨ ᠣᠷᠴᠢᠨ | ᠲᠣᠭᠤᠷᠢᠨ ᠢ ᠰᠦᠪᠡᠭᠴᠢᠯᠡᠨ ᠰᠢᠯᠢᠳᠡᠭᠵᠢᠭᠦᠯᠵᠦ᠂ ᠠᠳᠠᠯ ᠦᠢᠯᠡᠰ ᠴᠣᠭᠴᠠᠯᠠᠬᠤ ᠶᠢᠨ ᠰᠠᠶᠢᠨ ᠰᠠᠶᠢᠬᠠᠨ ᠠᠮᠢ | ᠠᠬᠤᠢ ᠶᠢᠨ ᠰᠢᠰᠲ᠋ᠧᠮ ᠢ ᠪᠣᠢ ᠪᠣᠯᠭᠠᠬᠤ ᠬᠡᠷᠡᠭᠲᠡᠢ᠃ ᠦᠨᠳᠦᠰᠦᠲᠡᠨ ᠤ ᠤᠯᠠᠮᠵᠢᠯᠠᠯᠲᠤ ᠠᠵᠤ ᠦᠢᠯᠡᠰ ᠤᠨ ᠠᠳᠠᠯ | ᠦᠢᠯᠡᠰ ᠴᠣᠭᠴᠠᠯᠠᠬᠤ ᠨᠢᠭᠡ ᠪᠦᠯᠦᠭ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠶᠠᠨ ᠤ ᠳᠡᠰ ᠤᠨ ᠢᠨᠲ᠋ᠧᠷ | ᠰᠦᠯᠵᠢᠶ᠎ᠡ ᠪᠠᠷ ᠠᠳᠠᠯ ᠦᠢᠯᠡᠰ ᠴᠣᠭᠴᠠᠯᠠᠬᠤ ᠨᠢᠭᠡ ᠪᠦᠯᠦᠭ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ | ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ︵ᠬᠤᠷᠢᠨ ᠨᠢᠭᠡ︶ ᠤᠬᠠᠭᠤᠯᠵᠤ ᠬᠦᠲᠦᠯᠦᠨ ᠵᠢᠯᠤᠭᠤᠳᠬᠤ ᠶᠢ ᠰᠠᠶᠢᠲᠤᠷ ᠠᠳᠬᠤᠬᠤ ᠬᠡᠷᠡᠭᠲᠡᠢ᠃ ᠵᠥᠪ | ᠤᠳᠤᠷᠢᠳᠤᠮᠵᠢ ᠶᠢ ᠪᠠᠷᠢᠮᠲᠠᠯᠠᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠦᠮᠦᠰ ᠤᠨ ᠦᠵᠡᠵᠦ | ᠰᠣᠨᠢᠷᠬᠠᠬᠤ ᠳᠤᠷᠠᠲᠠᠢ ᠬᠡᠯᠪᠡᠷᠢ ᠪᠠᠷ ᠤᠬᠠᠭᠤᠯᠤᠨ ᠣᠶᠢᠯᠠᠭᠠᠭᠤᠯᠬᠤ ᠶᠢ ᠴᠢᠩᠭᠠᠳᠬᠠᠨ᠂ ᠸᠢᠴᠠᠲ ᠵᠡᠷᠭᠡ ᠰᠢᠯᠵᠢᠮᠡᠯ | ᠢᠨᠲ᠋ᠧᠷ ᠤᠨ ᠨᠡᠶᠢᠭᠡᠮ ᠤᠨ ᠬᠠᠷᠢᠯᠴᠠᠭᠠᠨ ᠤ ᠲᠡᠪᠴᠡᠩ ᠢ ᠭᠦᠢᠴᠡᠳ ᠠᠰᠢᠭᠯᠠᠨ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠰᠤᠯᠢᠯᠴᠠᠭᠠᠨ ᠤ ᠲᠡᠪᠴᠡᠩ ᠢ ᠪᠠᠶᠢᠭᠤᠯᠵᠤ ᠪᠠᠶᠢᠭᠠᠳ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠬᠦᠮᠦᠰ ᠢ ᠨᠢᠭᠲᠠᠷᠠᠭᠤᠯᠬᠤ ᠪᠠ ᠠᠳᠠᠯ ᠦᠢᠯᠡᠰ ᠴᠣᠭᠴᠠᠯᠠᠬᠤ ᠮᠡᠳᠡᠭᠡ ᠵᠠᠩᠭᠢ ᠶᠢ | ᠰᠤᠯᠢᠯᠴᠠᠬᠤ᠂ ᠠᠳᠠᠯ ᠦᠢᠯᠡᠰ ᠴᠣᠭᠴᠠᠯᠠᠬᠤ ᠲᠣᠷᠰᠢᠯᠭ᠎ᠠ ᠪᠠᠨ ᠬᠤᠪᠢᠶᠠᠯᠴᠠᠬᠤ᠂ ᠠᠳᠠᠯ ᠦᠢᠯᠡᠰ ᠴᠣᠭᠴᠠᠯᠠᠬᠤ | ᠲᠦᠷᠦᠯ ᠵᠦᠢᠯ ᠢ ᠳᠡᠯᠭᠡᠨ ᠦᠵᠡᠭᠦᠯᠬᠦ᠂ ᠠᠳᠠᠯ ᠦᠢᠯᠡᠰ ᠴᠣᠭᠴᠠᠯᠠᠬᠤ ᠬᠤᠳᠠᠯᠳᠤᠭᠠᠨ ᠤ ᠳᠣᠬᠢᠶᠠᠯ ᠢ ᠳᠡᠯᠭᠡᠷᠡᠭᠦᠯᠬᠦ | ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠰᠢᠯᠢᠳᠡᠭ | ᠨᠡᠶᠢᠲᠡᠯᠢᠭ ᠦᠢᠯᠡ ᠶᠠᠪᠤᠳᠠᠯ ᠢ ᠶᠡᠬᠡᠪᠡᠷ ᠤᠬᠠᠭᠤᠯᠵᠤ᠂ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ ᠠᠬᠢᠭᠤᠯᠬᠤ ᠨᠡᠶᠢᠭᠡᠮ ᠤᠨ ᠡᠯ᠎ᠡ ᠲᠠᠯ᠎ᠠ ᠶᠢᠨ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠠᠳᠠᠯ ᠦᠢᠯᠡᠰ ᠴᠤᠭᠴᠠᠯᠠᠬᠤ᠂ ᠠᠳᠠᠯ | ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠳᠠᠯ ᠦᠢᠯᠡᠰ ᠲᠡᠭᠡᠨ ᠪᠠᠶᠠᠷ ᠵᠢᠷᠭᠠᠯ ᠲᠠᠢ ᠪᠠᠶᠢᠬᠤ ᠰᠠᠶᠢᠨ ᠰᠠᠶᠢᠬᠠᠨ | ᠣᠷᠴᠢᠨ ᠲᠣᠭᠤᠷᠢᠨ ᠢ ᠬᠦᠴᠦᠯᠡᠨ ᠪᠣᠢ ᠪᠣᠯᠭᠠᠬᠤ ᠬᠡᠷᠡᠭᠲᠡᠢ᠃ | ᠳᠠᠭᠠᠯᠳᠤᠭᠤᠯᠤᠯ᠄ ᠲᠠᠷᠢᠶᠠᠴᠢᠨ ᠬᠦᠴᠦ ᠶᠠᠪᠤᠭᠰᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ | ᠦᠢᠯᠡᠰ ᠴᠣᠭᠴᠠᠯᠠᠬᠤ ᠶᠢ ᠵᠣᠷᠢᠬᠵᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢᠨ ᠲᠣᠪᠴᠢ ︵ | 2015 - 2017 ᠣᠨ︶ ︵ᠲᠣᠪᠴᠢᠯᠠᠪᠠ︶ | ︵ᠲᠤᠰ ᠪᠢᠴᠢᠭ ᠮᠠᠲ᠋ᠧᠷᠢᠶᠠᠯ ᠢ ᠢᠯᠡ ᠨᠠᠶᠢᠲᠡᠯᠡᠨᠡ︶ |