ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/1/26
     1 ᠳ᠋ᠦ᠋ᠭᠡᠷ ᠰᠠᠷ᠎ᠠ ᠶᠢᠨ 22᠎ ᠤᠨ ᠡᠳᠦᠷ᠂ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠠᠴᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠠᠵᠢᠯ ᠳᠤ ᠦᠭᠭᠦᠭᠰᠡᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ᠂ ᠪᠦᠬᠦ ᠣᠷᠣᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯᠳᠤᠭᠠᠨ᠂ ᠪᠦᠭᠦ ᠤᠯᠤᠰ ᠤᠨ ᠭᠠᠶᠢᠯᠢ ᠶᠢᠨ ᠶᠠᠪᠤᠳᠠᠯ ᠤᠨ ᠠᠵᠢᠯ ᠤᠨ ᠬᠤᠷᠠᠯᠳᠤᠭᠠᠨ ᠪᠠ ᠪᠦᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ 2015 ᠣᠨ ᠤ  ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠣᠳᠣᠬᠠᠨ ᠤ ᠭᠠᠶᠢᠯᠢ ᠲᠠᠲᠠᠪᠤᠷᠢ ᠶᠢᠨ ᠪᠠᠶᠢᠳᠠᠯ ᠢ ᠵᠠᠳᠠᠯᠤᠨ᠂ 2016 ᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠠᠪᠤᠳᠠᠯ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠡᠸ᠋ᠨ ᠬᠤᠢ ᠣᠷᠣᠨ ᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ︽ᠬᠠᠤᠯᠢ ᠶᠣᠰᠣᠭᠠᠷ ᠲᠠᠲᠠᠪᠤᠷᠢᠯᠠᠨ ᠬᠠᠮᠢᠶᠠᠷᠴᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠮᠠᠨ ᠤ ᠣᠷᠣᠨ ᠤ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠤᠶ᠎ᠠ︾ ᠭᠡᠰᠡᠨ ᠰᠡᠳᠦᠪ ᠢᠶᠠᠷ ᠠᠵᠢᠯ ᠤᠨ ᠢᠯᠡᠳᠬᠡᠯ ᠬᠢᠵᠦ᠂ 2015 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ  ᠂  ᠤᠳᠤᠬᠠᠨ ᠤ ᠭᠠᠶᠢᠯᠢ ᠲᠠᠲᠠᠪᠤᠷᠢ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ 2016 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号