| | 1 ᠳ᠋ᠦ᠋ᠭᠡᠷ ᠰᠠᠷ᠎ᠠ ᠶᠢᠨ 21 — 22 ᠤ ᠡᠳᠦᠷ᠂ ᠪᠦᠬᠦ ᠣᠷᠣᠨ ᠤ ᠦᠯᠦ ᠬᠥᠳᠡᠯᠬᠦ ᠬᠦᠷᠦᠩᠭᠡ ᠶᠢ | ᠳᠠᠩᠰᠠᠯᠠᠬᠤ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠪᠣᠯ᠂ | ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠠᠵᠢᠯ ᠤᠨ ᠬᠤᠷᠠᠯ ᠪᠠ ᠥᠪᠡᠷᠲᠡᠭᠡᠨ | ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽13᠂ 5︾ ᠶᠢᠨ ᠬᠤᠭᠤᠴᠠᠭ᠎ᠠ ᠪᠠ 2016 ᠣᠨ ᠤ ᠦᠯᠦ | ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ᠂ ᠭᠠᠵᠠᠷ ᠲᠠᠷᠢᠶᠠᠨ ᠤ ᠳᠠᠩᠰᠠ ᠶᠢᠨ ᠬᠠᠮᠢᠶᠠᠷᠤᠯᠲᠠ ᠶᠢᠨ | ᠠᠵᠢᠯ ᠢ ᠪᠠᠶᠢᠷᠢᠯᠠᠭᠤᠯᠬᠤ ᠶᠠᠪᠤᠳᠠᠯ ᠪᠣᠯᠤᠨ᠎ᠠ᠃ | ᠬᠤᠷᠠᠯ ᠳᠡᠭᠡᠷ᠎ᠡ ᠡᠯ᠎ᠡ ᠠᠶᠢᠮᠠᠭ ᠬᠤᠳᠠ ᠶᠢᠨ ᠲᠥᠯᠥᠭᠡᠯᠡᠭᠴᠢ ᠠᠴᠠ ᠲᠤᠰ ᠲᠤᠰ 2015 ᠣᠨ ᠤ ᠦᠯᠦ | ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠪᠠ ᠭᠠᠵᠠᠷ ᠲᠠᠷᠢᠶᠠᠨ ᠤ ᠳᠠᠩᠰᠠ ᠶᠢᠨ ᠬᠠᠮᠢᠶᠠᠷᠤᠯᠲᠠ ᠶᠢᠨ | ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠭᠰᠡᠨ ᠪᠦᠭᠡᠳ ᠳᠠᠷᠠᠭᠠᠴᠢ ᠶᠢᠨ ᠠᠯᠬᠤᠮ ᠤᠨ ᠠᠵᠢᠯ ᠤᠨ | ᠲᠤᠬᠢᠷᠠᠭᠤᠯᠤᠯᠳᠠ ᠪᠠ ᠰᠡᠳᠭᠢᠮᠵᠢ ᠪᠠᠨ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ | ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠵᠣᠣ ᠳ᠋ᠠ ᠶᠦᠩ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠡᠯ᠎ᠡ ᠠᠶᠢᠮᠠᠭ ᠬᠤᠳᠠ ᠶᠢᠨ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠣᠪᠴᠢᠶᠠᠨ ᠤ ᠬᠤᠪᠢᠳᠠᠨ | ᠬᠠᠮᠢᠶᠠᠷᠬᠤ ᠤᠳᠤᠷᠢᠳᠤᠯᠭ᠎ᠠ᠂ ᠭᠠᠵᠠᠷ ᠲᠠᠷᠢᠶᠠᠨ ᠤ ᠳᠠᠩᠰᠠ ᠶᠢᠨ ᠰᠠᠯᠠᠭᠠᠨ ᠳᠠᠷᠤᠭ᠎ᠠ᠂ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠲᠥᠪ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠲᠣᠪᠴᠢᠶ᠎ᠠ ︵ᠭᠠᠵᠠᠷ ᠲᠠᠷᠢᠶ᠎ᠠ ᠳᠠᠩᠰᠠᠯᠠᠬᠤ ᠭᠠᠵᠠᠷ︶᠂ ᠨᠥᠭᠡᠴᠡ ᠶᠢᠨ ᠠᠷᠠᠯᠵᠢᠶ᠎ᠠ | ᠳᠠᠩᠰᠠᠯᠠᠬᠤ ᠲᠥᠪ ᠪᠠ ᠲᠥᠯᠥᠪᠵᠢᠭᠦᠯᠭᠡ ᠶᠢᠨ ᠬᠦᠷᠢᠶᠡᠯᠡᠩ ᠤᠨ ᠬᠠᠮᠢᠶ᠎ᠠ ᠪᠦᠬᠦᠢ ᠠᠵᠢᠯᠲᠠᠨ ᠨᠡᠶᠢᠲᠡ 70 ᠭᠠᠷᠤᠶ | ᠬᠥᠮᠦᠨ ᠶᠠᠷᠢᠯᠴᠠᠬᠤ ᠬᠤᠷᠠᠯ ᠳᠤ ᠣᠷᠣᠯᠴᠠᠪᠠ᠃ | ᠳᠡᠳ᠋ ᠲᠣᠭᠤᠷᠢᠨ ᠪᠠᠶᠢᠴᠠᠭᠠᠭᠴᠢ ᠵᠤᠥ ᠳ᠋ᠠ ᠶᠥᠩ ᠶᠠᠷᠢᠶᠠᠨ ᠳᠠᠭᠠᠨ᠂ ᠶᠠᠭᠤᠨ ᠤ ᠡᠮᠦᠨ᠎ᠡ ᠪᠦᠬᠦ ᠣᠷᠣᠨ ᠤ | 2015 ᠣᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠬᠠᠷᠢᠭᠤᠴᠠᠯᠭᠠᠲᠤ ᠪᠠᠶᠢᠭᠤᠯᠤᠮᠵᠢ ᠶᠢ ᠡᠮᠬᠢᠯᠡᠨ | ᠨᠡᠶᠢᠯᠡᠭᠦᠯᠬᠦ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠪᠠ᠃ ᠲᠡᠷᠡᠴᠢᠯᠡᠨ ᠮᠠᠨ ᠤ ᠣᠷᠣᠨ ᠤ ᠦᠯᠦ ᠬᠥᠳᠡᠯᠬᠦ | ᠬᠥᠷᠥᠩᠭᠡ ᠶᠢ ᠨᠢᠭᠡᠳᠦᠯᠲᠡᠶ ᠳᠠᠩᠰᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠤᠷᠪᠠᠨ | ᠱᠠᠭᠠᠷᠳᠠᠯᠭ᠎ᠠ ᠳᠤᠷᠠᠤᠠᠪᠠ᠄ ᠨᠢᠭᠡ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠯᠦ ᠬᠥᠳᠡᠯᠬᠦ ᠬᠦᠷᠦᠩᠭᠡ ᠶᠢ | ᠨᠢᠭᠡᠳᠦᠯᠲᠡᠶ ᠳᠠᠩᠰᠠᠯᠠᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠬᠦ ᠬᠡᠷᠡᠭᠲᠡᠢ᠃ ᠡᠨᠡ | ᠵᠢᠯ ᠤᠨ ᠵᠢᠯ ᠤᠨ ᠡᠴᠦᠰ ᠠᠴᠠ ᠡᠮᠦᠨ᠎ᠡ ᠪᠦᠬᠦ ᠣᠷᠣᠨ ᠤ ᠪᠤᠢ ᠪᠦᠬᠦᠢ ᠬᠤᠰᠢᠭᠤ ᠰᠢᠶᠠᠨ ︵ᠬᠤᠳᠠ᠂ ᠲᠣᠭᠤᠷᠢᠭ︶ | ᠳᠤ ᠪᠦᠷ ᠨᠢᠭᠡᠳᠦᠯᠲᠡᠶ ᠳᠠᠩᠰᠠᠯᠠᠬᠤ ᠶᠢ ᠬᠡᠷᠡᠭᠵᠢᠭᠦᠯᠬᠦ ᠪᠦᠭᠡᠳ ᠰᠢᠨ᠎ᠡ ᠦᠨᠡᠮᠯᠡᠯ ᠣᠯᠭᠤᠵᠤ᠂ ᠬᠠᠭᠤᠴᠢᠨ | ᠦᠨᠡᠮᠯᠡᠯ ᠢ ᠵᠣᠭᠰᠤᠭᠠᠬᠤ ᠪᠠᠷ ᠴᠢᠷᠮᠠᠶᠢᠬᠤ ᠬᠡᠷᠡᠭᠲᠡᠢ᠃ ᠬᠥᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠣᠶ ᠶᠢ | ᠨᠢᠭᠡ ᠴᠣᠭᠴᠠᠯᠠᠬᠤ ᠣᠷᠣᠨ ᠰᠠᠭᠤᠴᠠ ᠶᠢᠨ ᠰᠠᠭᠤᠷᠢ ᠭᠠᠵᠠᠷ ᠪᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠥᠮᠴᠢᠯᠡᠬᠦ ᠡᠷᠬᠡ ᠶᠢ ᠨᠤᠲᠠᠯᠠᠨ ᠵᠥᠪᠰᠢᠶᠡᠷᠡᠵᠦ ᠳᠠᠩᠰᠠᠯᠠᠬᠤ ᠶᠢ ᠲᠦᠷᠭᠡᠳᠬᠡᠨ ᠠᠬᠢᠭᠤᠯᠬᠤ | ᠬᠡᠷᠡᠭᠲᠡᠶ᠃ ᠬᠤᠶᠠᠷ ᠲᠤ ᠣᠳᠣᠬᠠᠨ ᠤ ᠬᠡᠷᠡᠭᠵᠢᠭᠦᠯᠵᠦ ᠪᠠᠶᠢᠭ᠎ᠠ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ | ᠳᠠᠩᠰᠠᠯᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠢᠴᠡᠳ ᠲᠠᠨᠢᠬᠤ ᠬᠡᠷᠡᠭᠲᠡᠢ᠃ ᠬᠡᠳᠦ᠋ᠢᠪᠡᠷ ᠪᠦᠬᠦ | ᠣᠷᠣᠨ ᠤ ᠡᠯ᠎ᠡ ᠱᠠᠲᠤ ᠬᠠᠷᠢᠭᠤᠴᠠᠯᠭᠠᠲᠤ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠬᠦ ᠶᠢ ᠪᠦᠷ ᠪᠡᠶᠡᠯᠡᠭᠦᠯᠵᠦ᠂ ᠬᠡᠰᠡᠭ | ᠭᠠᠵᠠᠷ ᠣᠷᠣᠨ ᠤ ᠬᠢᠨ ᠪᠠᠰᠠ ᠵᠠᠷᠢᠮ ᠰᠠᠭᠤᠷᠢ ᠴᠢᠨᠠᠷᠲᠠᠶ ᠠᠵᠢᠯ ᠬᠢᠭᠰᠡᠨ ᠪᠣᠯᠪᠠᠴᠤ᠂ ᠬᠠᠷᠢᠨ ᠶᠡᠷᠦᠩᠬᠡᠶ ᠪᠠᠶᠢᠳᠠᠯ | ᠨᠢ ᠲᠡᠶᠢᠮᠦ ᠰᠠᠶᠢᠨ ᠪᠢᠰᠢ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ ᠣᠷᠣᠨ ᠤ ᠦᠯᠦ ᠬᠥᠳᠡᠯᠬᠦ ᠬᠥᠷᠥᠩᠭᠡ ᠶᠢᠨ | ᠥᠮᠴᠢᠯᠡᠬᠦ ᠡᠷᠬᠡ ᠶᠢᠨ ᠦᠨᠡᠮᠯᠡᠯ ᠣᠯᠭᠤᠭᠰᠠᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠠᠷᠢᠴᠠᠯ ᠪᠠᠭ᠋ᠠᠨ | ᠳᠣᠣᠷ᠎ᠠ ᠪᠠᠶᠢᠵᠤ᠂ 10% ᠳᠤ ᠬᠦᠷᠬᠦ ᠦᠭᠡᠢ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ | ᠬᠤᠴᠤᠷᠤᠩᠭᠤᠢ ᠪᠠᠶᠢᠨ᠎ᠠ᠃ ᠭᠤᠷᠪᠠ ᠳᠤ ᠣᠳᠣᠬᠠᠨ ᠤ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ | ︽ᠲᠠᠪᠤᠨ ᠵᠦᠢᠯ︾ ᠤᠨ ᠭᠤᠣᠯᠳᠠᠯᠭᠠᠲᠤ ᠠᠵᠢᠯ ᠢ ᠦᠨᠡᠨᠬᠦ ᠡᠵᠡᠮᠰᠢᠬᠦ ᠬᠡᠷᠡᠭᠲᠡᠢ᠃ ᠶᠠᠮᠤᠨ ᠪᠠ | ᠲᠠᠩᠬᠢᠮ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠲᠡᠭᠦᠰ ᠭᠦᠢᠴᠡᠳᠬᠡᠵᠦ᠂ | ᠯᠠᠪᠳᠠᠭᠤᠨ ᠪᠠᠲᠤᠲᠠᠶ ᠠᠵᠢᠯᠯᠠᠵᠤ᠂ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠣᠷᠣᠨ ᠤ ᠦᠯᠦ ᠬᠥᠳᠡᠯᠬᠦ | ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠬᠤᠭᠤᠴᠠᠭ᠎ᠠ ᠶᠣᠰᠣᠭᠠᠷ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ |