| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ | ᠬᠠᠮᠢᠶᠠᠷᠤᠯᠲᠠ ᠶᠢᠨ ᠲᠣᠪᠴᠢᠶ᠎ᠠ 2016 ᠣᠨ ᠤ ᠪᠥᠬᠦ ᠣᠷᠣᠨ ᠤ ᠴᠢᠮᠡᠭᠡ ᠬᠤᠯᠪᠣᠭᠠᠨ ᠤ ᠠᠵᠢᠯ ᠲᠦᠷᠤᠯ ᠤᠨ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠥᠷ ᠮᠣᠩᠭᠤᠯ ᠤᠨ | ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠤᠪᠴᠢᠶ᠎ᠠ ᠶᠢᠨ ᠳᠠᠷᠤᠭ᠎ᠠ᠂ ᠠᠮᠤᠷ ᠲᠦᠪᠰᠢᠨ ᠤ ᠬᠤᠪᠢᠶᠠᠷᠢ ᠲᠥᠪ ᠤᠨ ᠡᠷᠬᠢᠯᠡᠭᠴᠢ ᠯᠢᠦ ᠪᠦᠦ ᠵᠢᠶᠦ᠋ᠨ ᠠᠵᠢᠯ ᠤᠨ | ᠮᠡᠳᠡᠭᠦᠯᠦᠯᠲᠡ ᠬᠢᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ | ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠢᠶᠤᠤ ᠸᠧᠢ ᠬᠤᠷᠠᠯ ᠢ ᠡᠷᠭᠢᠯᠡᠪᠡ᠃ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠭᠴᠢ ᠭᠸᠡᠭ ᠯᠢ ᠵᠢᠶᠦ᠋ᠨ᠂ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠰᠬᠠᠶ ᠬᠡᠷᠡᠭᠯᠡᠭᠡᠨ ᠤ ᠴᠢᠮᠡᠭᠡ ᠬᠤᠯᠪᠣᠭᠠᠨ ᠤ | ᠲᠣᠪᠴᠢᠶ᠎ᠠ ᠶᠢᠨ ᠳᠠᠷᠤᠭ᠎ᠠ ᠵᠠᠩ ᠵᠢᠶᠦ᠋ᠨ ᠱᠧᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠲᠤᠪᠴᠢᠶ᠎ᠠ ᠶᠢᠨ ᠳᠡᠳ᠋ ᠳᠠᠷᠤᠭ᠎ᠠ ᠵᠤᠤ ᠷᠦᠡᠭ ᠬᠦᠢ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ | ᠨᠢᠬᠡᠳᠦᠮᠡᠯ ᠬᠤᠯᠪᠤᠭ᠎ᠠ᠂ ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠤᠭ᠎ᠠ᠂ ᠲᠢᠶᠧ ᠲᠠ ᠺᠤᠮᠫᠠᠨᠢ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠭᠰᠠᠨ ᠪᠥᠭᠡᠳ ᠲᠤᠷᠰᠢᠯᠭ᠎ᠠ ᠪᠠᠨ ᠰᠤᠯᠢᠯᠴᠠᠬᠤ ᠶᠠᠷᠢᠶ᠎ᠠ | ᠲᠠᠯᠪᠢᠪᠠ᠃ | ᠬᠤᠷᠠᠯ ᠨᠢ ᠨᠢᠳᠤᠨᠤᠨ ᠵᠢᠯ ᠪᠤᠯᠤᠨ ︽12· 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢ ᠴᠢᠮᠡᠭᠡ ᠬᠤᠯᠪᠣᠭᠠᠨ ᠤ ᠦᠢᠯᠡᠰ ᠤᠨ ᠬᠥᠭᠵᠢᠯᠲᠡ ᠶᠢᠨ ᠪᠠᠶᠢᠳᠠᠯ | ᠪᠤᠯᠤᠨ ᠣᠯᠤᠭᠰᠠᠨ ᠠᠮᠵᠢᠯᠲᠠ ᠶᠢ ᠡᠷᠬᠢᠴᠡᠬᠦᠯᠪᠡ᠃ 2015 ᠣᠨ ᠳᠤ᠂ ᠪᠥᠬᠦ ᠣᠷᠣᠨ ᠤ ᠴᠠᠬᠢᠯᠭᠠᠨ | ᠬᠤᠯᠪᠣᠭᠠᠨ ᠤ ᠦᠢᠯᠡᠰ ᠤᠨ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 105.23 ᠳ᠋ᠦᠡᠭᠰᠢᠭᠤᠷ | ᠲᠥᠭᠦᠷᠢᠭ ᠪᠡᠶᠡᠯᠡᠭᠦᠯᠵᠤ᠂ 19.62% ᠪᠠᠷ ᠨᠡᠮᠡᠭᠳᠡᠪᠡ︔ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ | ᠶᠡᠷᠦᠩᠬᠡᠶ ᠬᠡᠮᠵᠢᠶ᠎ᠡ ᠶᠢ 377.06 ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ 18.43% ᠪᠠᠷ ᠨᠡᠮᠡᠭᠳᠡᠪᠡ︔ | ᠭᠤᠣᠯ ᠡᠵᠡᠩᠨᠡᠯᠲᠡ ᠶᠢᠨ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠣᠷᠣᠯᠭ᠎ᠠ ᠶᠢ 212.15 | ᠳ᠋ᠦᠡᠭᠰᠢᠭᠤᠷ ᠲᠥᠭᠦᠷᠢᠭ ᠪᠡᠶᠡᠯᠡᠭᠦᠯᠵᠦ᠂ 4.08% ᠪᠠᠷ ᠪᠠᠭᠤᠷᠠᠪᠠ᠂ ᠡᠭᠦᠨ ᠳᠤ ᠶᠠᠷᠢᠶᠠᠨ ᠤ ᠪᠤᠰᠤ ᠣᠷᠣᠯᠭ᠎ᠠ ᠶᠢ | 136.41 ᠳ᠋ᠦᠡᠭᠰᠢᠭᠤᠷ ᠲᠥᠭᠦᠷᠢᠭ ᠪᠡᠶᠡᠯᠡᠭᠦᠯᠵᠤ᠂ ᠡᠵᠡᠯᠡᠬᠦ ᠬᠠᠷᠢᠴᠠᠯ ᠨᠢ 64.3% ᠳᠤ ᠬᠦᠷᠪᠡ᠃ ᠪᠦᠬᠦ | ᠣᠷᠣᠨ ᠤ ᠳ᠋ᠢᠶᠠᠩᠬᠤᠸᠠ ᠬᠡᠷᠡᠭᠯᠡᠭᠴᠢ ᠨᠢᠳᠤᠨᠤᠨ ᠤ ᠬᠢ ᠠᠴᠠ 242 ᠲᠦᠮᠡᠨ ᠡᠷᠦᠬᠡ ᠬᠠᠰᠤᠭᠳᠠᠵᠤ᠂ ᠶᠡᠷᠦᠩᠬᠡᠶ | ᠲᠤᠭ᠎ᠠ ᠨᠢ 2752 ᠲᠦᠮᠡᠨ ᠡᠷᠦᠬᠡ ᠪᠤᠯᠵᠤ᠂ ᠲᠦᠭᠡᠮᠡᠯᠵᠢᠯ ᠤᠨ ᠨᠤᠷᠮ᠎ᠠ ᠨᠢ 110.5 ᠰᠠᠭᠤᠷᠢ / ᠵᠠᠭᠤᠨ | ᠬᠥᠮᠦᠨ ᠪᠤᠯᠪᠠ︔ ᠡᠭᠦᠨ ᠳᠤ᠂ ᠰᠢᠯᠵᠢᠮᠡᠯ ᠬᠤᠯᠪᠤᠭ᠎ᠠ ᠶᠢᠨ ᠳ᠋ᠢᠶᠠᠩᠬᠤᠸᠠ ᠲᠦᠷᠭᠡᠨ ᠪᠠᠭᠤᠷᠠᠵᠤ᠂ 210 ᠲᠦᠮᠡᠨ | ᠡᠷᠦᠬᠡ ᠬᠠᠰᠤᠭᠳᠠᠵᠤ᠂ ᠶᠡᠷᠦᠩᠬᠡᠶ ᠲᠤᠭ᠎ᠠ ᠨᠢ 2425 ᠲᠦᠮᠡᠨ ᠡᠷᠦᠬᠡ ᠪᠤᠯᠵᠤ᠂ ᠲᠦᠭᠡᠮᠡᠯᠵᠢᠯ ᠤᠨ ᠨᠤᠷᠮ᠎ᠠ ᠨᠢ | 97.4 ᠰᠠᠭᠤᠷᠢ / ᠵᠠᠭᠤᠨ ᠬᠥᠮᠦᠨ ᠪᠤᠯᠪᠠ︔ ᠲᠣᠭᠲᠠᠮᠠᠯ ᠳ᠋ᠢᠶᠠᠩᠬᠤᠸᠠ ᠨᠢ 32 ᠲᠦᠮᠡᠨ ᠡᠷᠦᠬᠡ ᠬᠠᠰᠤᠭᠳᠠᠵᠤ᠂ | ᠶᠡᠷᠦᠩᠬᠡᠶ ᠲᠤᠭ᠎ᠠ ᠨᠢ 327 ᠲᠦᠮᠡᠨ ᠡᠷᠦᠬᠡ ᠪᠤᠯᠵᠤ᠂ ᠲᠦᠭᠡᠮᠡᠯᠵᠢᠯ ᠤᠨ ᠨᠤᠷᠮ᠎ᠠ ᠨᠢ 13.1 ᠰᠠᠭᠤᠷᠢ / ᠵᠠᠭᠤᠨ | ᠬᠥᠮᠦᠨ ᠪᠤᠯᠪᠠ᠃ ᠰᠢᠯᠵᠢᠮᠡᠯ ᠬᠤᠯᠪᠤᠭ᠎ᠠ ᠶᠢᠨ ᠢᠨᠲ᠋ᠧᠷ ᠰᠦᠯᠵᠢᠶ᠎ᠡ ᠶᠢᠨ ᠬᠡᠷᠡᠭᠯᠡᠭᠴᠢᠳ ᠲᠦᠷᠭᠡᠨ ᠨᠡᠮᠡᠭᠳᠡᠵᠦ᠂ | ᠪᠦᠬᠦ ᠵᠢᠯ ᠳᠤ 191 ᠲᠦᠮᠡᠨ ᠡᠷᠦᠬᠡ ᠬᠡᠷᠡᠭᠯᠡᠭᠴᠢ ᠰᠢᠨ᠎ᠡ ᠪᠠᠷ ᠨᠡᠮᠡᠭᠳᠡᠵᠤ᠂ 1865 ᠲᠦᠮᠡᠨ ᠡᠷᠦᠬᠡ ᠳᠤ | ᠬᠦᠷᠴᠦ᠂ ᠪᠦᠬᠦ ᠣᠷᠣᠨ ︵ᠲᠣᠭᠲᠠᠮᠠᠯ︶ ᠤ ᠢᠨᠲ᠋ᠧᠷ ᠰᠦᠯᠵᠢᠶᠡᠨ ᠤ ᠦᠷᠭᠡᠨ ᠪᠦᠰᠡ ᠶᠢ ᠵᠠᠯᠭᠠᠭᠰᠠᠨ ᠬᠡᠷᠡᠭᠯᠡᠭᠴᠢ | 26.4 ᠲᠦᠮᠡᠨ ᠡᠷᠦᠬᠡ ᠰᠢᠨ᠎ᠡ ᠪᠠᠷ ᠨᠡᠮᠡᠭᠳᠡᠵᠤ᠂ 343 ᠲᠦᠮᠡᠨ ᠡᠷᠦᠬᠡ ᠳᠤ ᠬᠦᠷᠪᠡ︔ ᠪᠦᠬᠦ ᠣᠷᠣᠨ ᠤ | ᠢᠨᠲ᠋ᠧᠷ ᠰᠦᠯᠵᠢᠶ᠎ᠡ ᠶᠢᠨ ᠬᠡᠷᠡᠭᠯᠡᠭᠴᠢ ᠶᠢᠨ ᠲᠦᠭᠡᠮᠡᠯᠵᠢᠯ ᠤᠨ ᠨᠤᠷᠮ᠎ᠠ 88.69 ᠡᠷᠦᠬᠡ / ᠵᠠᠭᠤᠨ ᠬᠥᠮᠦᠨ ᠳᠤ | ᠬᠦᠷᠪᠡ᠃ | ᠬᠤᠷᠠᠯ ᠳᠤ ︽13·5︾ ᠶᠢᠨ ᠬᠤᠭᠤᠴᠠᠭᠠᠨ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ | ᠵᠢᠴᠢ ᠠᠵᠢᠯ ᠲᠥᠷᠥᠯ ᠤᠨ ᠬᠥᠭᠵᠢᠯᠲᠡ ᠪᠤᠯᠤᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠵᠠᠳᠠᠯᠤᠨ ᠰᠢᠨᠵᠢᠯᠡᠭᠰᠡᠨ ᠰᠠᠭᠤᠷᠢᠨ ᠳᠡᠭᠡᠷ᠎ᠡ᠂ ᠢᠷᠡᠬᠦ ᠵᠢᠯ ᠤᠨ ᠲᠦᠷᠪᠡᠨ ᠲᠦᠷᠦᠯ ᠤᠨ ᠭᠤᠣᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠲᠤᠬᠠᠶᠢᠯᠠᠪᠠᠯ᠂ ᠨᠢᠭᠡ ᠳᠤ ︽ᠥᠷᠭᠡᠨ ᠪᠦᠰᠡᠲᠦ ᠳᠤᠮᠳᠠᠳᠤ ᠤᠯᠤᠰ︾ ᠤᠨ | ᠪᠠᠶᠢᠯᠳᠤᠬᠤ ᠪᠤᠳᠤᠯᠭ᠎ᠠ ᠪᠠᠷ ᠬᠦᠲᠦᠯᠡᠬᠦᠯᠵᠤ᠂ ᠰᠡᠳᠬᠢᠮᠵᠢ ᠶᠢᠨ ᠰᠢᠨ᠎ᠡ ᠶᠢ ᠡᠭᠦᠳᠴᠦ ᠬᠦᠭᠵᠢᠯᠲᠡ ᠶᠢ | ᠪᠤᠳᠤᠯᠬᠢᠯᠠᠬᠤ ᠬᠡᠷᠡᠭᠲᠠᠢ᠃ ᠬᠤᠶᠠᠷ ᠲᠤ ᠢᠨᠲ᠋ᠧᠷ ᠰᠦᠯᠵᠢᠶᠡᠨ ᠤ ᠬᠠᠮᠢᠶᠠᠷᠤᠯᠲᠠ ᠪᠠᠷ ᠭᠤᠣᠯ ᠪᠣᠯᠭᠠᠵᠤ᠂ | ᠰᠡᠳᠬᠢᠮᠵᠢ ᠶᠢᠨ ᠰᠢᠨ᠎ᠡ ᠶᠢ ᠡᠭᠦᠳᠴᠦ ᠠᠮᠤᠷ ᠲᠦᠪᠰᠢᠨ ᠢ ᠬᠠᠮᠠᠭᠠᠯᠠᠬᠤ ᠬᠡᠷᠡᠭᠲᠠᠢ᠃ ᠭᠤᠷᠪᠠ ᠳᠤ ᠵᠠᠬ᠎ᠠ | ᠳᠡᠯᠭᠡᠭᠦᠷ ᠤᠨ ᠥᠷᠢᠰᠥᠯᠳᠦᠭᠡᠨ ᠤ ᠡᠮᠬᠢ ᠵᠢᠷᠤᠮ ᠢ ᠬᠠᠮᠠᠭᠠᠯᠠᠬᠤ ᠪᠠᠷ ᠭᠤᠣᠯᠳᠠᠯᠭ᠎ᠠ ᠪᠤᠯᠭᠠᠵᠤ᠂ ᠰᠡᠳᠬᠢᠮᠵᠢ ᠶᠢᠨ | ᠰᠢᠨ᠎ᠡ ᠶᠢ ᠡᠭᠦᠳᠴᠦ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠠᠢ᠃ ᠳᠦᠷᠪᠡ ᠳᠤ ᠪᠦᠬᠦ ᠰᠦᠯᠵᠢᠶᠡᠨ ᠤ | ᠴᠢᠮᠡᠭᠡ ᠬᠤᠯᠪᠣᠭᠠᠨ ᠤ ᠠᠮᠤᠷ ᠲᠦᠪᠰᠢᠨ ᠪᠦᠭᠡᠳ ᠰᠠᠭᠠᠳ ᠤᠢᠭᠡᠢ ᠨᠡᠪᠲᠡᠷᠡᠬᠦ ᠶᠢ ᠪᠠᠲᠤᠯᠠᠬᠤ ᠪᠠᠷ ᠬᠠᠷᠠᠯᠲᠠ | ᠪᠣᠯᠭᠠᠵᠤ᠂ ᠰᠡᠳᠬᠢᠮᠵᠢ ᠶᠢᠨ ᠰᠢᠨ᠎ᠡ ᠶᠢ ᠡᠭᠦᠳᠴᠦ ᠪᠠᠲᠤᠯᠠᠭ᠎ᠠ ᠶᠢ ᠠᠳᠬᠤᠬᠤ ᠬᠡᠷᠡᠭᠲᠠᠢ᠃ | ᠲᠤᠪᠴᠢᠶ᠎ᠠ ᠶᠢᠨ ᠳᠡᠳ᠋ ᠳᠠᠷᠤᠭ᠎ᠠ ᠴᠢᠶᠤᠤ ᠸᠧᠢ ᠬᠤᠷᠠᠯ ᠦᠨᠳᠦᠷᠯᠡᠬᠦ ᠠᠴᠠ ᠡᠮᠦᠨ᠎ᠡ᠂ ᠴᠠᠭᠠᠨ ᠰᠠᠷ᠎ᠠ ᠠᠴᠠ | ᠡᠮᠦᠨᠡᠬᠢ ᠠᠵᠢᠯ ᠢ ᠰᠠᠶᠢᠲᠤᠷ ᠬᠢᠬᠦ ᠭᠤᠷᠪᠠᠨ ᠱᠠᠭᠠᠷᠳᠠᠯᠭ᠎ᠠ ᠲᠠᠯᠪᠢᠪᠠ᠂ ᠨᠢᠭᠡ ᠳᠤ ᠡᠯ᠎ᠡ ᠺᠣᠮᠫᠠᠨᠢ ᠨᠤᠭᠤᠳ | ᠬᠠᠷᠢᠭᠤᠴᠠᠯᠭᠠᠲᠤ ᠤᠬᠠᠮᠰᠠᠷ ᠪᠤᠯᠤᠨ ᠶᠡᠭᠡ ᠲᠠᠯ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ | ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ ᠤ ᠦᠢᠯᠡᠴᠢᠯᠡᠭᠡᠨ ᠤ ᠮᠠᠷᠭᠤᠯᠳᠤᠭᠠᠨ ᠢ ᠲᠣᠬᠢᠲᠠᠶ ᠰᠢᠢᠳᠪᠦᠷᠢᠯᠡᠵᠤ᠂ | ᠥᠷᠭᠡᠨ ᠤᠯᠠᠨ ᠬᠡᠷᠡᠭᠯᠡᠭᠴᠢᠳ ᠤᠨ ᠪᠠᠶᠠᠷ ᠪᠠᠶᠠᠰᠤᠯ ᠲᠠᠢ ᠥᠯᠵᠡᠶ ᠪᠡᠯᠭᠡ ᠲᠠᠢ ᠪᠠᠷ ᠴᠠᠭᠠᠨ ᠰᠠᠷ᠎ᠠ ᠶᠢᠨ ᠪᠠᠶᠠᠷ ᠢ | ᠦᠡᠭᠭᠡᠷᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠠᠢ︔ ᠬᠤᠶᠠᠷ ᠲᠤ ᠡᠯ᠎ᠡ ᠺᠣᠮᠫᠠᠨᠢ ᠨᠤᠭᠤᠳ ᠠᠶᠤᠯ ᠦᠭᠡᠢ | ᠦᠢᠯᠡᠳᠪᠦᠷᠢᠯᠡᠯ᠂ ᠴᠢᠮᠡᠭᠡ ᠬᠤᠯᠪᠣᠭᠠᠨ ᠤ ᠪᠠᠲᠤᠯᠠᠭ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ | ᠠᠵᠢᠯ ᠢ ᠳᠠᠬᠢᠨ ᠪᠠᠶᠢᠷᠢᠯᠠᠭᠤᠯᠤᠨ᠂ ᠳᠠᠬᠢᠨ ᠰᠢᠮᠳᠠᠭᠤᠯᠤᠨ᠂ ᠲᠡᠬᠢᠠ ᠨᠠᠶᠢᠳᠠᠪᠤᠷᠢᠵᠢᠭᠤᠯᠤᠨ᠂ ᠠᠶᠤᠯ ᠥᠭᠡᠢ ᠶᠢᠨ | ᠪᠠᠶᠢᠴᠠᠭᠠᠯᠲᠠ ᠬᠢᠬᠦ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ | ᠰᠦᠯᠵᠢᠶᠡᠨ ᠤ ᠴᠢᠮᠡᠭᠡ ᠬᠤᠯᠪᠣᠭᠠᠨ ᠤ ᠠᠮᠤᠷ ᠲᠦᠪᠰᠢᠨ ᠰᠠᠭᠠᠳ ᠤᠢᠭᠡᠢ ᠨᠡᠪᠲᠡᠷᠡᠬᠦ ᠶᠢ ᠦᠨᠡᠨ ᠬᠦ ᠪᠠᠲᠤᠯᠠᠬᠤ | ᠬᠡᠷᠡᠭᠲᠡᠶ︔ ᠭᠤᠷᠪᠠ ᠳᠤ ᠪᠠᠶᠠᠷ ᠤᠨ ᠡᠳᠦᠷ ᠤᠨ ᠬᠤᠭᠤᠴᠠᠭᠠᠨ ᠳᠤ ᠡᠯ᠎ᠡ ᠺᠣᠮᠫᠠᠨᠢ ᠨᠤᠭᠤᠳ ᠵᠢᠵᠢᠬᠦᠷ ᠢᠶᠠᠨ | ᠴᠢᠩᠭᠠᠳᠬᠠᠵᠤ᠂ ᠨᠢᠭᠲᠠ ᠬᠠᠮᠵᠢᠯᠴᠠᠵᠤ᠂ ᠴᠢᠬᠤᠯᠠ ᠶᠡᠭᠡ ᠠᠰᠠᠭᠤᠳᠠᠯ ᠪᠤᠯᠤᠨ ᠪᠠᠴᠢᠮ ᠲᠤᠯᠭᠠᠮ᠎ᠠ ᠬᠡᠷᠡᠭ ᠶᠠᠪᠤᠳᠠᠯ | ᠲᠣᠬᠢᠶᠠᠯᠳᠤᠪᠠᠯ᠂ ᠲᠡᠷᠡ ᠳᠠᠷᠤᠶ ᠳᠤᠨᠢ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠬᠦ ᠶᠢᠨ | ᠬᠠᠮᠲᠤ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠢᠢᠳᠪᠦᠷᠢᠯᠡᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ | ᠤᠯᠠᠨ ᠲᠦᠮᠡᠨ ᠤ ᠰᠢᠨ᠎ᠡ ᠵᠢᠯ ᠤᠨ ᠪᠠᠶᠠᠷ ᠢ ᠪᠠᠶᠠᠷᠲᠠᠢ ᠦᠡᠭᠭᠡᠷᠡᠬᠦᠯᠬᠦ ᠳᠤ ᠴᠢᠨᠠᠷ ᠰᠠᠶᠢᠲᠠᠶ ᠥᠨᠳᠥᠷ ᠪᠦᠲᠦᠮᠵᠢ ᠲᠠᠢ | ᠴᠠᠬᠢᠯᠭᠠᠨ ᠬᠤᠯᠪᠣᠭᠠᠨ ᠤ ᠦᠢᠯᠡᠴᠢᠯᠡᠭᠡ ᠶᠢ ᠴᠢᠷᠮᠠᠶᠢᠨ ᠬᠠᠩᠭᠠᠬᠤ ᠬᠡᠷᠡᠭᠲᠡᠶ ᠭᠡᠪᠡ᠃ | ᠲᠤᠰ ᠬᠤᠷᠠᠯ ᠨᠢ ᠲᠧᠯᠸᠢᠰ ᠳ᠋ᠢᠶᠠᠩᠬᠤᠸᠠ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠥᠪᠡᠷᠲᠡᠭᠡᠨ ᠵᠠᠰᠠᠬᠤ | ᠣᠷᠣᠨ ᠤ ᠡᠯ᠎ᠡ ᠠᠶᠢᠮᠠᠭ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ ᠴᠢᠮᠡᠭᠡ ᠬᠤᠯᠪᠣᠭᠠᠨ ᠤ | ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ᠂ ᠰᠢᠭᠤᠳ ᠬᠠᠷᠢᠶ᠎ᠠ ᠨᠢᠭᠡᠴᠡ ᠶᠢᠨ ᠳᠡᠳ᠋ ᠭᠠᠵᠠᠷ ᠤᠨ ᠳᠡᠰ ᠠᠴᠠ | ᠳᠡᠭᠡᠭᠰᠢᠬᠢ ᠺᠠᠳ᠋ᠷ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠬᠤᠶᠠᠷ ᠱᠠᠲᠤᠨ ᠤ ᠴᠢᠮᠡᠭᠡ | ᠬᠤᠯᠪᠤᠭᠠᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠪᠦᠬᠦ ᠪᠦᠷᠢᠯᠳᠦᠬᠦᠨ ᠪᠤᠯᠤᠨ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠳᠠ ᠬᠤᠶᠠᠷ ᠱᠠᠲᠤᠨ ᠤ ᠰᠠᠭᠤᠷᠢ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ | ᠠᠬᠤᠶᠢᠯᠠᠯ᠂ ᠲᠢᠶᠧ ᠲᠠ ᠺᠣᠮᠫᠠᠨᠢ ᠶᠢᠨ ᠤᠳᠤᠷᠢᠳᠬᠤ ᠪᠠᠭ ᠪᠣᠯᠤᠨ ᠭᠤᠣᠯ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | |