ᠥᠪᠥᠷ ᠮᠣᠩᠭᠤᠯ ᠤᠨ 4 ᠨᠡᠶᠢᠭᠡᠮ ᠲᠣᠭᠤᠷᠢᠭ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢᠶᠠᠷ ᠦᠨᠡᠯᠡᠨ ᠲᠣᠭᠲᠠᠭᠠᠭᠳᠠᠪᠠ
ᠨᠡᠶᠢᠲᠡᠯᠡᠭᠰᠡᠨ ᠴᠠᠭ᠄
2016/1/26
     ᠥᠴᠥᠭᠡᠳᠦᠷ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠮᠡᠳᠡᠭᠡᠯᠡᠭᠰᠡᠨ ᠢᠶᠠᠷ᠂ ᠣᠶᠢᠷ᠎ᠠ ᠳᠤ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠤᠪᠴᠢᠶ᠎ᠠ ᠶᠢᠨ 2015 ᠣᠨ ᠤ ᠬᠤᠶᠠᠳᠤᠭᠠᠷ ᠪᠦᠯᠦᠭ ᠤᠯᠤᠰ ᠤᠨ ᠭᠠᠵᠠᠷ ᠬᠥᠳᠡᠯᠦᠯᠲᠡ ᠶᠢᠨ ᠠᠮᠤᠷ ᠲᠥᠪᠰᠢᠨ ᠤ ᠵᠢᠱᠢᠶ᠎ᠡ ᠦᠵᠡᠭᠦᠯᠬᠦ ᠨᠡᠶᠢᠭᠡᠮ ᠲᠤᠭᠤᠷᠢᠭ ᠤᠨ ᠭᠤᠶᠤᠴᠢᠯᠠᠯ ᠢ ᠦᠨᠡᠯᠡᠨ ᠲᠣᠭᠲᠠᠭᠠᠬᠤ ᠠᠵᠢᠯ ᠳᠠᠭᠤᠰᠪᠠ᠂ ᠥᠪᠥᠷ ᠮᠣᠩᠭᠤᠯ ᠤᠨ 4 ᠨᠡᠶᠢᠭᠡᠮ ᠲᠣᠭᠤᠷᠢᠭ ᠭᠠᠵᠠᠷ ᠬᠥᠳᠡᠯᠦᠯᠲᠡ ᠶᠢᠨ ᠠᠮᠤᠷ ᠲᠥᠪᠰᠢᠨ ᠤ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢᠶᠠᠷ ᠦᠨᠡᠯᠡᠨ ᠲᠣᠭᠲᠠᠭᠠᠭᠳᠠᠪᠠ᠃      ᠭᠠᠵᠠᠷ ᠬᠥᠳᠡᠯᠦᠯᠲᠡ ᠶᠢᠨ ᠠᠮᠤᠷ ᠲᠥᠪᠰᠢᠨ ᠤ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠲᠤ ᠰᠣᠩᠭᠤᠭᠳᠠᠭᠰᠠᠨ 4 ᠨᠡᠶᠢᠭᠡᠮ ᠲᠣᠭᠤᠷᠢᠭ ᠪᠣᠯ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠦᠩ ᠵᠤᠸᠠᠨ ᠵᠠᠮ ᠤᠨ ᠵᠡᠭᠡᠯᠢ ᠭᠤᠳᠤᠮᠵᠢ ᠶᠢᠨ ᠵᠢᠦᠢ ᠬᠠᠢ ᠨᠡᠶᠢᠭᠡᠮ ᠲᠣᠭᠤᠷᠢᠭ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠹᠦ᠋ ᠴᠢᠶᠠᠩ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ ᠨᠡᠶᠢᠭᠡᠮ ᠲᠣᠭᠤᠷᠢᠭ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠷᠠᠳ ᠤᠨ ᠵᠡᠭᠡᠯᠢ ᠭᠤᠳᠤᠮᠵᠢ ᠶᠢᠨ ᠤᠯᠠᠭᠠᠨ ᠨᠡᠶᠢᠭᠡᠮ ᠲᠤᠭᠤᠷᠢᠭ᠂ ᠲᠦᠩᠯᠢᠶᠤᠤ ᠬᠤᠲᠠ ᠶᠢᠨ ᠺᠠᠶᠢᠯᠦ ᠰᠢᠶᠠᠨ ᠤ ᠺᠠᠶᠢᠯᠦ ᠵᠡᠭᠡᠯᠢ ᠭᠤᠳᠤᠮᠵᠢ ᠶᠢᠨ ᠾᠧ ᠫᠢᠩ ᠲᠣᠭᠤᠷᠢᠭ ᠪᠣᠯᠣᠨ᠎ᠠ᠃ 2015 ᠣᠨ ᠳᠤ᠂ ᠥᠪᠡᠷᠲᠡᠭᠡᠨ ᠵᠠᠰᠠᠬᠤ ᠣᠷᠣᠨ ᠤ 17 ᠨᠡᠶᠢᠭᠡᠮ ᠲᠣᠭᠤᠷᠢᠭ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠨ ᠲᠣᠭᠲᠠᠭᠠᠭᠳᠠᠵᠤ᠂ 4 ᠨᠡᠶᠢᠭᠡᠮ ᠲᠣᠭᠤᠷᠢᠭ ᠭᠠᠵᠠᠷ ᠬᠥᠳᠡᠯᠦᠯᠲᠡ ᠶᠢᠨ ᠠᠮᠤᠷ ᠲᠥᠪᠰᠢᠨ ᠎ ᠤ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠨ ᠲᠣᠭᠲᠠᠭᠠᠭᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号