ᠥᠪᠥᠷ ᠮᠣᠩᠭᠤᠯ ᠡᠨᠡ ᠵᠢᠯ 14 ᠵᠦᠢᠯ ᠤᠨ ᠣᠷᠣᠨ ᠨᠣᠲᠤᠭ ᠤᠨ ᠴᠢᠨᠠᠷᠲᠠᠢ ᠬᠠᠦᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠬᠤ ᠪᠣᠯᠣᠨ᠎ᠠ
ᠨᠡᠶᠢᠲᠡᠯᠡᠭᠰᠡᠨ ᠴᠠᠭ᠄
2016/1/26
     ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠥᠴᠦᠭᠡᠳᠦᠷ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠡ      ᠡᠨᠡ ᠵᠢᠯ 14 ᠵᠦᠢᠯ ᠤᠨ ᠣᠷᠣᠨ ᠨᠣᠲᠤᠭ ᠤᠨ ᠴᠢᠨᠠᠷᠲᠠᠢ ᠬᠠᠦᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠬᠤ ᠪᠣᠯᠣᠨ᠎ᠠ
     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠤᠷᠴᠠ ᠨᠥᠬᠦᠷ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃      1 ᠳ᠋ᠤᠭᠡᠷ ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠥᠪᠥᠷ ᠮᠣᠩᠭᠤᠯ ᠤᠨ ᠠᠷᠠᠳ ᠤᠨ ᠬᠤᠷᠠᠯ ᠤᠨ ᠲᠠᠩᠭᠢᠮ ᠳᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠤᠷᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃     ᠬᠤᠷᠴᠠ ᠬᠡᠯᠡᠭᠰᠡᠨ ᠨᠢ᠂ 2015 ᠣᠨ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠨᠡᠶᠢᠲᠡ 9 ᠵᠦᠢᠯ ᠤᠨ ᠣᠷᠣᠨ ᠨᠣᠲᠤᠭ ᠤᠨ ᠴᠢᠨᠠᠷᠲᠠᠢ ᠬᠠᠦᠯᠢ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠤᠭᠤᠯᠵᠤ᠂ 5 ᠵᠦᠢᠯ ᠢ ᠨᠢ ᠠᠩᠬ᠎ᠠ ᠤᠳᠠᠭ᠎ᠠ ᠬᠢᠨᠠᠪᠠ︔ ᠬᠥᠬᠡᠬᠤᠲᠠ᠂ ᠪᠣᠭᠤᠲᠣ ᠬᠤᠲᠠ ᠪᠣᠯᠣᠨ ᠭᠤᠷᠪᠠᠨ ᠥᠪᠡᠷᠲᠡᠭᠡᠨ ᠵᠠᠰᠠᠬᠤ ᠬᠤᠰᠢᠭᠤᠨ ᠤ 9 ᠵᠦᠢᠯ ᠤᠨ ᠣᠷᠣᠨ ᠨᠤᠲᠤᠭ ᠤᠨ ᠴᠢᠨᠠᠷᠲᠠᠢ ᠬᠠᠦᠯᠢ ᠲᠣᠭᠲᠠᠭᠠᠯ᠂ ᠲᠤᠰᠬᠠᠢ ᠳᠦᠷᠢᠮ ᠢ ᠵᠦᠪᠰᠢᠶᠡᠷᠡᠭᠰᠡᠨ ᠪᠠ ᠵᠠᠰᠠᠪᠤᠷᠢ ᠣᠷᠤᠭᠤᠯᠬᠤ ᠶᠢ ᠨᠢ ᠵᠦᠪᠰᠢᠶᠡᠷᠡᠪᠡ︔ 6 ᠵᠦᠢᠯ ᠢ ᠬᠦᠴᠦᠨ ᠦᠭᠡᠢ ᠪᠣᠯᠭᠠᠬᠤ ᠶᠢ ᠵᠦᠪᠰᠢᠶᠡᠷᠡᠵᠤ᠂ ᠣᠨ ᠤ ᠬᠠᠦᠯᠢ ᠲᠣᠭᠲᠠᠭᠠᠬᠤ ᠲᠥᠯᠦᠪᠯᠡᠭᠡ ᠶᠢ ᠤᠷᠤᠭᠰᠢᠲᠠᠢ ᠪᠡᠶᠡᠯᠡᠭᠦᠯᠵᠦ᠂ ᠬᠠᠦᠯᠢ ᠲᠣᠭᠲᠠᠭᠠᠯᠲᠠ ᠶᠢᠨ ᠵᠢᠯᠤᠭᠤᠳᠤᠨ ᠳᠠᠭᠠᠭᠤᠯᠬᠤ ᠪᠠ ᠠᠬᠢᠭᠤᠯᠬᠤ ᠦᠢᠯᠡᠳᠦᠯ ᠢ ᠪᠥᠲᠦᠮᠵᠢᠲᠡᠢ ᠪᠠᠳᠠᠷᠠᠭᠤᠯᠵᠠᠢ ᠬᠡᠪᠡ᠃      2015 ᠣᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠰᠠ ᠲᠤᠰᠬᠠᠢ ᠰᠡᠳᠦᠪ ᠤᠨ ᠯᠠᠪᠯᠠᠯᠭ᠎ᠠ ᠪᠣᠯᠣᠨ ᠠᠵᠢᠯ ᠤᠨ ᠬᠢᠨᠠᠨ ᠲᠣᠭᠲᠠᠭᠠᠯᠲᠠ ᠶᠢ ᠪᠠᠶᠢᠩᠭᠤᠵᠢᠭᠤᠯᠬᠤ ᠶᠢ ᠪᠡᠶᠡᠯᠡᠭᠦᠯᠪᠡ᠃ ᠤᠳᠠᠭ᠎ᠠ ᠪᠦᠷᠢ ᠶᠢᠨ ᠪᠠᠶᠢᠩᠭᠤ ᠶᠢᠨ ᠬᠤᠷᠢᠶ᠎ᠡ ᠶᠢᠨ ᠬᠤᠷᠠᠯ ᠨᠢ ᠴᠦᠮ ᠨᠢᠭᠡ ᠵᠦᠢᠯ ᠤᠨ ᠵᠦᠪᠯᠡᠬᠦ ᠰᠡᠳᠦᠪ ᠲᠣᠭᠲᠠᠭᠠᠵᠤ ᠲᠤᠰᠬᠠᠢ ᠰᠡᠳᠦᠪᠲᠦ ᠯᠠᠪᠯᠠᠯᠭ᠎ᠠ ᠪᠣᠯᠣᠨ ᠠᠵᠢᠯ ᠤᠨ ᠬᠢᠨᠠᠨ ᠲᠣᠭᠲᠠᠭᠠᠯᠲᠠ ᠶᠢ ᠥᠷᠨᠢᠭᠦᠯᠦᠭᠰᠡᠨ ᠤ ᠬᠠᠮᠲᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢ ᠭᠤᠣᠯᠳᠠᠯᠭ᠎ᠠ ᠲᠠᠢ ᠶᠠᠪᠤᠭᠳᠠᠭᠤᠯᠵᠤ᠂ ᠢᠳᠡᠪᠬᠢᠲᠡᠢ ᠨᠡᠶᠢᠭᠡᠮ ᠤᠨ ᠲᠤᠰᠬᠠᠯ ᠢ ᠪᠣᠢ ᠪᠣᠯᠭᠠᠪᠠ᠃      ᠬᠤᠷᠴᠠ ᠬᠡᠯᠡᠭᠰᠡᠨ ᠨᠢ᠂ 2016 ᠣᠨ ᠪᠣᠯ ︽13.5︾᠎ ᠶᠢᠨ ᠬᠤᠭᠤᠴᠠᠭᠠᠨ ᠤ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠬᠤ ᠶᠣᠮ᠂ ᠪᠥᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠬᠢᠯᠡᠯᠲᠡ ᠰᠢᠪᠲᠦᠯᠬᠤ ᠵᠢᠯ ᠪᠣᠯᠣᠨ᠎ᠠ᠂ ᠮᠦᠨᠴᠦ ᠪᠥᠬᠦ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠦᠯᠢ ᠲᠣᠭᠲᠠᠭᠠᠬᠤ᠂ ᠬᠢᠨᠠᠯᠲᠠ ᠲᠠᠯᠪᠢᠬᠤ᠂ ᠴᠢᠬᠤᠯᠠ ᠶᠡᠭᠡ ᠵᠦᠢᠯᠡᠰ ᠪᠣᠯᠣᠨ ᠲᠥᠯᠦᠭᠡᠯᠡᠭᠴᠢᠳ ᠢ ᠵᠦᠪᠯᠡᠯᠴᠡᠨ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠬᠢᠭᠡᠳ ᠴᠢᠬᠤᠯᠠ ᠠᠵᠢᠯᠯᠠᠭ᠎ᠠ ᠶᠢ ᠨᠢᠬᠡᠲᠦᠯᠲᠡᠢ ᠲᠣᠬᠢᠷᠠᠭᠤᠯᠵᠤ᠂ ᠡᠭᠦᠷᠭᠡᠯᠡᠵᠦ ᠪᠠᠶᠢᠭ᠎ᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠠᠦᠯᠢ ᠶᠣᠰᠤᠭᠠᠷ ᠪᠥᠬᠦ ᠲᠠᠯ᠎ᠠ ᠪᠠᠷ ᠣᠷᠣᠨ ᠢᠶᠠᠨ ᠵᠠᠰᠠᠬᠤ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠬᠤᠯᠪᠤᠭᠳᠠᠯ ᠪᠥᠬᠦᠢ ᠰᠠᠯᠠᠭ᠎ᠠ ᠮᠦᠴᠢᠷ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ︽ᠰᠠᠨᠠᠯ︾᠎ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠶᠣᠰᠤᠭᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠥᠲᠦᠭᠡᠬᠦ ᠳᠤ ᠳᠦᠷᠢᠮ ᠤᠨ ᠬᠦᠳᠡᠯᠭᠡᠭᠴᠢ ᠬᠦᠴᠦᠨ ᠪᠣᠯᠣᠨ ᠬᠠᠦᠯᠢ ᠪᠠᠷ ᠵᠠᠰᠠᠬᠤ ᠪᠠᠲᠤᠯᠠᠭ᠎ᠠ ᠣᠯᠭᠤᠨ᠎ᠠ ᠭᠡᠪᠡ᠃      2016 ᠣᠨ ᠳᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ 14 ᠵᠦᠢᠯ ᠤᠨ ᠣᠷᠣᠨ ᠨᠣᠲᠤᠭ ᠤᠨ ᠴᠢᠨᠠᠷᠲᠠᠢ ᠬᠠᠦᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠨ᠎ᠠ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠤᠯᠪᠤᠭᠠᠨ ᠤ ᠪᠡᠯᠡᠳᠬᠡᠮᠵᠢ ᠶᠢᠨ ᠪᠥᠲᠦᠭᠡᠨ ᠪᠠᠶᠢᠭᠤᠯᠤᠯᠲᠠ ᠪᠣᠯᠣᠨ ᠬᠠᠮᠠᠭᠠᠯᠠᠬᠤ ᠳᠦᠷᠢᠮ᠂ ᠦᠨᠳᠦᠰᠦᠲᠡᠨ ᠤ ᠰᠣᠷᠭᠠᠨ ᠬᠦᠮᠦᠵᠢᠯ ᠤᠨ ᠳᠦᠷᠢᠮ᠂ ᠶᠣᠸᠠᠨ ᠤ ᠳᠡᠭᠡᠳᠦ ᠨᠡᠶᠢᠰᠯᠡᠯ ᠤᠨ ᠬᠠᠭᠤᠴᠢᠨ ᠪᠠᠭᠤᠷᠢ ᠶᠢ ᠬᠠᠮᠠᠭᠠᠯᠠᠬᠤ ᠳᠦᠷᠢᠮ᠂ ᠪᠣᠳᠠᠰ ᠤᠨ ᠪᠣᠰᠤ ᠰᠤᠶᠤᠯ ᠤᠨ ᠥᠪ ᠢ ᠬᠠᠮᠠᠭᠠᠯᠠᠬᠤ ᠳᠦᠷᠢᠮ᠂ ᠤᠤᠭᠤᠬᠤ ᠤᠰᠤᠨ ᠤ ᠰᠤᠷᠪᠤᠯᠵᠢ ᠶᠢ ᠬᠠᠮᠠᠭᠠᠯᠠᠬᠤ ᠳᠦᠷᠢᠮ᠂ ᠬᠦᠯᠦᠨ ᠨᠠᠭᠤᠷ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ ᠢ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ᠂ ᠬᠥᠮᠦᠨ ᠠᠮᠠ ᠪᠣᠯᠣᠨ ᠲᠥᠯᠦᠪᠯᠡᠭᠡᠲᠦ ᠦᠷᠡᠵᠢᠯ ᠤᠨ ᠳᠦᠷᠢᠮ᠂ ᠨᠣᠲᠤᠭ ᠪᠡᠯᠴᠢᠭᠡᠷ ᠢ ᠬᠠᠮᠠᠭᠠᠯᠠᠬᠤ ᠦᠨᠳᠦᠰᠦᠨ ᠳᠦᠷᠢᠮ᠂ ᠣᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠳᠦᠷᠢᠮ ᠵᠡᠷᠭᠡ ᠳᠤ ᠵᠠᠰᠠᠪᠤᠷᠢ ᠣᠷᠤᠭᠤᠯᠤᠨ᠎ᠠ᠃ ᠲᠣᠭᠲᠠᠭᠠᠬᠤ ᠵᠠᠰᠠᠪᠤᠷᠢ ᠣᠷᠤᠭᠤᠯᠬᠤ ᠬᠦᠴᠦᠨ ᠦᠭᠡᠢ ᠪᠣᠯᠭᠠᠬᠤ ᠲᠠᠶᠢᠯᠪᠣᠷᠢᠯᠠᠬᠤ ᠶᠢ ᠵᠡᠷᠭᠡᠴᠡᠭᠦᠯᠦᠨ ᠬᠡᠷᠡᠭᠯᠡᠬᠦ ᠶᠢ ᠪᠠᠷᠢᠮᠲᠠᠯᠠᠵᠤ᠂ ᠬᠡᠰᠡᠭ ᠣᠷᠣᠨ ᠨᠣᠲᠤᠭ ᠤᠨ ᠴᠢᠨᠠᠷᠲᠠᠢ ᠬᠠᠦᠯᠢ ᠲᠣᠭᠲᠠᠭᠠᠯ ᠳᠤ ᠵᠠᠰᠠᠪᠤᠷᠢ ᠣᠷᠤᠭᠤᠯᠬᠤ ᠲᠤᠬᠠᠢ 1 ᠵᠦᠢᠯ ᠤᠨ ᠲᠣᠭᠲᠠᠭᠠᠯ ᠭᠠᠷᠭᠠᠵᠤ᠂ 1 ᠵᠦᠢᠯ ᠤᠨ ᠣᠷᠣᠨ ᠨᠣᠲᠤᠭ ᠤᠨ ᠴᠢᠨᠠᠷᠲᠠᠢ ᠬᠠᠦᠯᠢ ᠲᠣᠭᠲᠠᠭᠠᠯ ᠢ ᠬᠦᠴᠦᠨ ᠦᠭᠡᠢ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号