ᠭᠡᠷᠡᠯ ᠰᠠᠴᠣᠷᠠᠩᠭᠤᠢ ᠨᠢᠳᠦ ᠭᠢᠯᠠᠰᠤᠮ᠎ᠠ ᠠᠯᠲᠠ ᠮᠥᠩᠭᠦᠨ ᠵᠠᠰᠠᠯ ᠴᠢᠮᠡᠭ᠂ ᠭᠤᠶᠢᠳᠠ ᠰᠠᠶᠢᠬᠠᠨ ᠬᠤᠪᠠᠨ | ᠰᠣᠨᠳᠣᠷ᠂ ᠲᠤᠩᠭᠠᠯᠠᠭ ᠭᠡᠭᠡᠨ ᠰᠢᠯ ᠰᠠᠪᠠ᠂ ᠪᠠᠶᠢᠭᠠᠯᠢ ᠶᠢᠨ ᠬᠢ ᠠᠴᠠ ᠪᠠᠨ ᠰᠠᠶᠢᠬᠠᠨ ᠤᠷᠠᠯᠠᠭᠰᠠᠨ ᠱᠠᠭᠠᠵᠠᠩ ᠪᠠ | ᠰᠢᠷᠳᠡᠮᠡᠯ ᠰᠠᠪᠠ ᠁ ᠥᠪᠥᠷ ᠮᠣᠩᠭᠤᠯ ᠤᠨ ᠮᠦᠽᠧᠶ ᠬᠢᠭᠡᠳ ᠶᠠᠩᠵᠸᠦ ᠬᠤᠲᠠ ᠶᠢᠨ ᠮᠦᠽᠧᠶ ᠶᠢᠨ ᠭᠤᠣᠯᠯᠠᠨ | ᠡᠷᠭᠢᠯᠡᠭᠰᠡᠨ ︽ᠰᠣᠨᠢᠨ ᠭᠠᠶᠢᠬᠠᠮᠰᠢᠭᠲᠤ ᠬᠢᠳᠠᠨ — ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ | ᠵᠦᠢᠯ ᠤᠨ ᠣᠬᠢ ᠦᠵᠡᠭᠦᠯᠦᠯᠭᠡ︾ ᠨᠢ 1 ᠳ᠋ᠦ᠋ᠭᠡᠷ ᠰᠠᠷ᠎ᠠ ᠶᠢᠨ 26 ᠤ ᠡᠳᠦᠷ ᠠᠴᠠ ᠡᠬᠢᠯᠡᠨ ᠶᠠᠩᠵᠸᠤ | ᠬᠤᠲᠠ ᠶᠢᠨ ᠮᠦᠽᠧᠶ ᠳᠤ ᠳᠡᠯᠭᠡᠨ ᠦᠵᠡᠭᠦᠯᠵᠦ᠂ 107 ᠵᠦᠢᠯ ︵ᠢᠵᠢ︶ ᠤᠨ ᠲᠡᠦᠬᠡ ᠶᠢᠨ ᠳᠤᠷᠠᠰᠬᠠᠯᠲᠤ ᠵᠦᠢᠯ | ᠨᠢ ᠬᠢᠳᠠᠨ ᠦᠨᠳᠦᠰᠦᠲᠡᠨ ᠤ ᠮᠠᠨᠳᠤᠨ ᠭᠠᠷᠤᠭᠰᠠᠨ ᠠᠴᠠ ᠦᠷᠨᠢᠨ ᠬᠦᠭᠵᠢᠭᠰᠡᠨ᠂ ᠴᠢᠨᠠᠭᠰᠢᠯᠠᠪᠠᠯ ᠰᠡᠷᠭᠦᠨ | ᠮᠠᠨᠳᠤᠭᠰᠠᠨ ᠬᠦᠷᠲᠡᠯᠡᠬᠢ᠂ ᠧᠦ᠋ᠷᠣᠫᠠ ᠠᠽᠢᠶ᠎ᠠ ᠶᠢ ᠬᠦᠨᠳᠡᠯᠡᠨ ᠭᠤᠣᠯᠳᠤ ᠲᠤᠭᠤᠯᠤᠨ᠂ ᠳᠡᠯᠡᠬᠡᠶ ᠳ᠋ᠠᠬᠢᠨ ᠢ | ᠨᠦᠯᠦᠭᠡᠯᠡᠭᠰᠡᠨ ᠪᠦᠬᠦ ᠶᠠᠪᠤᠴᠠ ᠶᠢ ᠪᠦᠬᠦ ᠲᠠᠯ᠎ᠠ ᠪᠠᠷ ᠬᠠᠷᠠᠭᠤᠯᠪᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠳᠡᠯᠭᠡᠨ ᠦᠵᠡᠭᠦᠯᠦᠯᠭᠡ ᠨᠢ 4 ᠳ᠋ᠦ᠋ᠭᠡᠷ ᠰᠠᠷ᠎ᠠ ᠶᠢᠨ 25 ᠤ ᠡᠳᠦᠷ | ᠪᠣᠯᠲᠠᠯ᠎ᠠ ᠦᠷᠭᠦᠯᠵᠢᠯᠡᠵᠦ᠂ ᠡᠭᠦᠨ ᠤ ᠳᠣᠲᠣᠷᠠᠬᠢ ᠯᠢᠶᠣᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ | ᠳᠤ ᠤᠯᠤᠰ ᠤᠨ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ 65 ᠵᠦᠢᠯ ︵ᠢᠵᠢ︶᠂ ᠬᠤᠶᠠᠳᠤᠭᠠᠷ | ᠳᠡᠰ ᠤᠨ ᠲᠡᠦᠬᠡ ᠶᠢᠨ ᠳᠤᠷᠠᠰᠬᠠᠯᠲᠤ ᠵᠦᠢᠯ 16 ᠵᠦᠢᠯ ︵ᠢᠵᠢ︶ ᠢ ᠪᠠᠶᠢᠨ᠎ᠠ᠃ ᠳᠡᠯᠭᠡᠨ ᠦᠵᠡᠭᠦᠯᠦᠯᠭᠡ ᠨᠢ | ᠥᠪᠡᠷᠲᠡᠭᠡᠨ ᠵᠠᠰᠠᠬᠤ ᠣᠷᠣᠨ ᠤ ᠦᠩᠭᠡᠷᠡᠭᠰᠡᠨ ᠳᠤ ᠨᠡᠭᠡᠭᠡᠨ ᠠᠭᠤᠳᠠᠯᠠᠭᠰᠠᠨ ᠬᠠᠭᠤᠴᠢ ᠰᠤᠳᠤᠯᠤᠯ ᠤᠨ ᠴᠧᠨ | ᠭᠦᠸᠧ ᠭᠦᠩᠵᠦ ᠶᠢᠨ ᠤᠩᠭᠤᠨ᠂ ᠶᠧᠯᠢᠤᠢ ᠠᠪᠤᠵᠢ ᠶᠢᠨ ᠤᠩᠭᠤᠠ ᠪᠠ ᠲᠤᠭᠤᠯᠵᠢᠨ ᠠᠭᠤᠯᠠ ᠶᠢᠨ ᠣᠩᠭᠤᠨ | ᠵᠡᠷᠭᠡ ᠭᠤᠷᠪᠠᠨ ᠲᠣᠮᠤ ᠯᠢᠶᠣᠤ ᠤᠯᠤᠰ ᠤᠨ ᠢᠵᠠᠭᠤᠷᠲᠠᠨ ᠤ ᠣᠩᠭᠤᠨ ᠠᠴᠠ ᠭᠠᠷᠤᠭᠰᠠᠨ ᠭᠤᠶᠢᠳᠠ ᠨᠠᠷᠢᠯᠢᠭ | ᠲᠡᠦᠬᠡ ᠶᠢᠨ ᠳᠤᠷᠠᠰᠬᠠᠯᠲᠤ ᠵᠦᠢᠯ ᠢᠶᠠᠷ ᠳᠡᠯᠭᠡᠨ ᠦᠵᠡᠭᠦᠯᠦᠯᠭᠡ ᠶᠢᠨ ᠭᠤᠣᠯ ᠴᠣᠭᠴᠠ ᠪᠣᠯᠭᠠᠵᠤ᠂ ᠬᠢᠳᠠᠨ | ᠦᠨᠳᠦᠰᠦᠲᠡᠨ ᠤ ᠭᠤᠸ᠎ᠠ ᠰᠠᠶᠢᠬᠠᠨ ᠤ ᠳᠤᠷ᠎ᠠ ᠰᠣᠨᠢᠷᠬᠠᠯ᠂ ᠰᠣᠶᠣᠯ ᠤᠨ ᠵᠠᠩ ᠳᠠᠳᠬᠠᠯ᠂ ᠠᠮᠢᠳᠤᠷᠠᠯ ᠤᠨ ᠠᠷᠭ᠎ᠠ | ᠮᠠᠶ᠋ᠢᠭ᠂ ᠬᠡᠭᠦᠷ ᠤᠩᠭᠤᠠ ᠤ ᠲᠦᠷᠢᠮ ᠵᠡᠷᠭᠡ ᠶᠢ ᠲᠥᠪᠯᠡᠷᠡᠭᠦᠯᠦᠨ ᠦᠵᠡᠭᠦᠯᠪᠡ᠃ | ᠤᠳᠤ ᠨᠢᠭᠡᠨᠲᠡ ᠮᠠᠯᠲᠠᠵᠤ ᠢᠯᠡᠷᠡᠭᠦᠯᠦᠭᠰᠡᠨ ᠡᠷᠲᠡᠨ ᠤ ᠤᠩᠭᠤᠨ ᠤ ᠳᠣᠲᠤᠷ᠎ᠠ᠂ 1986 ᠣᠨ ᠳᠤ | ᠨᠡᠭᠡᠭᠡᠨ ᠠᠭᠤᠳᠠᠯᠯᠠᠭᠰᠠᠨ ︽ᠴᠧᠨ ᠭᠦᠸᠧ ᠭᠦᠩᠵᠦ ᠶᠢᠨ ᠤᠩᠭᠤᠨ︾ ᠪᠣᠯ ᠣᠳᠣ ᠪᠣᠯᠲᠠᠯ᠎ᠠ ᠬᠠᠮᠤᠭ ᠤᠨ ᠪᠦᠷᠢᠨ | ᠪᠦᠲᠦᠨ᠂ ᠬᠡᠪᠴᠢᠶ᠎ᠡ ᠪᠠᠷ ᠬᠠᠮᠤᠭ ᠤᠨ ᠶᠡᠭᠡ᠂ ᠢᠯᠡᠷᠡᠭᠦᠯᠦᠯᠲᠡ ᠶᠢᠨ ᠪᠣᠳᠠᠰ ᠨᠢ ᠬᠠᠮᠤᠭ ᠤᠨ ᠠᠷᠪᠢᠨ ᠯᠢᠶᠣᠤ | ᠤᠯᠤᠰ ᠤᠨ ᠬᠠᠭᠠᠨ ᠤ ᠢᠵᠠᠭᠤᠷᠲᠠᠨ ᠤ ᠬᠠᠮᠲᠤ ᠶᠢᠨ ᠣᠷᠤᠰᠢᠭᠤᠯᠭ᠎ᠠ ᠶᠢᠨ ᠤᠩᠭᠤᠨ ᠪᠣᠯᠤᠨ᠎ᠠ᠃ |