ᠪᠦᠬᠦ ᠣᠷᠣᠨ ᠤ ᠬᠢᠯᠢ ᠪᠠᠷ ᠭᠠᠷᠴᠤ ᠣᠷᠣᠬᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/1/26
     1 ᠳ᠋ᠦ᠋ᠭᠡᠷ ᠰᠠᠷ᠎ᠠ ᠶᠢᠨ 20᠎ ᠤ ᠡᠳᠦᠷ᠂ ᠪᠥᠬᠦ ᠣᠷᠣᠨ ᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠤᠨ ᠲᠦᠷᠦ ᠶᠢᠨ ᠶᠠᠪᠤᠳᠠᠯ ᠤᠨ ᠭᠡᠰᠢᠭᠦᠨ ᠸᠠᠩ ᠶᠦᠩ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠲᠣᠪᠴᠢᠶᠠᠨ ᠤ ᠳᠠᠷᠤᠭ᠎ᠠ ᡁᠢ ᠱᠦ ᠫᠢᠩ ᠤᠨ ᠪᠦᠬᠦ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠤᠨ ᠬᠤᠷᠠᠯ ᠳᠡᠭᠡᠷ᠎ᠡ ᠬᠢᠭᠰᠡᠨ ᠮᠡᠳᠡᠭᠦᠯᠦᠯᠲᠡ ᠪᠠ ᠲᠣᠪᠴᠢᠶᠠᠨ ᠳᠡᠳ᠋ ᠳᠠᠷᠤᠭ᠎ᠠ ᠮᠸᠢ ᠺᠧ ᠪᠣᠣ ᠶᠢᠨ ᠬᠢᠭᠰᠡᠨ ᠳ᠋ᠦᠩᠨᠡᠯᠲᠡ ᠶᠢᠨ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠲᠣᠪᠴᠢᠶᠠᠨ ᠳᠠᠷᠤᠭ᠎ᠠ ᠵᠠᠨ ᠱᠣᠣ ᠲᠦᠩ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠠᠵᠢᠯ ᠤᠨ ᠮᠡᠳᠡᠭᠦᠯᠦᠯᠲᠡ ᠬᠢᠵᠡᠶ᠃      ᠲᠣᠪᠴᠢᠶᠠᠨ ᠳᠠᠷᠤᠭ᠎ᠠ ᠵᠠᠨ ᠱᠣᠣ ᠲᠦᠩ ᠠᠵᠢᠯ ᠤᠨ ᠮᠡᠳᠡᠭᠦᠯᠦᠯᠲᠡ ᠳᠡᠭᠡᠨ ︽12.5︾᠎ ᠶᠢᠨ ᠬᠤᠭᠤᠴᠠᠭ᠎ᠠ ᠪᠠ 2015 ᠣᠨ ᠳᠤ ᠠᠵᠢᠯ ᠢ ᠡᠷᠭᠢᠴᠡᠭᠦᠯᠵᠦ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠢ ᠰᠤᠳᠤᠯᠤᠨ ᠮᠠᠭᠠᠳᠯᠠᠵᠤ᠂ ︽13 · 5︾᠎ ᠶᠢᠨ ᠬᠤᠭᠤᠴᠠᠭᠠᠨ ᠤ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ 2016 ᠣᠨ ᠤ ᠠᠵᠢᠯ ᠳᠤ ᠪᠠᠶᠢᠷᠢᠯᠠᠭᠤᠯᠤᠯᠲᠠ ᠪᠠ ᠳᠤᠬᠢᠷᠠᠭᠤᠯᠤᠯᠳᠠ ᠬᠢᠪᠡ᠃ ᠠᠵᠢᠯ ᠤᠨ ᠮᠡᠳᠡᠭᠦᠯᠦᠯᠲᠡ ᠨᠢ ᠶᠡᠷᠦᠩᠬᠡᠶ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠠᠪᠴᠠᠯᠳᠤᠭᠤᠯᠵᠤ᠂ ︽ᠥᠭᠡᠷᠡᠴᠢᠯᠡᠬᠦ᠂ ᠰᠢᠨ᠎ᠡ ᠶᠢ ᠡᠭᠦᠳᠬᠦ᠂ ᠬᠥᠭᠵᠢᠭᠦᠯᠬᠦ︾ ᠣᠨᠣᠯᠵᠢᠬᠤᠨ ᠲᠠᠢ ᠤᠶᠠᠯᠳᠤᠭᠤᠯᠤᠨ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ︽ᠤᠬᠢ ᠰᠢᠯᠢᠳᠡᠭ ᠢ ᠨᠢ ᠣᠷᠣᠭᠤᠯᠵᠤ ᠭᠠᠷᠭᠠᠬᠤ︾᠎ ᠶᠢ ᠠᠬᠢᠭᠤᠯᠬᠤ︔ ᠨᠤᠲᠤᠭ ᠤᠰᠤ ᠪᠠᠨ ᠬᠠᠮᠠᠭᠠᠯᠠᠬᠤ ᠬᠠᠷᠢᠭᠤᠴᠠᠯᠭ᠎ᠠ ᠶᠢ ᠪᠠᠷᠢᠮᠲᠠᠯᠠᠵᠤ᠂ ᠤᠯᠤᠰ ᠤᠨ ᠡᠭᠦᠳᠡ ᠶᠢᠨ ᠰᠡᠷᠭᠡᠶᠢᠯᠡᠯᠲᠡ ᠶᠢᠨ ᠱᠤᠭᠤᠮ ᠢ  ᠪᠠᠬᠢᠵᠢᠭᠦᠯᠬᠦ︔ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ︔ ᠬᠥᠭᠵᠢᠯᠲᠡ ᠶᠢᠨ ᠰᠠᠭᠤᠷᠢ ᠶᠢ ᠪᠠᠲᠤᠳᠬᠠᠨ᠂ ᠬᠢᠯᠢ ᠳᠠᠭᠠᠤ ᠶᠢᠨ ᠬᠦᠴᠦᠷᠬᠡᠭ ᠲᠣᠪᠴᠢᠶ᠎ᠠ ᠶᠢ ᠴᠣᠭᠴᠠᠯᠠᠬᠤ ᠵᠡᠷᠭᠡ ᠳᠥᠷᠪᠡᠨ ᠲᠠᠯ᠎ᠠ ᠠᠴᠠ ᠶᠡᠷᠦᠩᠬᠡᠶ ᠰᠡᠳᠬᠢᠴᠡ ᠪᠠ ᠱᠠᠭᠠᠷᠳᠠᠯᠭ᠎ᠠ ᠳᠤᠷᠠᠳᠪᠠ᠃ ᠪᠥᠬᠦ ᠣᠷᠣᠨ ᠤ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠶᠢᠨ ᠰᠢᠰᠲ᠋ᠧᠮ ᠤᠨ ᠺᠠᠳ᠋ᠷ ᠠᠵᠢᠯᠲᠠᠳ ᠲᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ︽ᠠᠷᠪᠠᠨ ᠬᠤᠶᠠᠷ ᠦᠰᠦᠭ ᠤᠨ ᠴᠢᠭᠯᠡᠯᠲᠡ︾ ᠶᠣᠰᠣᠭᠠᠷ᠂ ︽ ᠰᠠᠶᠢᠨ ᠢ ᠡᠵᠡᠮᠰᠢᠨ ᠪᠠᠶᠢᠴᠠᠭᠠᠬᠤ ᠶᠢ ᠡᠷᠬᠢᠮᠯᠡᠵᠦ᠂ ᠬᠢᠯᠢ ᠪᠠᠨ ᠬᠠᠮᠠᠭᠠᠯᠠᠵᠤ ᠠᠷᠠᠳ ᠲᠤ ᠠᠰᠢᠭ ᠬᠦᠷᠲᠡᠭᠡᠬᠦ︾ ᠥᠷᠲᠡᠭ ᠤᠨ ᠣᠨᠣᠯᠵᠢᠬᠤᠨ ᠢ ᠪᠠᠳᠠᠷᠠᠭᠤᠯᠵᠤ᠂ ᠪᠡᠶᠡᠴᠢ ᠴᠢᠳᠠᠮᠠᠭᠠᠶ ᠴᠢᠨᠠᠷ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠠᠷᠭᠠᠴᠠᠭᠠᠵᠤ᠂ 2016 ᠣᠨ ᠤ ᠠᠵᠢᠯ ᠢᠶᠠᠨ ᠴᠢᠷᠮᠠᠶᠢᠨ ᠰᠠᠶᠢᠳᠤᠷ ᠬᠢᠵᠦ᠂ ︽13.5︾᠎ ᠶᠢᠨ ᠲᠥᠯᠥᠪᠵᠢᠭᠦᠯᠭᠡ ᠶᠢ ᠢᠳᠡᠷᠡᠭᠦᠨ ᠠᠯᠬᠤᠭ᠎ᠠ ᠪᠠᠷ ᠡᠬᠢᠯᠡᠭᠦᠯᠵᠦ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠦᠢᠯᠡᠰ ᠤᠨ ᠬᠥᠭᠵᠢᠯᠲᠡ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠵᠤ ᠠᠬᠤᠶ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠰᠢᠨ᠎ᠡ ᠳᠡᠭᠲᠡᠷ ᠲᠤ ᠭᠠᠷᠭᠠᠬᠤ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠲᠣᠪᠴᠢᠶᠠᠨ ᠳᠡᠳ᠋ ᠳᠠᠷᠤᠭ᠎ᠠ ᠬᠤᠸᠠᠩ ᠶᠦᠩ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠠᠩ ᠵᠢᠶᠦ᠋ᠨ ᠠᠴᠠ ᠲᠤᠰ ᠲᠤᠰ ᠶᠡᠷᠦᠩᠬᠡᠶ ᠲᠣᠪᠴᠢᠶ᠎ᠠ ᠶᠢᠨ ᠤᠳᠤᠷᠢᠳᠤᠯᠭ᠎ᠠ ᠶᠢᠨ ᠶᠠᠷᠢᠶ᠎ᠠ ᠶᠢ ᠤᠯᠠᠮᠵᠢᠯᠠᠵᠤ᠂ ᠲᠤᠪᠴᠢᠶᠠᠨ ᠳᠡᠳ᠋ ᠳᠠᠷᠤᠭ᠎ᠠ ᠰᠡᠴᠡᠨᠬᠦᠦ ᠬᠤᠷᠠᠯ ᠢ ᠡᠷᠬᠢᠯᠡᠪᠡ᠃      ᠬᠤᠷᠠᠯ ᠳᠤ ᠣᠷᠣᠯᠴᠠᠭᠰᠠᠳ ᠮᠡᠳᠡᠭᠦᠯᠦᠯᠲᠡ ᠶᠢᠨ ᠲᠣᠭᠤᠷᠢᠨ ᠳᠤ ᠳᠤᠭᠤᠶᠢᠯᠠᠩ ᠬᠤᠪᠢᠶᠠᠵᠤ ᠶᠠᠷᠢᠯᠴᠠᠪᠠ᠃ ᠵᠠᠨ ᠲᠣᠪᠴᠢᠶᠠᠨ ᠳᠠᠷᠤᠭ᠎ᠠ ᠶᠢᠨ ᠠᠵᠢᠯ ᠤᠨ ᠮᠡᠳᠡᠭᠦᠯᠦᠯᠲᠡ ᠶᠢᠨ ᠵᠣᠭᠰᠣᠴᠠ ᠨᠢ ᠥᠨᠳᠦᠷ᠂ ᠭᠤᠣᠯ ᠰᠠᠨᠠᠭ᠎ᠠ ᠨᠢ ᠰᠢᠨ᠎ᠡ᠂ ᠪᠤᠲᠠᠲᠠᠢ ᠶᠢ ᠡᠷᠬᠢᠮᠯᠡᠵᠦ᠂ ᠬᠢᠷᠢ ᠪᠦᠲᠦᠮᠵᠢ ᠶᠢ ᠳ᠋ᠦᠩᠨᠡᠭᠰᠡᠨ ᠨᠢ ᠦᠨᠡᠨ ᠪᠣᠳᠠᠲᠠᠶ᠂ ᠪᠠᠶᠢᠳᠠᠯ ᠢ ᠵᠠᠳᠠᠯᠤᠭᠰᠠᠨ ᠨᠢ ᠭᠦᠨ ᠭᠦᠨᠵᠡᠭᠡᠶ᠂ ᠡᠭᠦᠷᠭᠡ ᠶᠢ ᠨᠠᠷᠢᠨ ᠨᠢᠮᠪᠠᠶ ᠪᠦᠬᠦ ᠲᠠᠯ᠎ᠠ ᠪᠠᠷ ᠪᠠᠶᠢᠷᠢᠯᠠᠭᠤᠯᠵᠤ᠂ ᠪᠦᠬᠦ ᠮᠡᠳᠡᠭᠦᠯᠦᠯᠲᠡ ᠳᠤ ︽ᠥᠭᠡᠷᠡᠴᠢᠯᠡᠬᠦ᠂ ᠰᠢᠨ᠎ᠡ ᠶᠢ ᠡᠭᠦᠳᠬᠦ᠂ ᠬᠥᠭᠵᠢᠭᠦᠯᠬᠦ︾ ᠣᠨᠣᠯᠵᠢᠬᠤᠨ ᠢ ᠲᠤᠤᠱᠯᠠᠭᠤᠯᠵᠤ᠂ ᠡᠯ᠎ᠡ ᠵᠦᠢᠯ ᠤᠨ ᠠᠵᠢᠯ ᠢ ᠥᠷᠨᠢᠭᠦᠯᠬᠦ ᠶᠢᠨ ᠴᠢᠬᠤᠯᠠ ᠠᠵᠢᠯᠯᠠᠭᠠᠨ ᠤ ᠵᠦᠭᠯᠡᠭᠦᠷ ᠪᠣᠯᠣᠭᠰᠠᠨ ᠪᠠᠶᠢᠨ᠎ᠠ ᠭᠡᠵᠦ ᠣᠯᠠᠨ ᠢᠶᠠᠷ ᠢᠶᠠᠨ ᠰᠠᠨᠠᠯ ᠨᠢᠭᠡᠲᠡᠶ ᠦᠵᠡᠵᠡᠭᠡᠪᠡ᠃      21᠎ ᠤ ᠡᠳᠦᠷ᠂ ᠡᠯ᠎ᠡ ᠵᠥᠪᠯᠡᠬᠦ ᠵᠦᠢᠯᠡᠰ ᠢᠶᠠᠨ ᠵᠥᠪᠯᠡᠵᠦ ᠪᠠᠷᠠᠭᠠᠳ ᠬᠤᠷᠠᠯ ᠲᠡᠭᠦᠰᠪᠡ᠃ ᠲᠣᠪᠴᠢᠶᠠᠨ ᠳᠡᠳ᠋ ᠳᠠᠷᠤᠭ᠎ᠠ ᠰᠡᠴᠡᠨᠬᠦᠦ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠪᠦᠬᠦ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠣᠪᠴᠢᠶᠠᠨ ᠳᠡᠳ᠋ ᠳᠠᠷᠤᠭ᠎ᠠ ᠵᠣᠣ ᠢᠦᠢ ᠲᠡᠭᠦᠰᠬᠦ ᠬᠤᠷᠠᠯ ᠢ ᠡᠷᠬᠢᠯᠡᠪᠡ᠃      ᠡᠯ᠎ᠡ ᠰᠠᠯᠪᠤᠷᠢ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠪᠠ ᠲᠣᠪᠴᠢᠶ᠎ᠠ ᠶᠢᠨ ᠪᠠᠶᠢᠭᠤᠯᠭ᠎ᠠ ᠶᠢᠨ ᠪᠦᠬᠦ ᠺᠠᠳ᠋ᠷᠴᠤᠳ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号