ᠥᠪᠥᠷ ᠵᠠᠰᠠᠭ ᠠᠯᠪᠠᠨ ᠲᠠᠷᠬᠠᠭᠠᠭᠰᠠᠨ ﹇2015﹈ 82 ᠳ᠋ᠤᠭᠠᠷ ᠲᠤᠭᠠᠳᠤ | 8 ᠳ᠋ᠤᠭᠠᠷ ᠰᠠᠷ᠎ᠠ ᠶᠢᠨ 11 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠠ ᠳᠤ᠄ | ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠤᠷᠳᠤᠨ ᠤ | ᠡᠭᠦᠷᠭᠡ ᠴᠢᠳᠠᠪᠦᠷᠢ ᠶᠢ ᠬᠤᠪᠢᠷᠠᠭᠤᠯᠬᠤ ᠶᠢ ᠲᠦᠷᠭᠡᠳᠬᠡᠨ᠂ ᠵᠠᠰᠠᠭ ᠤᠨ ᠤᠷᠳᠤᠨ ᠤ ᠵᠠᠰᠠᠯᠲᠠ ᠶᠢᠨ ᠴᠢᠳᠠᠪᠦᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠬᠠᠮᠢᠶᠠᠷᠤᠯᠲᠠ ᠳᠤ ᠰᠢᠨ᠎ᠡ ᠶᠢ ᠡᠭᠦᠳᠬᠦ ᠶᠢ | ᠠᠬᠢᠭᠤᠯᠬᠤ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠥᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠷᠬᠡ ᠶᠢᠨ ᠨᠠᠷᠢᠨ ᠬᠠᠭᠤᠳᠠᠰᠤ ᠶᠢᠨ | ᠳᠦᠷᠢᠮ ᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠲᠥᠪ ᠠᠯᠪᠠᠨ ᠲᠠᠷᠬᠠᠭᠠᠭᠰᠠᠨ ﹇2015﹈ 21 | ᠳ᠋ᠤᠭᠡᠷ ᠲᠤᠭᠠᠲᠤ︶ ᠪᠠ ︽2015 ᠣᠨ ᠤ ᠵᠠᠰᠠᠭ ᠢ ᠴᠣᠮᠬᠠᠳᠬᠠᠨ ᠡᠷᠬᠡ ᠶᠢ ᠲᠤᠷᠤᠬᠰᠢ ᠪᠠᠭᠤᠯᠭᠠᠨ ᠪᠠᠭᠤᠯᠭᠠᠵᠤ | ᠬᠠᠮᠢᠶᠠᠷᠬᠤ ᠶᠢ ᠤᠶᠠᠯᠳᠤᠭᠤᠯᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠬᠤ | ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ | ᠲᠥᠷᠦ ᠲᠠᠷᠬᠠᠭᠠᠭᠰᠠᠨ ﹇2015﹈ 29 ᠳ᠋ᠤᠭᠡᠷ ᠲᠤᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠤᠷᠤᠨ ᠤ ᠬᠡᠪᠴᠢᠶᠡᠨ ᠳᠤ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠨᠠᠶᠢᠷᠠᠭᠤᠯᠤᠨ ᠵᠤᠬᠢᠶᠠᠬᠤ ᠠᠵᠢᠯ ᠢ ᠦᠷᠨᠢᠭᠦᠯᠬᠦ ᠪᠠᠷ ᠲᠤᠭᠲᠠᠪᠠ᠃ | ᠡᠳᠦᠭᠡ ᠬᠤᠯᠪᠤᠭᠳᠠᠯ ᠪᠦᠬᠦᠢ ᠵᠦᠢᠯᠡᠰ ᠢ ᠲᠤᠤᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ | 2015 ᠣᠨ ᠳᠤ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠤᠷᠳᠤᠨ ᠤ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠠᠵᠢᠯ ᠢ ᠪᠡᠶᠡᠯᠡᠭᠦᠯᠵᠦ᠂ | ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠤᠷᠳᠤᠨ ᠤ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠨᠦᠭᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠤᠭᠤᠷᠢᠭ︶ ᠢ ᠰᠤᠩᠭᠤᠨ ᠲᠤᠷᠰᠢᠯᠳᠠ ᠴᠢᠬ ᠤᠨ ᠠᠵᠢᠯ ᠢ ᠵᠡᠷᠬᠡ ᠳᠤᠨᠢ ᠦᠷᠨᠢᠭᠦᠯᠦᠨ᠎ᠡ︔ 2016 | ᠣᠨ ᠳᠤ ᠪᠦᠬᠦ ᠤᠷᠤᠨ ᠤ ᠬᠡᠪᠴᠢᠶᠡᠨ ᠳᠤ ᠭᠤᠷᠪᠠᠨ ᠱᠠᠲᠤᠨ ᠤ ᠵᠠᠰᠠᠭ ᠤᠨ ᠤᠷᠳᠤᠨ ᠤ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠶᠢᠨ ᠳᠦᠷᠢᠮ ᠢ ᠪᠠᠶᠢᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠤᠷᠬᠠᠶᠢᠯᠠᠨ᠂ | ᠬᠠᠷᠢᠭᠤᠴᠠᠯᠭ᠎ᠠ ᠬᠡᠯᠡᠯᠴᠡᠬᠦ ᠲᠤᠭᠲᠠᠴᠠ ᠶᠢ ᠪᠦᠷᠢᠨᠰᠢᠭᠦᠯᠵᠦ᠂ ︽ᠬᠠᠤᠯᠢ ᠪᠠᠷ ᠲᠤᠭᠲᠠᠭᠰᠠᠨ ᠡᠬᠦᠷᠬᠡ | ᠬᠠᠷᠢᠭᠤᠴᠠᠯᠭ᠎ᠠ ᠪᠠᠨ ᠡᠷᠬᠡᠪᠰᠢ ᠭᠦᠢᠴᠡᠳᠭᠡᠬᠦ︾ ᠶᠢ ᠪᠡᠶᠡᠯᠡᠭᠦᠯᠦᠨ᠎ᠡ᠃ | ᠬᠤᠶᠠᠷ᠂ ᠠᠵᠢᠯ ᠤᠨ ᠠᠯᠬᠤᠮ ᠳᠠᠷᠠᠭ᠎ᠠ | ︵ᠨᠢᠭᠡ︶ ᠨᠢᠭᠡᠳᠦᠭᠡᠷ ᠱᠠᠲᠤ ᠦᠶ᠎ᠡ᠄ ᠦᠪᠡᠷ ᠢᠶᠠᠨ ᠡᠮᠬᠢᠯᠡᠬᠦ ᠪᠠ ᠦᠪᠡᠷ ᠢᠶᠠᠨ ᠬᠢᠨᠠᠨ ᠬᠠᠷᠭᠤᠭᠤᠯᠬᠤ | ᠱᠠᠲᠤ ᠦᠶ᠎ᠡ ︵2015 ᠣᠨ ᠤ 8 ᠳ᠋ᠤᠭᠠᠷ ᠰᠠᠷ᠎ᠠ ᠶᠢᠨ 10 ᠤ ᠡᠳᠦᠷ — 9 ᠳ᠋ᠤᠭᠡᠷ ᠰᠠᠷ᠎ᠠ ᠶᠢᠨ 10 ᠤ | ᠡᠳᠦᠷ ᠪᠣᠯᠲᠠᠯ᠎ᠠ︶᠃ | 1. ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠡᠷᠬᠡ ᠶᠢᠨ ᠨᠠᠷᠢᠨ | ᠬᠠᠭᠤᠳᠠᠰᠤᠨ ᠳᠤ ᠲᠣᠳᠣᠷᠬᠠᠶ ᠨᠤᠲᠠᠯᠠᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢᠶᠠᠷ ᠰᠠᠭᠤᠷᠢ ᠪᠣᠯᠭᠠᠵᠤ᠂ | ᠵᠠᠰᠠᠭ ᠵᠠᠬᠢᠷᠭᠠᠨ ᠤ ᠡᠷᠬᠡ ᠲᠠᠢ ᠬᠠᠷᠢᠯᠴᠠᠨ ᠵᠤᠬᠢᠴᠠᠯᠳᠤᠬᠤ ᠬᠠᠷᠢᠭᠤᠴᠠᠯᠭ᠎ᠠ ᠶᠢᠨ ᠠᠭᠤᠯᠭ᠎ᠠ ᠶᠢ ᠵᠦᠢᠯ ᠳᠠᠷᠠᠭᠠᠯᠠᠨ | ᠡᠮᠬᠢᠯᠡᠵᠦ᠂ ︽ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠲᠣᠳᠣᠷᠬᠠᠶᠢᠯᠠᠯᠲᠠ︾ ︵ | ᠨᠠᠷᠢᠨ ᠠᠭᠤᠯᠭ᠎ᠠ ᠶᠢ ᠳᠠᠭᠠᠯᠳᠤᠭᠤᠯᠤᠯ 1 ᠳᠤ ᠦᠵᠡᠭᠡᠷᠡᠢ︶ ᠶᠢᠨ ᠱᠠᠭᠠᠷᠳᠠᠯᠭ᠎ᠠ ᠶᠣᠰᠣᠭᠠᠷ ᠬᠠᠷᠢᠭᠤᠴᠠᠯᠭ᠎ᠠ ᠶᠢᠨ | ᠵᠦᠢᠯᠡᠰ᠂ ᠬᠠᠷᠢᠭᠤᠴᠠᠯᠭ᠎ᠠ ᠬᠡᠯᠡᠯᠴᠡᠬᠦ ᠪᠠᠶᠢᠳᠠᠯ ᠪᠠ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠳᠠ ᠶᠢ | ᠵᠠᠳᠠᠯᠬᠤ ᠶᠢᠨ ᠬᠠᠮᠲᠤ ︽ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ︵ᠦᠯᠢᠭᠡᠷ ᠬᠦᠰᠦᠨᠦᠭᠲᠦ ᠶᠢ | ᠳᠠᠭᠠᠯᠳᠤᠭᠤᠯᠤᠯ 2 ᠲᠤ ᠦᠵᠡᠭᠡᠷᠡᠢ︶ ᠶᠢ ᠲᠠᠭᠯᠠᠬᠤ ᠬᠡᠷᠡᠭᠲᠡᠢ᠃ | 2. ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ ᠬᠠᠤᠯᠢ ᠳᠦᠷᠢᠮ ᠤᠨ | ᠪᠠᠶᠢᠭᠤᠯᠤᠮᠵᠢ ᠨᠤᠭᠤᠳ ᠲᠤᠰ ᠰᠠᠯᠠᠭ᠎ᠠ ᠮᠦᠴᠢᠷ ᠤᠨ ᠢᠶᠠᠨ ᠡᠮᠬᠢᠯᠡᠨ ᠭᠠᠷᠭᠠᠭᠰᠠᠨ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠪᠠᠨ ᠵᠦᠢᠯ ᠳᠠᠷᠠᠭᠠᠯᠠᠨ ᠬᠢᠨᠠᠨ ᠬᠠᠷᠭᠤᠭᠤᠯᠵᠤ᠂ ᠡᠷᠬᠡ ᠬᠠᠷᠢᠭᠤᠴᠠᠯᠭ᠎ᠠ ᠵᠤᠬᠢᠴᠠᠬᠤ ᠦᠭᠡᠢ ᠶᠢ ᠨᠢ | ᠲᠤᠬᠢᠷᠠᠭᠤᠯᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠤᠭᠠᠳᠤᠢ ᠶᠢ ᠨᠢ ᠨᠠᠷᠢᠯᠢᠬᠵᠢᠭᠤᠯᠤᠨ᠂ ᠠᠭᠤᠯᠭ᠎ᠠ ᠨᠢ ᠪᠦᠷᠢᠨ | ᠪᠤᠰᠤ ᠶᠢ ᠨᠢ ᠪᠦᠷᠢᠨ ᠪᠣᠯᠭᠠᠬᠤ ᠬᠡᠷᠡᠭᠲᠡᠢ᠃ | ᠳᠡᠭᠡᠷ᠎ᠡ ᠳᠤᠷᠠᠳᠤᠭᠰᠠᠨ ᠠᠵᠢᠯ ᠢ 2015 ᠣᠨ ᠤ 9 ᠳ᠋ᠤᠭᠡᠷ ᠰᠠᠷ᠎ᠠ ᠶᠢᠨ 10 ᠤ ᠡᠳᠦᠷ ᠠᠴᠠ ᠡᠮᠦᠨ᠎ᠡ | ᠪᠡᠶᠡᠯᠡᠭᠦᠯᠬᠦ ᠶᠢᠨ ᠬᠠᠮᠲᠤ ᠪᠠᠰᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠪᠡᠷᠲᠡᠭᠡᠨ ᠵᠠᠰᠠᠬᠤ ᠤᠷᠤᠨ ᠤ | ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠬᠤ ᠬᠡᠷᠡᠭᠲᠡᠢ᠃ | ︵ᠬᠤᠶᠠᠷ︶ ᠬᠤᠶᠠᠳᠤᠭᠠᠷ ᠱᠠᠲᠤ ᠦᠶ᠎ᠡ᠄ ᠬᠢᠨᠠᠨ ᠬᠠᠷᠭᠤᠭᠤᠯᠵᠤ ᠨᠤᠲᠠᠯᠠᠬᠤ ᠱᠠᠲᠤ ᠦᠶ᠎ᠡ ︵9 ᠳ᠋ᠤᠭᠡᠷ | ᠰᠠᠷ᠎ᠠ ᠶᠢᠨ 11 ᠤ ᠡᠳᠦᠷ — 10 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶᠃ | 1. ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠠᠴᠠ ᠡᠯ᠎ᠡ ᠰᠠᠯᠠᠭ᠎ᠠ | ᠮᠦᠴᠢᠷ ᠤᠳ ᠤᠨ ᠮᠡᠳᠡᠭᠦᠯᠦᠨ ᠬᠦᠷᠭᠡᠭᠰᠡᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠠᠩᠬ᠎ᠠ ᠤᠳᠠᠭ᠎ᠠ ᠬᠢᠨᠠᠨ | ᠬᠠᠷᠭᠤᠭᠤᠯᠵᠤ᠂ ᠬᠢᠨᠠᠨ ᠬᠠᠷᠭᠤᠭᠤᠯᠬᠤ ᠳᠤᠮᠳᠠ ᠲᠤᠯᠭᠠᠷᠠᠭᠰᠠᠨ ᠠᠰᠠᠭᠤᠳᠠᠯ ᠢ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠠᠢ ᠶᠠᠷᠢᠯᠴᠠᠨ ᠰᠤᠳᠤᠯᠵᠤ᠂ ᠲᠤᠰᠬᠠᠢ ᠮᠡᠷᠭᠡᠵᠢᠯᠲᠡᠳ ᠢ ᠵᠤᠬᠢᠶᠠᠨ ᠪᠠᠶᠢᠭᠤᠯᠤᠨ ᠨᠤᠲᠠᠯᠠᠭᠤᠯᠬᠤ ᠶᠢᠨ | ᠬᠠᠮᠲᠤ ᠬᠡᠷᠡᠭᠵᠢᠭᠦᠯᠦᠭᠦᠰᠡᠲᠡᠢ ᠰᠠᠨᠠᠯ ᠢ ᠳᠤᠷᠠᠳᠬᠤ ᠬᠡᠷᠡᠭᠲᠡᠢ᠃ | 2. ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠨᠢ ᠠᠩᠬ᠎ᠠ ᠤᠳᠠᠭ᠎ᠠ ᠶᠢᠨ ᠬᠢᠨᠠᠨ | ᠬᠠᠷᠭᠤᠭᠤᠯᠤᠭᠰᠠᠨ ᠦᠷ᠎ᠡ ᠳ᠋ᠦᠩ ᠢ ᠡᠯ᠎ᠡ ᠰᠠᠯᠠᠭ᠎ᠠ ᠮᠦᠴᠢᠷ ᠲᠤ ᠡᠭᠡᠭᠡᠭᠦᠯᠦᠨ ᠪᠤᠴᠠᠭᠠᠵᠤ᠂ ᠡᠯ᠎ᠡ ᠰᠠᠯᠠᠭ᠎ᠠ | ᠮᠦᠴᠢᠷ ᠠᠴᠠ ᠬᠢᠨᠠᠨ ᠬᠠᠷᠭᠤᠭᠤᠯᠤᠭᠰᠠᠨ ᠰᠠᠨᠠᠭᠤᠯᠭ᠎ᠠ ᠶᠢ ᠦᠨᠳᠦᠰᠦᠯᠡᠨ ᠲᠤᠰ ᠰᠠᠯᠠᠭ᠎ᠠ ᠮᠦᠴᠢᠷ ᠤᠨ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠵᠠᠰᠠᠪᠦᠷᠢ ᠤᠷᠤᠭᠤᠯᠬᠤ ᠪᠠ ᠲᠡᠭᠦᠯᠳᠡᠷᠵᠢᠭᠦᠯᠬᠦ ᠶᠢᠨ ᠬᠠᠮᠲᠤ | ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ ᠬᠤᠶᠠᠳᠡᠬᠢ | ᠤᠳᠠᠭ᠎ᠠ ᠬᠢᠨᠠᠨ ᠬᠠᠷᠭᠤᠭᠤᠯᠬᠤ ᠬᠡᠷᠡᠭᠲᠡᠢ᠃ | 3. ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠨᠢ ᠬᠤᠶᠠᠳᠡᠬᠢ ᠤᠳᠠᠭ᠎ᠠ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠡᠯ᠎ᠡ ᠰᠠᠯᠠᠭ᠎ᠠ ᠮᠦᠴᠢᠷ ᠲᠤ | ᠡᠭᠡᠭᠡᠭᠦᠯᠦᠨ ᠪᠤᠴᠠᠭᠠᠵᠤ᠂ ᠡᠯ᠎ᠡ ᠰᠠᠯᠠᠭ᠎ᠠ ᠮᠦᠴᠢᠷ ᠠᠴᠠ ᠪᠤᠷᠤᠭᠤ ᠦᠭᠡᠢ ᠪᠠᠶᠢᠬᠤ ᠶᠢ ᠨᠤᠲᠠᠯᠠᠭᠰᠠᠨ ᠤ ᠬᠤᠶᠢᠨ᠎ᠠ᠂ | ᠲᠤᠰ ᠰᠠᠯᠠᠭ᠎ᠠ ᠮᠦᠴᠢᠷ ᠤᠨ ᠢᠶᠠᠨ ᠫᠣᠷᠲ᠋ᠧᠯ ᠰᠦᠯᠵᠢᠶ᠎ᠡ ᠳᠤ ᠢᠯᠡ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ | ᠰᠠᠨᠠᠯ ᠰᠠᠨᠠᠭᠤᠯᠭ᠎ᠠ ᠶᠢ ᠬᠤᠷᠢᠶᠠᠬᠤ ᠬᠡᠷᠡᠭᠲᠡᠢ᠃ ᠢᠯᠡ ᠨᠡᠶᠢᠲᠡᠯᠡᠬᠦ ᠬᠤᠭᠤᠴᠠᠭ᠎ᠠ ᠨᠢ 1 ᠰᠠᠷ᠎ᠠ ᠶᠢᠨ ᠬᠤᠭᠤᠴᠠᠭ᠎ᠠ | ᠪᠣᠯᠤᠨ᠎ᠠ᠃ | ︵ᠭᠤᠷᠪᠠ︶ ᠭᠤᠷᠪᠠᠳᠤᠭᠠᠷ ᠱᠠᠲᠤ ᠦᠶ᠎ᠡ᠄ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠡᠶᠢᠲᠡᠯᠡᠬᠦ ᠱᠠᠲᠤ | ᠦᠶ᠎ᠡ ︵11 ᠳ᠋ᠤᠭᠡᠷ ᠰᠠᠷ᠎ᠠ ᠶᠢᠨ 1 ᠤ ᠡᠳᠦᠷ — 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶᠃ | ᠢᠯᠡ ᠨᠡᠶᠢᠲᠡᠯᠡᠬᠦ ᠬᠤᠭᠤᠴᠠᠭ᠎ᠠ ᠨᠢ ᠲᠠᠭᠤᠰᠤᠬᠰᠠᠨ ᠤ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠡᠯ᠎ᠡ | ᠰᠠᠯᠠᠭ᠎ᠠ ᠮᠦᠴᠢᠷ ᠤᠳ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠵᠤᠬᠢᠬᠤ ᠵᠠᠰᠠᠪᠦᠷᠢ ᠤᠷᠤᠭᠤᠯᠵᠤ | ᠲᠡᠭᠦᠯᠳᠡᠷᠵᠢᠭᠦᠯᠬᠦ ᠶᠢᠨ ᠬᠠᠮᠲᠤ ᠦᠷ᠎ᠡ ᠳ᠋ᠦᠩ ᠢ ᠨᠢ ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ | ᠭᠡᠷ ᠲᠤ ᠮᠡᠳᠡᠭᠦᠯᠦᠨ ᠬᠦᠷᠭᠡᠵᠦ ᠭᠤᠷᠪᠠᠳᠡᠬᠢ ᠤᠳᠠᠭ᠎ᠠ ᠬᠢᠨᠠᠨ ᠬᠠᠷᠭᠤᠭᠤᠯᠬᠤ ᠬᠡᠷᠡᠭᠲᠡᠢ᠃ ᠬᠢᠨᠠᠨ | ᠬᠠᠷᠭᠤᠭᠤᠯᠤᠭᠰᠠᠨ ᠤ ᠳᠠᠷᠠᠭ᠎ᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠪᠡᠷᠲᠡᠭᠡᠨ ᠵᠠᠰᠠᠬᠤ ᠤᠷᠤᠨ ᠤ | ᠬᠠᠤᠯᠢ ᠳᠦᠷᠢᠮ ᠤᠨ ᠠᠯᠪᠠᠨ ᠭᠡᠷ ᠠᠴᠠ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠳᠡᠭᠡᠭᠰᠢ ᠬᠢᠨᠠᠨ ᠲᠣᠭᠲᠠᠭᠠᠯᠭᠠᠬᠤ ᠶᠢᠨ ᠬᠠᠮᠲᠤ ᠵᠠᠰᠠᠭ ᠤᠨ ᠤᠷᠳᠤᠨ ᠤ ᠫᠣᠷᠲ᠋ᠧᠯ ᠰᠦᠯᠵᠢᠶ᠎ᠡ ᠳᠤ ᠨᠡᠶᠢᠲᠡᠯᠡᠵᠦ᠂ | ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠨᠤᠭᠤᠳ ᠲᠤᠰ ᠮᠡᠳᠡᠭᠳᠡᠯ ᠤᠨ | ᠱᠠᠭᠠᠷᠳᠠᠯᠭ᠎ᠠ ᠶᠢ ᠦᠨᠳᠦᠰᠦᠯᠡᠵᠦ᠂ ᠪᠤᠳᠠᠲᠠᠢ ᠲᠠᠢ ᠤᠶᠠᠯᠳᠤᠭᠤᠯᠤᠨ ᠲᠤᠰ ᠭᠠᠵᠠᠷ ᠤᠷᠤᠨ ᠤ ᠬᠠᠷᠢᠭᠤᠴᠠᠯᠭ᠎ᠠ ᠶᠢᠨ | ᠨᠠᠷᠢᠨ ᠬᠠᠭᠤᠳᠠᠰᠤ ᠨᠠᠶᠢᠷᠠᠭᠤᠯᠤᠨ ᠵᠤᠬᠢᠶᠠᠬᠤ ᠠᠵᠢᠯ ᠢᠶᠠᠨ ᠱᠠᠲᠤ ᠬᠤᠪᠢᠶᠠᠨ᠂ ᠠᠯᠬᠤᠮ ᠳᠠᠷᠠᠭ᠎ᠠ ᠲᠠᠢ ᠦᠷᠨᠢᠭᠦᠯᠬᠦ | ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ 2016 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ | ᠡᠮᠦᠨ᠎ᠡ ᠲᠤᠰ ᠱᠠᠲᠤᠨ ᠤ ᠵᠠᠰᠠᠭ ᠤᠨ ᠤᠷᠳᠤᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠᠨ ᠪᠡᠶᠡᠯᠡᠭᠦᠯᠦᠨ | ᠨᠡᠶᠢᠲᠡᠯᠡᠵᠦ᠂ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠨᠤᠭᠤᠳ 2016 ᠣᠨ ᠤ 12 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ ᠲᠤᠰ ᠱᠠᠲᠤᠨ ᠤ ᠵᠠᠰᠠᠭ ᠤᠨ ᠤᠷᠳᠤᠨ ᠤ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠪᠠᠨ ᠪᠡᠶᠡᠯᠡᠭᠦᠯᠦᠨ ᠨᠡᠶᠢᠲᠡᠯᠡᠬᠦ ᠬᠡᠷᠡᠭᠲᠡᠢ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠬᠤ ᠨᠢ ᠵᠠᠰᠠᠭ ᠵᠠᠬᠢᠷᠭᠠᠨ ᠤ ᠡᠷᠬᠡ ᠶᠢᠨ ᠨᠠᠷᠢᠨ | ᠬᠠᠭᠤᠳᠠᠰᠤ ᠶᠢᠨ ᠳᠦᠷᠢᠮ ᠢ ᠬᠡᠷᠡᠭᠵᠢᠭᠦᠯᠬᠦ ᠶᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠭᠠᠵᠠᠷ ᠤᠷᠤᠨ᠂ | ᠡᠯ᠎ᠡ ᠰᠠᠯᠠᠭ᠎ᠠ ᠮᠦᠴᠢᠷ ᠤᠳ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠵᠤᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠪᠠᠨ ᠦᠨᠡᠨᠬᠦ | ᠬᠤᠪᠢᠷᠠᠭᠤᠯᠬᠤ ᠶᠢᠨ ᠶᠡᠷᠦᠩᠬᠡᠢ ᠱᠠᠭᠠᠷᠳᠠᠯᠭ᠎ᠠ ᠶᠤᠰᠤᠭᠠᠷ᠂ ︽ᠨᠢᠭᠡᠳᠦᠭᠡᠷ ᠭᠠᠷ︾ ᠶᠡᠷᠦᠩᠬᠡᠶᠢᠯᠡᠨ ᠬᠠᠷᠢᠭᠤᠴᠠᠵᠤ᠂ | ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠨᠠᠶᠢᠳᠠᠪᠤᠷᠢᠵᠢᠭᠤᠯᠬᠤ ᠶᠢ ᠠᠳᠬᠤᠵᠤ᠂ ᠲᠤᠰᠬᠠᠢ ᠬᠦᠮᠦᠨ ᠲᠤᠬᠳᠠᠭᠠᠵᠦ | ᠪᠤᠳᠠᠲᠠᠢ ᠬᠠᠷᠢᠴᠠᠭᠤᠯᠬᠤ ᠬᠡᠷᠡᠭᠲᠡᠢ᠃ ᠡᠷᠬᠡ ᠶᠢᠨ ᠨᠠᠷᠢᠨ ᠬᠠᠭᠤᠳᠠᠰᠤ ᠶᠢᠨ ᠰᠠᠭᠤᠷᠢᠨ ᠳᠡᠭᠡᠷ᠎ᠡ᠂ ᠡᠷᠬᠡ | ᠬᠠᠷᠢᠭᠤᠴᠠᠯᠭ᠎ᠠ ᠨᠢᠭᠡᠳᠦᠯᠲᠡᠢ ᠪᠠᠶᠢᠬᠤ ᠵᠠᠷᠴᠢᠮ ᠶᠤᠰᠤᠭᠠᠷ᠂ ᠵᠠᠰᠠᠭ ᠵᠠᠬᠢᠷᠭᠠᠨ ᠤ ᠡᠷᠬᠡ ᠲᠠᠢ ᠵᠤᠬᠢᠯᠳᠤᠭᠰᠠᠨ | ᠬᠠᠷᠢᠭᠤᠴᠠᠯᠭ᠎ᠠ ᠶᠢᠨ ᠵᠦᠢᠯᠡᠰ ᠢ ᠨᠢᠭᠡᠳ ᠨᠢᠭᠡ ᠪᠠᠷ ᠡᠮᠬᠢᠯᠡᠨ ᠲᠢᠭᠯᠡᠵᠦ᠂ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢ ᠪᠠᠶᠢᠭᠤᠯᠤᠨ᠂ ᠬᠠᠷᠢᠭᠤᠴᠠᠯᠭ᠎ᠠ ᠶᠢᠨ ᠭᠤᠣᠯ ᠴᠤᠭᠴᠠ ᠶᠢ ᠲᠣᠳᠤᠷᠬᠠᠶᠢᠯᠠᠵᠤ᠂ ᠬᠠᠷᠢᠭᠤᠴᠠᠯᠭ᠎ᠠ | ᠬᠡᠯᠡᠯᠴᠡᠬᠦ ᠲᠤᠭᠲᠠᠴᠠ ᠶᠢ ᠪᠦᠷᠢᠨᠰᠢᠭᠦᠯᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠶᠡᠭᠡ | ᠲᠠᠯ᠎ᠠ ᠠᠴᠠ ᠡᠭᠦᠰᠦᠨ᠂ ᠵᠤᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠲᠤᠰ ᠵᠦᠢᠯ ᠤᠨ ᠠᠵᠢᠯ ᠤᠨ ᠴᠠᠭ | ᠬᠤᠭᠤᠴᠠᠭᠠᠨ ᠳᠤ ᠶᠠᠰᠤ ᠴᠢᠨᠠᠷ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ | ᠤᠷᠤᠨ ᠤ ᠬᠠᠤᠯᠢ ᠳᠦᠷᠢᠮ ᠤᠨ ᠠᠯᠪᠠᠨ ᠭᠡᠷ ᠠᠴᠠ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠮᠢᠶ᠎ᠠ | ᠪᠦᠬᠦᠢ ᠪᠣᠯᠪᠠᠰᠤᠷᠠᠭᠤᠯᠤᠯ ᠢ ᠵᠤᠬᠢᠶᠠᠨ ᠪᠠᠶᠢᠭᠤᠯᠤᠨ ᠦᠷᠨᠢᠭᠦᠯᠵᠦ᠂ ᠲᠤᠰ ᠠᠵᠢᠯ ᠤᠨ ᠤᠷᠤᠭᠰᠢᠲᠠᠢ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠬᠦ ᠬᠡᠷᠡᠭᠲᠡᠢ᠃ | ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠳ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠤᠬᠢᠶᠠᠬᠤ ᠶᠢᠨ ᠬᠠᠮᠲᠤ ᠲᠤᠭᠲᠠᠭᠠᠯ ᠶᠣᠰᠤᠭᠠᠷ ᠭᠤᠶᠤᠴᠢᠯᠠᠭᠰᠠᠨ ᠵᠠᠰᠠᠭ ᠵᠠᠬᠢᠷᠭᠠᠨ ᠤ ᠡᠷᠬᠡ ︵ | ᠵᠠᠰᠠᠭ ᠵᠠᠬᠢᠷᠭᠠᠨ ᠤ ᠵᠦᠪᠰᠢᠶᠡᠷᠠᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠤᠯᠭᠤᠯᠳᠠ᠂ ᠵᠠᠰᠠᠭ | ᠵᠠᠬᠢᠷᠭᠠᠨ ᠤ ᠱᠠᠩᠨᠠᠯ ᠬᠦᠬᠢᠭᠦᠯᠦᠯ ᠵᠡᠷᠭᠡ ᠵᠦᠢᠯ ᠤᠨ ᠡᠷᠬᠡ ᠪᠠᠭᠲᠠᠨ᠎ᠠ︶ ᠪᠦᠬᠦᠨ ᠳᠤ ᠠᠵᠢᠯᠯᠠᠭ᠎ᠠ ᠶᠢᠨ ᠴᠤᠪᠤᠷᠠᠯ | ᠵᠢᠷᠤᠭ ᠪᠣᠯᠤᠨ ᠦᠢᠯᠡᠴᠢᠯᠡᠭᠡᠨ ᠤ ᠵᠦᠭᠯᠡᠭᠦᠷ ᠨᠠᠶᠢᠷᠠᠭᠤᠯᠤᠨ ᠵᠤᠬᠢᠶᠠᠵᠤ᠂ 2015 ᠣᠨ ᠤ 9 ᠳ᠋ᠤᠭᠡᠷ ᠰᠠᠷ᠎ᠠ ᠶᠢᠨ | 30 ᠤ ᠡᠳᠦᠷ ᠠᠴᠠ ᠡᠮᠦᠨ᠎ᠡ ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠦᠨ | ᠬᠦᠷᠭᠡᠵᠦ᠂ ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠢᠶᠠᠷ ᠬᠢᠨᠠᠨ ᠬᠠᠷᠭᠤᠭᠤᠯᠤᠭᠰᠠᠨ ᠤ | ᠳᠠᠷᠠᠭ᠎ᠠ ᠡᠯ᠎ᠡ ᠰᠠᠯᠠᠭ᠎ᠠ ᠮᠦᠴᠢᠷ ᠲᠤ ᠡᠭᠡᠭᠡᠭᠦᠯᠦᠨ ᠪᠤᠴᠠᠭᠠᠵᠤ᠂ ᠡᠯ᠎ᠡ ᠰᠠᠯᠠᠭ᠎ᠠ ᠮᠦᠴᠢᠷ ᠠᠴᠠ ᠪᠤᠷᠤᠭᠤ ᠦᠭᠡᠢ | ᠪᠠᠶᠢᠬᠤ ᠶᠢ ᠨᠤᠲᠠᠯᠠᠭᠰᠠᠨ ᠤ ᠳᠠᠷᠠᠭ᠎ᠠ ᠲᠤᠰ ᠰᠠᠯᠠᠭ᠎ᠠ ᠮᠦᠴᠢᠷ ᠤᠨ ᠫᠣᠷᠲ᠋ᠧᠯ ᠰᠦᠯᠵᠢᠶ᠎ᠡ ᠳᠤ ᠢᠯᠡ ᠨᠡᠶᠢᠲᠡᠯᠡᠨ᠂ | ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠬᠡᠷᠡᠭᠲᠡᠢ᠃ ᠢᠯᠡ ᠨᠡᠶᠢᠲᠡᠯᠡᠬᠦ | ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ᠂ ᠡᠯ᠎ᠡ ᠰᠠᠯᠠᠭ᠎ᠠ ᠮᠦᠴᠢᠷ ᠤᠳ ᠬᠤᠯᠪᠤᠭᠳᠠᠯ ᠪᠦᠬᠦᠢ ᠰᠠᠨᠠᠯ | ᠰᠠᠨᠠᠭᠤᠯᠭ᠎ᠠ ᠶᠢ ᠬᠤᠷᠢᠶᠠᠩᠭᠤᠶᠢᠯᠠᠬᠤ ᠶᠢᠨ ᠬᠠᠮᠲᠤ ᠵᠠᠰᠠᠪᠦᠷᠢ ᠤᠷᠤᠭᠤᠯᠤᠨ ᠲᠡᠭᠦᠯᠳᠡᠷᠵᠢᠭᠦᠯᠵᠦ᠂ ᠦᠷ᠎ᠡ | ᠳ᠋ᠦᠩ ᠢ ᠨᠢ ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ | ᠳᠠᠬᠢᠨ ᠨᠢᠭᠡ ᠤᠳᠠᠭ᠎ᠠ ᠬᠠᠷᠭᠤᠭᠤᠯᠵᠤ᠂ ᠦᠪᠡᠷᠲᠡᠭᠡᠨ ᠵᠠᠰᠠᠬᠤ ᠤᠷᠤᠨ ᠤ ᠬᠠᠤᠯᠢ ᠳᠦᠷᠢᠮ ᠤᠨ ᠠᠯᠪᠠᠨ ᠭᠡᠷ ᠢᠶᠠᠷ | ᠬᠢᠨᠠᠨ ᠲᠣᠭᠲᠠᠭᠠᠯᠭᠠᠭᠰᠠᠨ ᠤ ᠳᠠᠷᠠᠭ᠎ᠠ ᠨᠡᠶᠢᠲᠡᠯᠡᠬᠦ ᠬᠡᠷᠡᠭᠲᠡᠢ᠃ | ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠨᠤᠭᠤᠳ ᠪᠠᠰᠠ ᠳᠡᠭᠡᠷ᠎ᠡ | ᠳᠤᠷᠠᠳᠤᠭᠰᠠᠨ ᠱᠠᠭᠠᠷᠳᠠᠯᠭ᠎ᠠ ᠶᠣᠰᠤᠭᠠᠷ ᠪᠤᠳᠠᠲᠠᠢ ᠲᠠᠢ ᠪᠠᠨ ᠣᠶᠠᠯᠳᠤᠭᠤᠯᠤᠨ ᠲᠤᠰ ᠠᠵᠢᠯ ᠢ ᠵᠤᠬᠢᠶᠠᠨ | ᠪᠠᠶᠢᠭᠤᠯᠤᠯᠲᠠ ᠲᠠᠢ ᠲᠦᠯᠦᠪᠯᠡᠯᠭᠡ ᠲᠠᠢ ᠪᠠᠷ ᠦᠷᠨᠢᠭᠦᠯᠬᠦ ᠬᠡᠷᠡᠭᠲᠡᠢ᠃ | ︵ᠭᠤᠷᠪᠠ︶ ᠵᠠᠰᠠᠭ ᠵᠠᠬᠢᠷᠭᠠᠨ ᠤ ᠡᠷᠬᠡ ᠶᠢ ᠲᠤᠷᠤᠬᠰᠢ ᠪᠠᠭᠤᠯᠭᠠᠬᠤ ᠶᠢ ᠴᠢᠩᠭᠠᠷᠠᠭᠤᠯᠬᠤ ᠬᠡᠷᠡᠭᠲᠡᠢ᠃ | ᠠᠶᠢᠮᠠᠭ ᠬᠤᠲᠠ ᠶᠢᠨ ᠱᠠᠲᠤᠨ ᠠᠴᠠ ᠳᠡᠭᠡᠭᠰᠢᠬᠢ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠳ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠳᠠ ᠬᠠᠮᠢᠶᠠᠷᠤᠯᠲᠠ ᠶᠢᠨ | ᠠᠷᠭ᠎ᠠ︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | 208 ᠳ᠋ᠤᠭᠠᠷ ᠲᠤᠭᠠᠲᠤ︶ ᠳᠤ ᠲᠣᠭᠲᠠᠭᠠᠭᠰᠠᠨ ᠳᠡᠰ ᠳᠠᠷᠠᠭᠠᠯᠠᠯ ᠶᠤᠰᠤᠭᠠᠷ ᠵᠠᠰᠠᠭ ᠵᠠᠬᠢᠷᠭᠠᠨ ᠤ ᠡᠷᠬᠡ ᠶᠢ | ᠲᠣᠬᠢᠷᠠᠭᠤᠯᠬᠤ ᠪᠠ ᠲᠤᠷᠤᠬᠰᠢ ᠪᠠᠭᠤᠯᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ | ᠦᠭᠡᠢ ᠪᠣᠯ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠲᠣᠬᠢᠷᠠᠭᠤᠯᠬᠤ ᠪᠠ ᠲᠤᠷᠤᠬᠰᠢ ᠪᠠᠭᠤᠯᠭᠠᠵᠤ ᠪᠣᠯᠬᠤ ᠦᠭᠡᠢ᠃ | ︵ᠳᠥᠷᠪᠡ︶ ᠵᠠᠰᠠᠭ ᠵᠠᠬᠢᠷᠭᠠᠨ ᠤ ᠡᠷᠬᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠳᠤᠲᠤᠭᠠᠳᠤ ᠶᠢᠨ ᠬᠢᠨᠠᠯᠲᠠ ᠲᠠᠯᠪᠢᠬᠤ ᠲᠤᠭᠲᠠᠴᠠ ᠶᠢ ᠪᠠᠶᠢᠭᠤᠯᠤᠨ | ᠪᠥᠷᠢᠨᠰᠢᠭᠦᠯᠵᠦ᠂ ᠡᠯ᠎ᠡ ᠳᠡᠰ ᠳᠠᠪᠬᠤᠷᠭ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠲᠤᠰ | ᠭᠠᠵᠠᠷ ᠤᠷᠤᠨ᠂ ᠲᠤᠰ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠡᠷᠬᠡ ᠪᠠᠨ ᠬᠡᠷᠡᠭᠵᠢᠭᠦᠯᠬᠦ ᠬᠡᠷᠡᠭ ᠤᠨ ᠳᠤᠮᠳᠠᠬᠢ | ᠬᠡᠷᠡᠭ ᠤᠨ ᠳᠠᠷᠠᠭᠠᠬᠢ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠬᠠᠷᠠᠭᠠᠨ ᠳᠠᠪᠲᠠᠮᠵᠢ᠂ ᠲᠤᠭ᠎ᠠ | ᠪᠠᠷᠢᠮᠳᠠ ᠶᠢᠨ ᠬᠢᠨᠠᠯᠲᠠ ᠲᠠᠯᠪᠢᠯᠲᠠ ᠪᠠᠷ ᠭᠤᠣᠯ ᠪᠤᠯᠭᠠᠭᠰᠠᠨ ᠡᠯᠧᠺᠲᠷᠣᠨ ᠬᠢᠨᠠᠨ ᠪᠠᠶᠢᠴᠠᠭᠠᠬᠤ ᠲᠠᠪᠴᠠᠩ ᠢ | ᠪᠠᠶᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠪᠦᠬᠦ ᠶᠠᠪᠤᠴᠠ ᠪᠠᠷ᠂ ᠭᠤᠭᠴᠤᠭ᠎ᠠ ᠳᠠᠷᠠᠭᠠᠯᠠᠨ᠂ | ᠠᠵᠢᠯ ᠤᠨ ᠪᠠᠶᠢᠷᠢ ᠨᠢᠭᠡᠪᠦᠷᠢ ᠳᠤ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ᠃ ᠭᠤᠶᠤᠴᠢᠯᠠᠭᠴᠢ ᠶᠢᠨ ᠦᠨᠡᠯᠡᠬᠦ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠦᠴᠢᠷ ᠤᠨ ᠫᠣᠷᠲ᠋ᠧᠯ ᠰᠦᠯᠵᠢᠶ᠎ᠡ᠂ ᠰᠦᠯᠵᠢᠶᠡᠨ ᠳᠡᠭᠡᠷᠡᠬᠢ | ᠬᠡᠷᠡᠭ ᠡᠷᠬᠢᠯᠡᠬᠦ ᠲᠢᠩᠬᠢᠮ ᠪᠠ ᠪᠣᠳᠠᠲᠤ ᠴᠣᠭᠴᠠᠲᠤ ᠬᠡᠷᠡᠭ ᠡᠷᠬᠢᠯᠡᠬᠦ ᠲᠢᠩᠬᠢᠮ ᠳᠤ ᠦᠨᠡᠯᠡᠬᠦ ᠴᠢᠳᠠᠮᠵᠢ ᠶᠢ | ᠪᠠᠶᠢᠭᠤᠯᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠶᠢ ᠬᠦᠯᠢᠶᠡᠨ ᠠᠪᠬᠤ ᠤᠲᠠᠰᠤ᠂ ᠢᠮᠧᠯ ᠵᠡᠷᠭᠡ ᠪᠠᠨ | ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠦᠪᠦᠷ ᠮᠣᠩᠭᠤᠯ ᠤᠨ ᠦᠪᠡᠷᠲᠡᠭᠡᠨ | ᠵᠠᠰᠠᠬᠤ ᠤᠷᠤᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠳᠠ ᠬᠠᠮᠢᠶᠠᠷᠤᠯᠲᠠ ᠶᠢᠨ ᠠᠷᠭ᠎ᠠ︾ ᠶᠢ ᠲᠤᠤᠱᠠᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠬᠤ ᠪᠠᠨ ᠴᠠᠭ ᠲᠤᠨᠢ ᠲᠣᠬᠢᠷᠠᠭᠤᠯᠤᠨ ᠵᠤᠬᠢᠶᠠᠨ | ᠪᠠᠶᠢᠭᠤᠯᠬᠤ ᠬᠡᠷᠡᠭᠲᠡᠢ᠃ | ᠬᠠᠷᠢᠯᠴᠠᠬᠤ ᠬᠦᠮᠦᠨ᠄ ᠸᠠᠩ ᠶᠦᠩ ᠰᠢᠶᠠᠨ ᠵᠦ ᠢᠤᠢ ᠨᠠ | ᠬᠠᠷᠢᠯᠴᠠᠬᠤ ᠤᠲᠠᠰᠤ᠄ ︵0471︶ 4824621 4824611 | | ᠳᠠᠭᠠᠯᠳᠤᠭᠤᠯᠤᠯ᠄ | 1. ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠲᠤᠳᠤᠷᠬᠠᠶᠢᠯᠠᠯᠲᠠ ︵ᠲᠣᠪᠴᠢᠯᠠᠪᠠ︶ | 2. ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠦᠯᠢᠭᠡᠷ ᠬᠦᠰᠦᠨᠦᠭ ︵ᠲᠣᠪᠴᠢᠯᠠᠪᠠ︶ | | | | | | |