| | ᠥᠪᠥᠷ ᠵᠠᠰᠠᠭ ᠠᠯᠪᠠᠨ ᠥᠰᠥᠭ ﹇2015﹈ 177 ᠳ᠋ᠤᠭᠠᠷ ᠲᠤᠭᠠᠳᠤ | 2015 ᠣᠨ ᠤ 9 ᠳ᠋ᠤᠭᠡᠷ ᠰᠠᠷ᠎ᠠ ᠶᠢᠨ 16 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠣᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ ᠦᠢᠯᠡᠳᠪᠦᠷᠢ ᠬᠤᠳᠠᠯᠳᠤᠭ᠎ᠠ ᠶᠢᠨ | ᠵᠦᠢᠯᠡᠰ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠂ ᠤᠯᠠᠨ ᠨᠡᠶᠢᠲᠡ ᠪᠠᠷ ᠢᠶᠠᠨ | ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠮᠠᠨ ᠤ ᠤᠷᠤᠨ ᠤ ︽ᠭᠤᠷᠪᠠᠨ | ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠲᠠᠩᠰᠠᠯᠠᠨ ᠲᠡᠮᠳᠡᠭᠯᠡᠬᠦ | ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠬᠤᠯᠪᠤᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ | ᠬᠡᠷᠡᠭᠲᠡᠢ | ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠨᠢ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠨ | ᠡᠷᠬᠡ ᠶᠢ ᠲᠤᠷᠤᠬᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠬᠡᠯᠪᠡᠷᠢ | ᠪᠦᠬᠦᠢ ᠵᠠᠰᠠᠭ ᠤᠨ ᠣᠷᠳᠣᠨ ᠢ ᠪᠠᠶᠢᠭᠤᠯᠬᠤ ᠶᠢ ᠠᠬᠢᠭᠤᠯᠬᠤ ᠶᠢᠨ ᠬᠦᠴᠦᠲᠡᠶ ᠠᠷᠭ᠎ᠠ ᠬᠡᠮᠵᠢᠶ᠎ᠡ ᠮᠦᠨ᠂ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠮᠡᠳᠡᠭᠡ ᠵᠠᠩᠬᠢ ᠶᠢ ᠬᠠᠮᠲᠤᠪᠡᠷ ᠬᠦᠷᠲᠡᠬᠦ ᠪᠠ ᠠᠵᠢᠯ ᠢᠶᠠᠨ ᠡᠮᠬᠢᠯᠡᠨ ᠨᠡᠶᠢᠯᠡᠬᠦᠯᠬᠦ ᠶᠢ | ᠠᠬᠢᠭᠤᠯᠬᠤ ᠳᠤ ᠠᠰᠢᠭᠲᠠᠢ ᠪᠠᠶᠢᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠤᠯᠠᠮ ᠨᠢᠭᠡ ᠠᠯᠬᠤᠮ ᠪᠠᠭᠠᠰᠬᠠᠭᠰᠠᠨ | ᠂ ᠬᠢᠨᠠᠨ ᠵᠥᠪᠰᠢᠶᠡᠷᠡᠬᠦ ᠴᠣᠪᠤᠷᠠᠯ ᠢ ᠰᠢᠯᠢᠳᠡᠭᠵᠢᠭᠦᠯᠦᠭᠰᠡᠨ᠂ ᠬᠢᠨᠠᠨ ᠵᠥᠪᠰᠢᠶᠡᠷᠡᠬᠦ ᠪᠢᠴᠢᠭ ᠮᠠᠲ᠋ᠧᠷᠢᠶᠠᠯ ᠢ | ᠳᠦᠭᠦᠮᠴᠢᠯᠡᠵᠤ᠂ ᠳᠠᠪᠬᠤᠷᠳᠠᠭᠤᠯᠤᠨ ᠬᠢᠨᠠᠨ ᠪᠠᠶᠢᠴᠠᠭᠠᠬᠤ ᠶᠢ ᠪᠠᠭᠠᠰᠬᠠᠭᠰᠠᠨ᠂ ᠳᠡᠰ ᠳᠠᠷᠠᠭᠠᠯᠠᠯ ᠨᠢ ᠨᠡᠩ | ᠳᠦᠭᠦᠮᠵᠢᠭᠰᠡᠨ᠂ ᠠᠭᠤᠯᠭ᠎ᠠ ᠨᠢ ᠨᠡᠩ ᠲᠡᠭᠦᠯᠳᠡᠷᠵᠢᠭᠰᠡᠨ᠂ ᠴᠣᠪᠤᠷᠠᠯ ᠨᠢ ᠨᠡᠩ ᠰᠢᠯᠢᠳᠡᠭᠵᠢᠭᠰᠡᠨ᠂ ᠡᠬᠢ | ᠪᠠᠶᠠᠯᠢᠭ ᠨᠢ ᠨᠡᠩ ᠡᠷᠴᠢᠮᠵᠢᠭᠰᠡᠨ ᠵᠠᠬ᠎ᠠ ᠳᠡᠯᠭᠡᠭᠦᠷ ᠲᠤ ᠤᠷᠤᠭᠤᠯᠬᠤ ᠶᠢ ᠵᠦᠪᠰᠢᠶᠡᠷᠡᠬᠦ ᠵᠠᠭᠪᠤᠷ ᠢ ᠲᠦᠷᠭᠡᠳᠬᠡᠨ | ᠪᠠᠶᠢᠭᠤᠯᠵᠤ᠂ ᠨᠡᠶᠢᠭᠡᠮ ᠤᠨ ᠪᠡᠯᠡ ᠣᠷᠣᠭᠤᠯᠵᠤ ᠠᠳᠠᠯ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠶ ᠬᠥᠭᠵᠢᠭᠡᠨ ᠪᠠᠳᠠᠷᠠᠭᠤᠯᠬᠤ ᠶᠠᠪᠤᠳᠠᠯ ᠪᠤᠯᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ | ᠮᠦᠴᠢᠷ ᠤᠳ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠦᠨ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ | ᠥᠭᠡᠷᠡᠴᠢᠯᠡᠯᠲᠡ ᠶᠢᠨ ᠲᠥᠷᠥ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠢᠯᠭᠤᠮ ᠬᠡᠷᠡᠭᠵᠢᠭᠦᠯᠦᠭᠳᠡᠬᠦ ᠶᠢ ᠠᠬᠢᠭᠤᠯᠬᠤ | ᠬᠡᠷᠡᠭᠲᠡᠢ᠃ | ᠬᠤᠶᠠᠷ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢ ᠲᠥᠷᠭᠡᠳᠬᠡᠨ ᠬᠡᠷᠡᠭᠵᠢᠭᠦᠯᠬᠦ ᠬᠡᠷᠡᠭᠲᠡᠢ | 2015 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠤᠷᠤᠨ ᠳᠤ ︽ᠭᠤᠷᠪᠠᠨ | ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠬᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠶᠢ | ᠨᠢᠭᠡᠳᠦᠯᠲᠡᠶ ᠬᠡᠷᠡᠭᠵᠢᠭᠦᠯᠬᠦ ᠬᠡᠷᠡᠭᠲᠡᠢ᠃ ᠳᠠᠩᠰᠠᠯᠠᠨ ᠲᠡᠮᠳᠡᠭᠯᠡᠬᠦ ᠪᠠᠶᠢᠭᠤᠯᠭ᠎ᠠ ᠨᠢ ︽ᠨᠢᠭᠡᠨ ᠴᠣᠩᠬᠤᠪᠴᠢ ᠪᠠᠷ | ᠬᠦᠯᠢᠶᠡᠨ ᠠᠪᠴᠤ ᠰᠢᠢᠳᠪᠦᠷᠢᠯᠡᠵᠦ᠂ ᠬᠠᠷᠢᠯᠴᠠᠨ ᠬᠤᠯᠪᠤᠨ ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠶᠢ | ᠬᠠᠮᠲᠤᠪᠡᠷ ᠬᠦᠷᠲᠡᠬᠦ︾ ᠪᠠᠷ ᠳᠠᠮᠵᠢᠨ᠂ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭᠠᠨ ᠤ | ᠬᠠᠮᠢᠶᠠᠷᠤᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠤᠯᠤᠰ ᠤᠨ ᠭᠠᠶᠢᠯᠢ ᠶᠢᠨ ᠶᠠᠪᠤᠳᠠᠯ᠂ | ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠲᠤᠰ ᠲᠤᠰ ᠠᠳᠠᠯᠢ ᠪᠣᠰᠤ ᠦᠨᠡᠮᠯᠡᠯ ᠢ | ᠬᠠᠷᠭᠤᠭᠤᠯᠤᠨ ᠣᠯᠭᠤᠵᠤ ᠪᠠᠶᠢᠭᠰᠠᠨ ᠢ ᠠᠵᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠠᠴᠠ ᠬᠠᠤᠯᠢ ᠶᠢᠨ ᠡᠷᠬᠡᠲᠡᠨ ᠢ ᠨᠡᠮᠡᠭᠰᠡᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠢ | ᠨᠡᠶᠢᠭᠡᠮ ᠤᠨ ᠢᠲᠡᠭᠡᠮᠵᠢ ᠶᠢᠨ ᠤᠷᠤᠯᠠᠬᠤ ᠨᠣᠮᠧᠷ ︵ᠳᠣᠷᠤᠭᠰᠢ ᠪᠠᠨ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ | ᠤᠷᠤᠯᠠᠬᠤ ᠨᠣᠮᠧᠷ ᠭᠡᠵᠦ ᠲᠣᠪᠴᠢᠯᠠᠨ᠎ᠠ︶ ᠲᠠᠢ ᠡᠵᠡᠩᠨᠡᠯᠲᠡ ᠶᠢᠨ ᠦᠨᠡᠮᠯᠡᠯ ᠬᠠᠷᠭᠤᠭᠤᠯᠤᠨ ᠣᠯᠭᠤᠬᠤ ᠪᠠᠷ | ᠦᠭᠡᠷᠡᠴᠢᠯᠡᠵᠦ᠂ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠤᠯᠠᠬᠤ ᠨᠣᠮᠧᠷ ᠤᠨ | ᠦᠨᠡᠮᠯᠡᠯ ᠪᠠ ᠭᠠᠶᠢᠯᠢ ᠶᠢᠨ ᠶᠠᠪᠤᠳᠠᠯ ᠢ ᠳᠠᠩᠰᠠᠯᠠᠨ ᠲᠡᠮᠳᠡᠭᠯᠡᠬᠦ ᠦᠨᠡᠮᠯᠡᠯ ᠢ ᠳᠠᠬᠢᠵᠤ ᠲᠠᠷᠬᠠᠭᠠᠬᠤ ᠦᠭᠡᠢ᠃ | ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠤᠯᠠᠬᠤ ᠨᠣᠮᠧᠷ ᠢ 18 ᠣᠷᠣᠨᠲᠤ ᠪᠠᠷ ᠵᠢᠷᠤᠭᠯᠠᠨ ᠲᠦᠯᠦᠪᠯᠡᠵᠦ᠂ | ᠠᠷᠠᠪ ᠲᠤᠭ᠎ᠠ ᠪᠤᠶᠤ ᠠᠩᠭ᠍ᠯᠢ ᠦᠰᠦᠭ ᠤᠨ ᠴᠠᠭᠠᠨ ᠲᠤᠯᠤᠭᠠᠢ ᠪᠠᠷ ᠪᠦᠷᠢᠯᠳᠦᠨ᠎ᠡ᠂ ᠡᠭᠦᠨ ᠳᠤ 1 ᠳ᠋ᠤᠭᠡᠷ ᠤᠷᠤᠨ | ᠲᠤᠭ᠎ᠠ ᠨᠢ ᠳᠠᠩᠰᠠᠯᠠᠨ ᠲᠡᠮᠳᠡᠭᠯᠡᠵᠦ ᠬᠠᠮᠢᠶᠠᠷᠬᠤ ᠰᠠᠯᠠᠭ᠎ᠠ ᠮᠥᠴᠢᠷ ᠤᠨ ᠤᠷᠤᠯᠠᠬᠤ ᠨᠣᠮᠧᠷ᠂ 2 ᠳ᠋ᠤᠭᠠᠷ ᠤᠷᠤᠨ | ᠲᠤᠭ᠎ᠠ ᠨᠢ ᠪᠠᠶᠢᠭᠤᠯᠤᠮᠵᠢ ᠶᠢᠨ ᠲᠥᠷᠥᠯ ᠢ ᠢᠯᠭᠠᠭᠰᠠᠨ ᠤᠷᠤᠯᠠᠬᠤ ᠨᠣᠮᠧᠷ᠂ 3 ᠠᠴᠠ 8 ᠳ᠋ᠤᠭᠠᠷ ᠤᠷᠤᠨ | ᠲᠤᠭ᠎ᠠ ᠨᠢ ᠳᠠᠩᠰᠠᠯᠠᠨ ᠲᠡᠮᠳᠡᠭᠯᠡᠵᠦ ᠬᠠᠮᠢᠶᠠᠷᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠨᠣᠮᠧᠷ᠂ 9 ᠠᠴᠠ 17 ᠳ᠋ᠤᠭᠠᠷ ᠤᠷᠤᠨ ᠲᠤᠭ᠎ᠠ ᠨᠢ ᠭᠤᠣᠯ ᠴᠣᠭᠴᠠ ᠶᠢ ᠢᠯᠭᠠᠬᠤ ᠨᠣᠮᠧᠷ ︵ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠤᠷᠤᠯᠠᠬᠤ ᠨᠣᠮᠧᠷ︶᠂ 18 ᠳ᠋ᠤᠭᠠᠷ ᠤᠷᠤᠨ ᠲᠤᠭ᠎ᠠ ᠨᠢ ᠰᠢᠯᠭᠠᠬᠤ ᠨᠣᠮᠧᠷ | ᠬᠡᠬᠦ ᠲᠠᠪᠤᠨ ᠬᠡᠰᠡᠭ ᠪᠠᠭᠲᠠᠨ᠎ᠠ᠃ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠤᠷᠤᠯᠠᠬᠤ ᠨᠣᠮᠧᠷ ᠵᠢᠴᠢ 9 ᠤᠷᠤᠨ | ᠲᠤᠭ᠎ᠠ ᠶᠢᠨ ᠭᠤᠣᠯ ᠴᠣᠭᠴᠠ ᠶᠢᠨ ᠢᠯᠭᠠᠬᠤ ᠨᠣᠮᠧᠷ ︵ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ | ᠤᠷᠤᠯᠠᠬᠤ ᠨᠣᠮᠧᠷ︶ ᠨᠢ ᠪᠦᠬᠦ ᠤᠯᠤᠰ ᠤᠨ ᠬᠡᠪᠴᠢᠶᠡᠨ ᠳᠤ ᠴᠣᠷ ᠤᠨ ᠭᠠᠭᠴᠠ ᠨᠤᠮᠧᠷ ᠪᠣᠯᠤᠨ᠎ᠠ᠃ ᠭᠤᠣᠯ | ᠴᠣᠭᠴᠠ ᠶᠢ ᠨᠢ ᠳᠠᠩᠰᠠᠨ ᠠᠴᠠ ᠬᠠᠰᠤᠭᠰᠠᠨ ᠤ ᠳᠠᠷᠠᠭ᠎ᠠ᠂ ᠡᠨᠡᠬᠦ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ | ᠤᠷᠤᠯᠠᠬᠤ ᠨᠣᠮᠧᠷ ᠨᠢ ᠦᠯᠡᠳᠡᠭᠡᠨ ᠬᠠᠳᠠᠭᠠᠯᠠᠭᠳᠠᠵᠤ᠂ ᠳᠠᠬᠢᠨ ᠪᠠᠶᠢᠴᠠᠭᠠᠨ ᠯᠠᠪᠯᠠᠬᠤ ᠴᠢᠳᠠᠪᠤᠷᠢ ᠪᠠᠨ ᠬᠠᠳᠠᠭᠠᠯᠠᠨ᠎ᠠ᠃ | ᠣᠳᠤᠬᠢ ᠱᠠᠲᠤᠨ ᠳᠤ ︽ᠭᠤᠷᠪᠠᠨ ᠦᠨᠡᠮᠯᠡᠯ ᠢ ᠨᠢᠭᠡᠳᠦᠯᠲᠡᠢ ᠲᠠᠷᠬᠠᠭᠠᠬᠤ︾ ᠳᠠᠩᠰᠠᠯᠠᠨ ᠲᠡᠮᠳᠡᠭᠯᠡᠬᠦ ᠪᠠ ︽ᠨᠢᠭᠡ | ᠦᠨᠡᠮᠯᠡᠯ ᠢ ᠭᠤᠷᠪᠠᠨ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠶᠢ ᠲᠤᠷᠰᠢᠨ ᠬᠡᠷᠡᠭᠵᠢᠭᠦᠯᠵᠦ ᠪᠦᠬᠦᠢ | ᠭᠠᠵᠠᠷ ᠤᠷᠤᠨ ᠨᠢ ᠦᠷᠭᠦᠯᠵᠢᠯᠡᠨ ᠲᠤᠷᠰᠢᠵᠤ ᠪᠣᠯᠤᠨ᠎ᠠ᠂ ᠭᠡᠪᠡᠴᠦ 2015 ᠣᠨ ᠤ 10 ᠳ᠋ᠤᠭᠠᠷ ᠰᠠᠷ᠎ᠠ ᠶᠢᠨ 1 ᠤ | ᠡᠳᠦᠷ ᠠᠴᠠ ᠡᠮᠦᠨ᠎ᠡ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ | ᠪᠠᠶᠢᠯᠭᠠᠬᠤ ︾ ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ | ᠬᠡᠷᠡᠭᠲᠡᠢ᠃ | ᠭᠤᠷᠪᠠ᠂ ᠳᠠᠩᠰᠠᠯᠠᠨ ᠲᠡᠮᠳᠡᠭᠯᠡᠬᠦ ᠨᠥᠬᠦᠴᠡᠯ ᠢ ᠨᠢᠭᠡᠳᠬᠡᠵᠦ᠂ ᠳᠠᠩᠰᠠᠯᠠᠨ ᠲᠡᠮᠳᠡᠭᠯᠡᠬᠦ ᠴᠣᠪᠤᠷᠠᠯ ᠢ | ᠵᠢᠷᠤᠮᠵᠢᠭᠤᠯᠬᠤ ᠬᠡᠷᠡᠭᠲᠡᠢ | ᠰᠢᠯᠢᠳᠡᠭᠵᠢᠭᠦᠯᠬᠦ᠂ ᠡᠮᠬᠢᠯᠡᠨ ᠨᠡᠶᠢᠯᠡᠭᠦᠯᠬᠦ᠂ ᠨᠢᠭᠡ ᠴᠤᠭᠴᠠᠵᠢᠭᠤᠯᠬᠤ ᠵᠠᠷᠴᠢᠮ ᠶᠣᠰᠤᠭᠠᠷ᠂ ᠬᠢᠨᠠᠨ | ᠪᠠᠶᠢᠴᠠᠭᠠᠬᠤ ᠭᠤᠭᠴᠤᠭ᠎ᠠ ᠶᠢ ᠳᠦᠭᠦᠮᠴᠢᠯᠡᠵᠤ᠂ ᠮᠡᠳᠡᠭᠡ ᠵᠠᠩᠬᠢ ᠪᠠᠨ ᠬᠠᠷᠢᠯᠴᠠᠨ ᠮᠡᠳᠡᠷᠡᠬᠦ ᠶᠢ ᠠᠬᠢᠭᠤᠯᠬᠤ ᠬᠡᠷᠡᠭᠲᠡᠢ | ᠃ ᠪᠦᠬᠦ ᠤᠷᠤᠨ ᠳᠤ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ | ᠪᠠᠶᠢᠯᠭᠠᠬᠤ︾ ᠳᠠᠩᠰᠠᠯᠠᠨ ᠲᠡᠮᠳᠡᠭᠯᠡᠬᠦ ᠨᠦᠭᠦᠴᠡᠯ᠂ ᠳᠠᠩᠰᠠᠯᠠᠨ ᠲᠡᠮᠳᠡᠭᠯᠡᠬᠦ ᠳᠠᠰ ᠳᠠᠷᠠᠭᠠᠯᠠᠯ ᠢ ᠨᠢᠭᠡᠳᠬᠡᠵᠦ᠂ | ᠳᠠᠩᠰᠠᠯᠠᠨ ᠲᠡᠮᠳᠡᠭᠯᠡᠬᠦ ᠮᠠᠲ᠋ᠧᠷᠢᠶᠠᠯ ᠢ ᠵᠢᠷᠤᠮᠵᠢᠭᠤᠯᠵᠤ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ | ᠲᠡᠮᠳᠡᠭᠯᠡᠬᠦ ᠭᠤᠶᠤᠴᠢᠯᠠᠯ ᠤᠨ ᠪᠢᠴᠢᠭ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠤᠷᠤᠯᠠᠬᠤ ᠨᠣᠮᠧᠷ ᠤᠨ | ᠳᠠᠩᠰᠠᠯᠠᠨ ᠲᠡᠮᠳᠡᠭᠯᠡᠵᠦ ᠭᠤᠶᠤᠴᠢᠯᠠᠨ ᠮᠡᠳᠡᠭᠦᠯᠬᠦ ᠬᠦᠰᠦᠨᠦᠭᠲᠦ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠬᠦ | ᠭᠤᠶᠤᠴᠢᠯᠠᠯ ᠤᠨ ᠬᠦᠰᠦᠨᠦᠭᠲᠦ ᠶᠢ ᠨᠡᠶᠢᠯᠡᠭᠦᠯᠦᠨ ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ | ᠭᠤᠶᠤᠴᠢᠯᠠᠯ ᠤᠨ ᠬᠦᠰᠦᠨᠦᠭᠲᠦ︾ ︵ᠳᠣᠷᠤᠭᠰᠢ ᠭᠤᠶᠤᠴᠢᠯᠠᠯ ᠤᠨ ᠬᠦᠰᠦᠨᠦᠭᠲᠦ ᠭᠡᠵᠦ ᠲᠣᠪᠴᠢᠯᠠᠨ᠎ᠠ︶ ᠪᠣᠯᠭᠠᠨ᠎ᠠ | ᠃ ᠭᠤᠶᠤᠴᠢᠯᠠᠭᠴᠢ ᠠᠴᠠ ᠠᠵᠤ ᠠᠬᠤᠶᠢᠯᠠᠯ ᠢᠶᠠᠨ ᠳᠠᠩᠰᠠᠯᠠᠭᠤᠯᠤᠨ ᠲᠡᠮᠳᠡᠭᠯᠡᠬᠦᠯᠬᠦ ᠦᠶᠡᠰ ᠠᠵᠤ ᠦᠢᠯᠡᠳᠪᠦᠷᠢ | ᠬᠤᠳᠠᠯᠳᠤᠭᠠᠨ ᠤ ᠳᠠᠩᠰᠠᠯᠠᠨ ᠲᠡᠮᠳᠡᠭᠯᠡᠬᠦ ᠴᠣᠩᠬᠤᠪᠴᠢ ᠳᠤ ᠨᠢᠭᠡ ᠬᠤᠪᠢ ᠭᠤᠶᠤᠴᠢᠯᠠᠯ ᠤᠨ ᠬᠦᠰᠦᠨᠦᠭᠲᠦ᠂ ᠨᠢᠭᠡ | ᠬᠤᠪᠢ ᠭᠤᠶᠤᠴᠢᠯᠠᠯ ᠤᠨ ᠮᠠᠲ᠋ᠧᠷᠢᠶᠠᠯ ᠢ ᠲᠤᠰᠢᠶᠠᠨ᠎ᠠ᠂ ᠠᠵᠣ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ | ᠰᠠᠯᠠᠭ᠎ᠠ ᠮᠦᠴᠢᠷ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ | ᠤᠷᠤᠯᠠᠬᠤ ᠲᠡᠮᠳᠡᠭ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ ᠣᠯᠭᠤᠵᠤ᠂ ᠪᠤᠰᠤᠳ ᠰᠠᠯᠠᠭ᠎ᠠ | ᠮᠦᠴᠢᠷ ᠳᠠᠬᠢᠨ ᠬᠢᠨᠠᠨ ᠪᠠᠶᠢᠴᠠᠭᠠᠬᠤ ᠦᠭᠡᠢ᠃ | ᠳᠥᠷᠪᠡ᠂ ᠪᠦᠬᠦ ᠤᠷᠤᠨ ᠤ ᠮᠡᠳᠡᠭᠡ ᠵᠠᠩᠬᠢ ᠶᠢ ᠬᠠᠮᠲᠤᠪᠡᠷ ᠬᠦᠷᠲᠡᠬᠦ ᠨᠢᠭᠡᠳᠦᠯᠲᠡᠢ ᠲᠠᠪᠴᠠᠩ ᠢ ᠪᠠᠶᠢᠭᠤᠯᠬᠤ | ᠬᠡᠷᠡᠭᠲᠡᠢ | ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢᠶᠠᠷ | ᠰᠠᠭᠤᠷᠢᠯᠠᠵᠤ᠂ ᠦᠪᠡᠷᠲᠡᠭᠡᠨ ᠵᠠᠰᠠᠬᠤ ᠤᠷᠤᠨ ᠤ ᠳᠡᠰ ᠳᠠᠪᠬᠤᠷᠭ᠎ᠠ ᠳᠤ ᠮᠡᠳᠡᠭᠡ ᠵᠠᠩᠬᠢ ᠶᠢᠨ ᠰᠣᠯᠢᠯᠴᠠᠭ᠎ᠠ ᠬᠢᠵᠦ᠂ | ᠣᠷᠣᠨ ᠪᠦᠰᠡ ᠠᠯᠤᠰᠯᠠᠭᠰᠠᠨ᠂ ᠰᠠᠯᠠᠭ᠎ᠠ ᠮᠦᠴᠢᠷ ᠠᠯᠤᠰᠯᠠᠭᠰᠠᠨ ᠮᠡᠳᠡᠭᠡ ᠵᠠᠩᠬᠢ ᠳᠠᠮᠵᠢᠭᠤᠯᠬᠤ ᠪᠠ ᠲᠤᠭ᠎ᠠ | ᠪᠠᠷᠢᠮᠳᠠ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ | ᠮᠦᠴᠢᠷ ᠤᠳ ᠣᠳᠣ ᠶᠢᠨ ᠪᠠᠶᠢᠭ᠎ᠠ ᠲᠤᠬᠠᠢᠢᠯᠠᠬᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ ᠢᠶᠠᠨ ᠦᠭᠡᠷᠡᠴᠢᠯᠡᠨ | ᠳᠡᠰ ᠳᠡᠪᠰᠢᠭᠦᠯᠵᠦ᠂ ᠲᠠᠪᠴᠠᠩ ᠯᠤᠭ᠎ᠠ ᠵᠤᠯᠭᠠᠭᠤᠯᠬᠤ ᠶᠢ ᠪᠡᠶᠡᠯᠡᠭᠦᠯᠵᠦ᠂ ︽ᠭᠤᠷᠪᠠᠨ ᠦᠨᠡᠮᠯᠡᠯ ᠢ ᠨᠢᠭᠡ ᠪᠣᠯᠭᠠᠵᠤ | ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠶᠢᠨ | ᠠᠵᠢᠯ ᠤᠨ ᠬᠡᠷᠡᠭᠴᠡᠭᠡ ᠶᠢ ᠬᠠᠩᠭᠠᠵᠤ᠂ ᠠᠵᠤ ᠠᠬᠤᠶᠢᠯᠠᠯ ᠤᠨ ᠰᠠᠭᠤᠷᠢ ᠮᠡᠳᠡᠭᠡ ᠵᠠᠩᠬᠢ ᠪᠠ ᠬᠠᠮᠢᠶ᠎ᠠ ᠪᠦᠬᠦᠢ | ᠢᠲᠡᠭᠡᠮᠵᠢ ᠶᠢᠨ ᠮᠡᠳᠡᠭᠡ ᠵᠠᠩᠬᠢ ᠶᠢ ᠡᠯ᠎ᠡ ᠰᠠᠯᠠᠭ᠎ᠠ ᠮᠦᠴᠢᠷ ᠤᠳ ᠤᠨ ᠬᠤᠭᠤᠷᠤᠨᠳᠤ ᠥᠷᠭᠡᠨ ᠳᠡᠯᠭᠡᠷ ᠢᠶᠠᠷ | ᠬᠠᠮᠲᠤᠪᠠᠷ ᠬᠦᠷᠲᠡᠬᠦ ᠪᠠ ᠪᠦᠲᠦᠮᠵᠢᠲᠡᠢ ᠲᠠᠢ ᠬᠡᠷᠡᠭᠯᠡᠬᠦ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠢ᠃ | ᠲᠠᠪᠤ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠢ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ | ᠰᠠᠯᠠᠭ᠎ᠠ ᠮᠦᠴᠢᠷ ᠤᠨ ᠮᠡᠳᠡᠭᠡ ᠵᠠᠩᠬᠢᠵᠢᠯᠲᠠ ᠶᠢ ᠪᠠᠲᠤᠯᠠᠬᠤ ᠪᠠ ᠠᠵᠢᠯ ᠤᠨ ᠮᠡᠳᠡᠭᠡ ᠵᠠᠩᠬᠢ ᠶᠢᠨ ᠰᠢᠰᠲ᠋ᠧᠮ ᠢ | ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠮᠡᠳᠡᠭᠡ ᠵᠠᠩᠬᠢ ᠶᠢ ᠬᠠᠮᠲᠤᠪᠡᠷ ᠬᠦᠷᠲᠡᠬᠦ ᠲᠠᠪᠴᠠᠩ ᠢ ᠦᠪᠡᠷᠲᠡᠭᠡᠨ | ᠵᠠᠰᠠᠬᠤ ᠤᠷᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠬᠠᠷᠢᠭᠤᠴᠠᠨ ᠪᠠᠶᠢᠭᠤᠯᠵᠤ᠂ | ᠦᠪᠡᠷᠲᠡᠭᠡᠨ ᠵᠠᠰᠠᠬᠤ ᠤᠷᠤᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠦᠪᠯᠡᠯ ᠠᠴᠠ ᠲᠣᠣᠷ ᠰᠦᠯᠵᠢᠶ᠎ᠡ ᠶᠢ | ᠬᠠᠷᠢᠭᠤᠴᠠᠨ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭᠠᠨ ᠤ | ᠬᠠᠮᠢᠶᠠᠷᠤᠯᠲᠠ ᠶᠢᠨ ᠲᠣᠪᠴᠢᠶ᠎ᠠ ᠠᠴᠠ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ | ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠨᠦᠭᠦᠴᠡᠯ᠂ ᠳᠠᠰ ᠳᠠᠷᠠᠭᠠᠯᠠᠯ ᠪᠠ ᠮᠠᠲ᠋ᠧᠷᠢᠶᠠᠯ ᠤᠨ | ᠱᠠᠭᠠᠷᠳᠠᠯᠭ᠎ᠠ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠂ ᠳᠠᠩᠰᠠᠯᠠᠨ ᠲᠡᠮᠳᠡᠭᠯᠡᠬᠦ ᠭᠤᠭᠴᠤᠭ᠎ᠠ ᠳᠤ | ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠣᠷᠤᠯᠠᠬᠤ ᠨᠣᠮᠧᠷ ᠪᠤᠯᠤᠨ ᠡᠵᠡᠩᠨᠡᠯᠲᠡ ᠶᠢᠨ ᠦᠨᠡᠮᠯᠡᠯ ᠢ | ᠲᠠᠷᠬᠠᠭᠠᠬᠤ ᠶᠢᠨ ᠳᠠᠭᠠᠤ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠪᠦᠷ ᠮᠣᠩᠭᠤᠯ ᠤᠨ ᠤᠯᠤᠰ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠯᠤᠭ᠎ᠠ ᠲᠤᠰ ᠲᠤᠰ ᠤᠨ ᠠᠵᠢᠯ ᠤᠨ ᠴᠣᠪᠤᠷᠠᠯ ᠢᠶᠠᠨ ᠲᠣᠬᠢᠷᠠᠭᠤᠯᠬᠤ ᠪᠠ | ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠦᠭᠡᠷᠡᠴᠢᠯᠡᠯᠲᠡ ᠶᠢ ᠬᠠᠷᠢᠭᠤᠴᠠᠨ᠎ᠠ︔ ᠦᠪᠡᠷᠲᠡᠭᠡᠨ ᠵᠠᠰᠠᠬᠤ ᠤᠷᠤᠨ ᠤ | ᠬᠠᠤᠯᠢ ᠳᠦᠷᠢᠮ ᠤᠨ ᠠᠯᠪᠠᠨ ᠭᠡᠷ ᠠᠴᠠ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ | ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠯᠦᠭᠡ ᠬᠠᠷᠰᠢᠯᠳᠤᠬᠤ ᠣᠷᠣᠨ | ᠨᠤᠲᠤᠭ ᠤᠨ ᠳᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠬᠤ᠂ ᠵᠠᠰᠠᠪᠤᠷᠢ | ᠤᠷᠤᠭᠤᠯᠬᠤ᠂ ᠲᠡᠭᠦᠯᠳᠡᠷᠵᠢᠭᠦᠯᠬᠦ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠤᠷᠤᠨ ᠲᠤᠭ᠎ᠠ ᠶᠢᠨ | ᠠᠯᠪᠠᠨ ᠭᠡᠷ ᠨᠢ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ | ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ | ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠳᠤ ᠴᠢᠬᠤᠯᠠ ᠪᠦᠬᠦᠢ ᠠᠵᠢᠯᠲᠠᠨ ᠤ ᠪᠠᠲᠤᠯᠠᠭ᠎ᠠ ᠬᠠᠩᠭᠠᠨ᠎ᠠ︔ | ᠬᠡᠷᠡᠭᠯᠡᠭᠡᠨ ᠤ ᠰᠠᠯᠠᠭ᠎ᠠ ᠮᠦᠴᠢᠷ ᠢ ᠪᠠᠭᠲᠠᠭᠠᠭᠰᠠᠨ ᠪᠣᠰᠤᠳ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰ | ᠲᠦᠷᠦᠯ ᠤᠨ ᠦᠭᠡᠷᠡᠴᠢᠯᠡᠯᠲᠡ ᠳᠤ ᠬᠤᠯᠪᠤᠭᠳᠠᠭᠰᠠᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠡᠮᠬᠢᠯᠡᠬᠦ ᠪᠠ | ᠵᠠᠰᠠᠪᠤᠷᠢ ᠣᠷᠤᠭᠤᠯᠵᠤ᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠤᠨ | ᠠᠵᠤ ᠠᠬᠤᠶᠢᠯᠠᠯ ᠯᠤᠭ᠎ᠠ ᠬᠤᠯᠪᠤᠭᠳᠠᠬᠤ ᠪᠣᠢ ᠪᠦᠬᠦᠢ ᠬᠦᠷᠢᠶ᠎ᠡ ᠴᠠᠷᠠᠭ᠎ᠠ ᠪᠠ ᠭᠤᠭᠴᠤᠭ᠎ᠠ ᠳᠤ ᠪᠦᠷ ᠬᠠᠷᠰᠢ | ᠰᠠᠭᠠᠳ ᠦᠭᠡᠶ ᠬᠡᠷᠡᠭᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ︔ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠠᠴᠠ ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠬᠦ | ᠴᠣᠩᠬᠤᠪᠴᠢ ᠶᠢ ᠬᠠᠷᠢᠭᠤᠴᠠᠨ ᠨᠡᠬᠡᠬᠡᠵᠦ᠂ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ᠂ ︽ᠭᠤᠷᠪᠠᠨ ᠦᠨᠡᠮᠯᠡᠯ ᠢ | ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠳᠤ ᠢᠳᠡᠪᠬᠢᠲᠡᠢ ᠪᠠᠷ ᠨᠦᠭᠦᠴᠡᠯ ᠪᠦᠷᠢᠯᠳᠦᠭᠦᠯᠵᠦ ᠦᠭᠬᠦ ᠬᠡᠷᠡᠭᠲᠡᠢ᠃ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠲᠤᠰ ᠲᠤᠰ ᠤᠨ ᠬᠦᠷᠢᠶ᠎ᠡ ᠴᠠᠷᠠᠭ᠎ᠠ ᠳᠠᠭᠠᠨ ︽ | ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ | ᠦᠨᠡᠮᠯᠡᠯ ᠢ ᠮᠡᠳᠡᠷᠡᠵᠦ᠂ ᠬᠡᠷᠡᠭᠯᠡᠵᠦ᠂ ᠳᠡᠯᠭᠡᠷᠡᠭᠦᠯᠵᠦ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ | ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠢ ᠨᠡᠶᠢᠭᠡᠮ ᠤᠨ ᠡᠯ᠎ᠡ ᠠᠵᠢᠯ | ᠲᠦᠷᠦᠯ ᠳᠤ ᠨᠡᠶᠢᠳᠡᠮ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠵᠢᠷᠭᠤᠭ᠎ᠠ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ | ︾ ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠤᠷᠤᠨ ᠨᠤᠭᠤᠳ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠠᠵᠢᠯ ᠳᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠦᠭᠡᠷᠡᠴᠢᠯᠡᠯᠲᠡ ᠳᠤᠮᠳᠠ ᠢᠯᠡᠷᠡᠭᠰᠡᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠬᠦᠮᠦᠨ᠂ ᠵᠣᠭᠤᠰ᠂ ᠪᠣᠳᠠᠰ᠂ ᠰᠦᠯᠵᠢᠶ᠎ᠡ᠂ ᠮᠡᠷᠭᠡᠵᠢᠯ ᠵᠡᠷᠭᠡ ᠪᠠᠲᠤᠯᠠᠭ᠎ᠠ ᠶᠢ | ᠰᠠᠶᠢᠲᠤᠷ ᠬᠢᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠰᠠᠯᠠᠭ᠎ᠠ ᠮᠦᠴᠢᠷ ᠤᠨ ᠡᠭᠦᠷᠭᠡ | ᠬᠠᠷᠢᠭᠤᠴᠠᠯᠭ᠎ᠠ ᠶᠣᠰᠤᠭᠠᠷ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠶᠢ ᠰᠠᠶᠢᠲᠤᠷ ᠬᠢᠵᠦ᠂ ᠦᠨᠡᠨᠬᠦ | ᠬᠡᠷᠡᠭᠵᠢᠭᠦᠯᠦᠭᠦᠰᠢᠲᠡᠢ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠦᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠣᠳᠠᠲᠠᠢ ᠭᠠᠵᠠᠷ ᠲᠤᠨᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠵᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠲᠦᠷᠦᠭᠦᠯᠡᠨ ᠬᠠᠷᠢᠭᠤᠴᠠᠬᠤ | ᠨᠢᠭᠡᠴᠡ ᠶᠢᠨ ᠦᠢᠯᠡᠳᠦᠯ ᠢᠶᠠᠨ ᠪᠠᠳᠠᠷᠠᠭᠤᠯᠵᠤ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ | ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠰᠠᠨᠠᠯ ᠢ ᠲᠦᠷᠭᠡᠳᠬᠡᠨ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠵᠢᠴᠢ ᠤᠯᠤᠰ ᠤᠨ ᠵᠢᠷᠭᠤᠭᠠᠨ | ᠶᠠᠮᠤᠨ ᠵᠦᠪᠯᠡᠯ ᠤᠨ ᠪᠣᠳᠠᠲᠠᠢ ᠱᠠᠭᠠᠷᠳᠠᠯᠭ᠎ᠠ ᠶᠢ ᠭᠦᠨᠵᠡᠭᠡᠶ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ | ᠦᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ | ︵ᠬᠤᠶᠠᠷ︶ ᠪᠣᠯᠪᠠᠰᠤᠷᠠᠭᠤᠯᠤᠯ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ | ᠰᠠᠯᠠᠭ᠎ᠠ ᠮᠦᠴᠢᠷ ᠤᠳ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ | ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠳᠤ ᠬᠤᠯᠪᠤᠭᠳᠠᠭᠰᠠᠨ ᠬᠠᠤᠯᠢ ᠴᠠᠭᠠᠵᠠ | ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ᠂ ᠲᠤᠬᠠᠢᠢᠯᠠᠬᠰᠠᠨ ᠠᠵᠢᠯ ᠤᠨ ᠴᠣᠪᠤᠷᠠᠯ᠂ ᠪᠢᠴᠢᠭ ᠬᠠᠷ᠎ᠠ ᠶᠢᠨ | ᠵᠢᠷᠤᠮᠵᠢᠯ᠂ ᠮᠡᠳᠡᠭᠡ ᠵᠠᠩᠬᠢ ᠶᠢᠨ ᠳᠠᠮᠵᠢᠭᠤᠯᠤᠯᠲᠠ ᠪᠣᠯᠤᠨ ᠳᠠᠩᠰᠠ ᠡᠪᠬᠡᠮᠡᠯ ᠤᠨ ᠠᠰᠢᠭᠯᠠᠯᠲᠠ ᠵᠡᠷᠭᠡ ᠶᠢᠨ | ᠲᠣᠭᠤᠷᠢᠨ ᠳᠤ ᠲᠤᠬᠠᠶᠢᠯᠠᠭᠰᠠᠨ ᠠᠵᠢᠯ ᠤᠨ ᠲᠤᠰᠬᠠᠢ ᠪᠣᠯᠪᠠᠰᠤᠷᠠᠭᠤᠯᠤᠯ ᠢ ᠦᠷᠨᠢᠭᠦᠯᠵᠦ᠂ ᠳᠠᠩᠰᠠᠯᠠᠨ ᠲᠡᠮᠳᠡᠭᠯᠡᠬᠦ | ᠲᠤᠬᠠᠶᠢᠯᠠᠭᠰᠠᠨ ᠠᠵᠢᠯ ᠤᠨ ᠠᠵᠢᠯᠲᠠᠨ ᠤ ᠦᠵᠡᠯ ᠰᠠᠨᠠᠭᠠᠨ ᠤ ᠲᠠᠨᠢᠯᠲᠠ ᠪᠠ ᠲᠤᠬᠠᠶᠢᠯᠠᠭᠰᠠᠨ ᠠᠵᠢᠯ ᠤᠨ ᠬᠢᠷᠢ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ ᠡᠯ᠎ᠡ ᠵᠦᠢᠯ ᠤᠨ ᠰᠣᠨᠢᠨ ᠮᠡᠳᠡᠭᠡᠨ ᠤ | ᠵᠠᠭᠤᠴᠢᠯᠠᠭᠤᠷ ᠢ ᠰᠠᠶᠢᠲᠤᠷ ᠠᠰᠢᠭᠯᠠᠵᠤ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ | ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠢ ᠴᠠᠭ ᠲᠤᠬᠠᠢ ᠳᠤᠨᠢ ᠤᠬᠠᠭᠤᠯᠵᠤ᠂ ᠨᠡᠶᠢᠭᠡᠮ ᠤᠨ | ᠠᠩᠬᠠᠷᠴᠤ ᠪᠦᠬᠦᠢ ᠬᠠᠯᠠᠮᠰᠢᠯ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠦᠭᠬᠦ ᠪᠠ ᠳᠤᠰᠬᠠᠵᠤ᠂ | ᠨᠡᠶᠢᠭᠡᠮ ᠤᠨ ᠡᠯ᠎ᠡ ᠡᠲᠡᠭᠡᠳ ᠲᠤ ᠦᠭᠡᠷᠡᠴᠢᠯᠡᠯᠲᠡ ᠶᠢ ᠪᠦᠷᠢᠮᠦᠰᠦᠨ ᠮᠡᠳᠡᠭᠦᠯᠬᠦ ᠪᠠ ᠦᠭᠡᠷᠡᠴᠢᠯᠡᠯᠲᠡ ᠶᠢ | ᠳᠡᠮᠵᠢᠭᠦᠯᠵᠦ᠂ ᠤᠬᠠᠮᠰᠠᠷ ᠠᠴᠠ ᠪᠠᠨ ᠦᠭᠡᠷᠡᠴᠢᠯᠡᠯᠲᠡ ᠶᠢᠨ ᠦᠷ᠎ᠡ ᠪᠦᠲᠦᠭᠡᠯ ᠶᠢ ᠬᠡᠷᠡᠭᠯᠡᠵᠦ᠂ ᠦᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠬᠠᠮᠢᠶ᠎ᠠ ᠪᠦᠬᠦᠢ | ᠠᠵᠢᠯ ᠤᠨ ᠵᠢᠷᠤᠮᠵᠢᠯ ᠢ ᠬᠢᠨᠠᠮᠠᠭᠠᠢ ᠲᠣᠭᠲᠠᠭᠠᠵᠤ᠂ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠳᠤ | ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠳᠤ ᠬᠤᠯᠪᠤᠭᠳᠠᠭᠰᠠᠨ ᠡᠯ᠎ᠡ | ᠵᠦᠢᠯ ᠤᠨ ᠠᠵᠢᠯ ᠳᠤ ᠬᠠᠷᠢᠭᠤᠴᠠᠯᠭᠠᠲᠤ ᠨᠢᠭᠡᠴᠡ᠂ ᠴᠠᠭ ᠬᠤᠭᠤᠴᠠᠭ᠎ᠠ ᠶᠢᠨ ᠵᠠᠩᠭᠢᠯᠭ᠎ᠠ ᠶᠢᠨ ᠴᠡᠭ ᠪᠣᠯᠤᠨ | ᠠᠵᠢᠯ ᠤᠨ ᠱᠠᠭᠠᠷᠳᠠᠯᠭ᠎ᠠ ᠶᠣᠰᠤᠭᠠᠷ᠂ ᠮᠦᠷᠳᠡᠨ ᠪᠠᠶᠢᠴᠠᠭᠠᠬᠤ ᠶᠢ ᠰᠠᠶᠢᠲᠤᠷ ᠬᠢᠬᠦ ᠬᠡᠷᠡᠭᠲᠡᠢ᠃ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠮᠠᠭᠠᠢ ᠪᠣᠰᠤ᠂ ᠠᠵᠢᠯ ᠤᠨ ᠠᠷᠭ᠎ᠠ ᠬᠡᠮᠵᠢᠶ᠎ᠡ ᠪᠠᠷ ᠬᠦᠴᠦᠨ ᠦᠭᠡᠢ᠂ | ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠨᠢ ᠪᠣᠳᠠᠲᠠᠢ ᠦᠭᠡᠢ ᠠᠴᠠ ᠪᠣᠯᠵᠤ᠂ ᠠᠵᠢᠯ ᠢ ᠲᠠᠰᠤᠯᠳᠠᠭᠤᠯᠵᠤ᠂ | ᠦᠭᠡᠷᠡᠴᠢᠯᠡᠯᠲᠡ ᠶᠢᠨ ᠠᠬᠢᠴᠠ ᠶᠢ ᠰᠠᠭᠠᠲᠠᠭᠠᠭᠰᠠᠨ ᠨᠢᠭᠡᠴᠡ ᠪᠠ ᠬᠤᠪᠢ ᠬᠦᠮᠦᠨ ᠠᠴᠠ ᠴᠢᠩᠭ᠎ᠠ ᠪᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ︽ᠭᠤᠷᠪᠠᠨ ᠦᠨᠡᠮᠯᠡᠯ ᠢ ᠨᠢᠭᠡ ᠪᠣᠯᠭᠠᠵᠤ᠂ ᠨᠢᠭᠡ | ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠡᠯᠲᠡ ᠶᠢ | ᠠᠬᠢᠭᠤᠯᠬᠤ ᠶᠠᠪᠤᠴᠠ ᠳᠤᠮᠳᠠ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠶᠢ ᠴᠠᠭ ᠲᠤᠬᠠᠢ ᠳᠤᠨᠢ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠷᠳᠤᠨ ᠳᠤ ᠮᠡᠳᠡᠭᠦᠯᠬᠦ ᠬᠡᠷᠡᠭᠲᠡᠢ᠃ | | |