ᠥᠪᠥᠷ ᠮᠣᠩᠭᠤᠯ ᠤᠨ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ 5 ᠵᠦᠢᠯ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠲᠤᠭᠲᠠᠭᠠᠪᠠ
ᠨᠡᠶᠢᠲᠡᠯᠡᠭᠰᠡᠨ ᠴᠠᠭ᠄
2016/1/27
     
     1 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠬᠤᠷᠠᠯ ᠬᠢᠵᠡᠢ᠃      1 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠬᠤᠷᠠᠯ ᠬᠤᠷᠠᠯᠳᠤᠭᠤᠯᠵᠤ᠂ ᠰᠠᠨᠠᠯ ᠵᠥᠪᠯᠡᠯᠭᠡ ᠶᠢ ᠠᠩᠬ᠎ᠠ ᠬᠢᠨᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠬᠢᠨᠠᠨ ᠪᠠᠲᠤᠯᠠᠪᠠ᠃ ᠨᠡᠶᠢᠲᠡ 5 ᠬᠤᠪᠢ ᠰᠠᠨᠠᠯ ᠵᠥᠪᠯᠡᠯᠭᠡ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠶᠡᠭᠡ ᠬᠤᠷᠠᠯ ᠤᠨ ᠰᠠᠨᠠᠯ ᠵᠥᠪᠯᠡᠯᠭᠡ ᠪᠠᠷ ᠲᠣᠭᠲᠠᠭᠠᠵᠤ᠂ ᠲᠡᠷᠢᠭᠦᠯᠡᠭᠴᠢᠳ ᠤᠨ ᠪᠦᠯᠬᠦᠮ ᠢᠶᠠᠷ ᠲᠣᠭᠲᠠᠭᠠᠯᠭᠠᠬᠤ ᠪᠠᠷ ᠳᠡᠪᠰᠢᠭᠦᠯᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠭᠤᠴᠠᠭᠠᠨ ᠳᠤ᠂ ᠲᠥᠯᠥᠭᠡᠯᠡᠭᠴᠢᠳ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠪᠠ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠶᠡᠭᠡ ᠬᠤᠷᠠᠯ ᠠᠴᠠ ᠲᠣᠭᠲᠠᠭᠠᠭᠰᠠᠨ ᠰᠠᠨᠠᠯ ᠵᠥᠪᠯᠡᠯᠭᠡ ᠶᠢᠨ ᠬᠢᠵᠠᠭᠠᠷᠲᠤ ᠴᠠᠭ ︵1 ᠳ᠋ᠦ᠋ᠭᠡᠷ ᠰᠠᠷ᠎ᠠ ᠶᠢᠨ 25᠎ ᠤ ᠡᠳᠦᠷ ᠤᠨ 18 ᠴᠠᠭ ᠪᠣᠯᠲᠠᠯ᠎ᠠ︶᠎ ᠠᠴᠠ ᠡᠮᠦᠨ᠎ᠡ᠂ ᠲᠥᠯᠥᠭᠡᠯᠡᠭᠴᠢᠳ ᠤᠨ ᠪᠦᠯᠬᠦᠮ ᠪᠠ ᠠᠷᠪᠠᠨ ᠲᠥᠯᠥᠭᠡᠯᠡᠭᠴᠢ ᠠᠴᠠ ᠳᠡᠭᠡᠭᠰᠢ ᠨᠡᠷ᠎ᠡ ᠬᠤᠯᠪᠣᠨ ᠳᠤᠷᠠᠳᠤᠭᠰᠠᠨ ᠰᠠᠨᠠᠯ ᠵᠥᠪᠯᠡᠯᠭᠡ 21 ᠵᠦᠢᠯ ᠪᠤᠶ᠃ ᠬᠠᠮᠤᠭ ᠡᠴᠦᠰ ᠲᠤ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠨᠠᠷᠢᠨ ᠬᠢᠨᠠᠮᠠᠭᠠᠶ ᠬᠢᠨᠠᠨ ᠪᠠᠶᠢᠴᠠᠭᠠᠭᠰᠠᠨ ᠤ ᠳᠠᠷᠠᠭ᠎ᠠ᠂ 5 ᠬᠤᠪᠢ ᠰᠠᠨᠠᠯ ᠵᠥᠪᠯᠡᠯᠭᠡ ᠶᠢ ᠶᠡᠭᠡ ᠬᠤᠷᠠᠯ ᠤᠨ ᠰᠠᠨᠠᠯ ᠵᠥᠪᠯᠡᠯᠭᠡ ᠪᠠᠷ ᠲᠣᠭᠲᠠᠭᠠᠪᠠ᠃      ᠥᠨᠥ ᠪᠣᠯᠬᠤ ᠳᠤ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠠᠯᠪᠠᠨ ᠭᠡᠷ ᠨᠢ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠪᠠᠰᠠ 227 ᠬᠤᠪᠢ ᠣᠯᠵᠤ ᠠᠪᠤᠪᠠ  ᠃ ᠡᠳᠡᠭᠡᠷ ᠰᠠᠨᠠᠭᠤᠯᠭ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠡᠭᠦᠳᠡᠨ ᠠᠴᠠ ᠳᠤᠷᠠᠳᠤᠭᠰᠠᠨ ᠠᠷᠭ᠎ᠠ ᠪᠣᠳᠣᠯᠭ᠎ᠠ ᠪᠣᠯᠣᠨ᠎ᠠ᠃ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠲᠥᠯᠥᠭᠡᠯᠡᠭᠴᠢᠳ ᠤᠨ ᠵᠥᠪᠯᠡᠯᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ ᠶᠢ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭ᠎ᠠ ᠶᠢᠨ ᠬᠤᠷᠠᠯᠳᠤᠭᠠᠨ ᠳᠤ ᠳᠡᠪᠰᠢᠭᠦᠯᠦᠨ ᠬᠢᠨᠠᠨ ᠪᠠᠲᠤᠯᠠᠭᠰᠠᠨ ᠤ  ᠰᠡᠭᠦᠯᠡᠷ ᠶᠡᠭᠡ ᠬᠤᠷᠠᠯ ᠤᠨ ᠪᠦᠬᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号