ᠪᠥᠬᠦ ᠣᠷᠣᠨ ᠤ ᠨᠡᠭᠦᠷᠡᠰᠦᠨ ᠠᠭᠤᠷᠬᠠᠶ ᠶᠢᠨ ᠠᠮᠤᠷ ᠲᠥᠪᠰᠢᠨ ᠢ ᠬᠢᠨᠠᠨ ᠪᠠᠶᠢᠴᠠᠭᠠᠬᠤ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/1/27
     1 ᠳ᠋ᠦ᠋ᠭᠡᠷ ᠰᠠᠷ᠎ᠠ ᠶᠢᠨ 22᠎ ᠤᠨ ᠡᠳᠦᠷ᠂ ᠪᠥᠬᠦ ᠣᠷᠣᠨ ᠤ ᠨᠡᠭᠦᠷᠡᠰᠦᠨ ᠠᠭᠤᠷᠬᠠᠶ ᠶᠢᠨ ᠠᠮᠤᠷ ᠲᠥᠪᠰᠢᠨ ᠢ ᠬᠢᠨᠠᠨ ᠪᠠᠶᠢᠴᠠᠭᠠᠬᠤ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂  ᠬᠤᠷᠠᠯ ᠨᠢ ᠲᠥᠪ ᠤᠨ ᠤᠳᠤᠷᠢᠳᠬᠤ ᠨᠥᠬᠦᠳ ᠤᠨ  ᠠᠶᠤᠯ ᠦᠭᠡᠢ ᠶᠢᠨ ᠦᠢᠯᠡᠳᠪᠦᠷᠢᠯᠡᠯ ᠤᠨ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠂ ᠤᠯᠤᠰ ᠤᠨ ᠠᠶᠤᠯ ᠦᠭᠡᠢ ᠶᠢᠨ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠨᠡᠭᠦᠷᠡᠰᠦᠨ ᠠᠭᠤᠷᠬᠠᠶ ᠶᠢᠨ ᠠᠶᠤᠯ ᠦᠭᠡᠢ ᠶᠢᠨ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠲᠣᠪᠴᠢᠶ᠎ᠠ  ᠶᠢᠨ ᠪᠠᠶᠢᠷᠢᠯᠠᠭᠤᠯᠤᠯᠲᠠ ᠎ ᠶᠢ ᠰᠤᠷᠤᠯᠴᠠᠵᠤ᠂  2015 ᠣᠨ ᠤ ᠪᠦᠬᠦ ᠲᠣᠪᠴᠢᠶ᠎ᠠ ᠶᠢᠨ ᠠᠵᠢᠯ ᠢ ᠡᠷᠭᠢᠴᠡᠭᠦᠯᠦᠨ ᠳ᠋ᠦᠩᠨᠡᠵᠦ᠂ 2016 ᠣᠨ ᠤ  ᠭᠤᠣᠯ ᠠᠵᠢᠯ ᠢ  ᠪᠠᠶᠢᠷᠢᠯᠠᠭᠤᠯᠤᠨ ᠲᠣᠬᠢᠷᠠᠭᠤᠯᠪᠠ᠃       ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠲᠣᠪᠴᠢᠶ᠎ᠠ ᠶᠢᠨ ᠳᠠᠷᠤᠭ᠎ᠠ ᠶᠠᠩ ᠽᠧ ᠢᠦᠢ ᠲᠥᠪ ᠤᠨ ᠤᠳᠤᠷᠢᠳᠬᠤ ᠨᠥᠬᠦᠳ ᠤᠨ ᠠᠮᠤᠷ ᠲᠥᠪᠰᠢᠨ ᠦᠢᠯᠡᠳᠪᠦᠷᠢᠯᠡᠯ ᠤᠨ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠤᠯᠤᠰ ᠤᠨ  ᠠᠶᠤᠯ ᠦᠭᠡᠢ ᠶᠢᠨ ᠦᠢᠯᠡᠳᠪᠦᠷᠢᠯᠡᠯ ᠤᠨ ᠠᠵᠢᠯ ᠤᠨ ᠬᠤᠷᠠᠯ ᠪᠣᠯᠤᠨ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠢᠰᠲ᠋ᠧᠮᠵᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠪᠦᠷᠢᠨ ᠤᠯᠠᠮᠵᠢᠯᠠᠵᠤ᠂ ᠲᠣᠪᠴᠢᠶ᠎ᠠ ᠶᠢᠨ ᠳᠠᠷᠤᠭ᠎ᠠ ᠶᠠᠩ ᠬᠤᠸᠠᠨ ᠨᠢᠩ ᠤᠨ ᠠᠶᠤᠯ ᠦᠭᠡᠢ ᠶᠢᠨ ᠦᠢᠯᠡᠳᠪᠦᠷᠢᠯᠡᠯ ᠤᠨ ᠠᠵᠢᠯ ᠤᠨ ᠢᠯᠡᠳᠬᠡᠯ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠢᠯᠡᠳᠬᠡᠯ ᠵᠢᠴᠢ ᠲᠣᠪᠴᠢᠶ᠎ᠠ ᠶᠢᠨ ᠳᠠᠷᠤᠭ᠎ᠠ ᠬᠤᠸᠠᠩ ᠢᠦᠢ ᡁᠢ ᠶᠢᠨ ᠨᠡᠭᠦᠷᠡᠰᠦᠨ ᠠᠭᠤᠷᠬᠠᠶ ᠶᠢᠨ ᠠᠶᠤᠯ ᠦᠭᠡᠢ ᠶᠢᠨ ᠦᠢᠯᠡᠳᠪᠦᠷᠢᠯᠡᠯ ᠤᠨ ᠠᠵᠢᠯ ᠤᠨ ᠢᠯᠡᠳᠬᠡᠯ ᠢ ᠭᠤᠣᠯᠳᠠᠯᠭ᠎ᠠ ᠲᠠᠢ ᠤᠯᠠᠮᠵᠢᠯᠠᠪᠠ᠃      ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂  ᠲᠣᠪᠴᠢᠶ᠎ᠠ ᠶᠢᠨ ᠳᠡᠳ᠋ ᠳᠠᠷᠤᠭ᠎ᠠ ᠸᠠᠩ ᠴᠥᠩ ᠰᠢᠶᠠᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ︽ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠪᠣᠳᠠᠲᠤ ᠠᠵᠢᠯᠯᠠᠭ᠎ᠠ ᠶᠢ ᠡᠷᠬᠢᠮᠯᠡᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠪᠥᠬᠦ ᠣᠷᠣᠨ ᠤ ᠨᠡᠭᠦᠷᠡᠰᠦᠨ ᠠᠭᠤᠷᠬᠠᠶ ᠶᠢᠨ ᠠᠶᠤᠯ ᠦᠭᠡᠢ ᠶᠢᠨ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠤᠯᠠᠮ ᠴᠢᠨᠠᠭᠰᠢᠳᠠ ᠲᠦᠯᠬᠢᠨ ᠠᠬᠢᠭᠤᠯᠬᠤ ᠬᠡᠷᠡᠭᠲᠡᠢ︾ ᠭᠡᠰᠡᠨ ᠰᠡᠳᠦᠪ ᠢᠶᠠᠷ ᠠᠵᠢᠯ ᠤᠨ ᠢᠯᠡᠳᠬᠡᠯ ᠬᠢᠪᠡ᠃       ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠧᠩ ᠭᠤᠸᠠᠩ ᠼᠦᠨ 2016 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠪᠠᠶᠢᠷᠢᠯᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠭᠠᠷᠳᠠᠴᠠ ᠪᠣᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ ᠪᠠ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠪᠠ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠪᠠᠷ ᠵᠠᠩᠭᠢᠯᠠᠭ᠎ᠠ ᠪᠣᠯᠭᠠᠵᠤ᠂ ᠦᠵᠡᠯ ᠰᠠᠨᠠᠭᠠᠨ ᠤ ᠬᠥᠮᠦᠵᠢᠯ ᠪᠣᠯᠣᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠦᠷᠢᠮ ᠢ ᠨᠠᠶᠢᠳᠠᠪᠤᠷᠢᠵᠢᠭᠤᠯᠬᠤ ᠪᠠ ᠰᠠᠬᠢᠯᠭ᠎ᠠ ᠪᠠᠲᠤ ᠬᠡᠷᠡᠭᠵᠢᠭᠦᠯᠬᠦ ᠶᠢ ᠴᠢᠬᠤᠯᠠᠴᠢᠯᠠᠵᠤ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠬᠦ ᠨᠡᠭᠦᠷᠡᠰᠦᠨ ᠠᠭᠤᠷᠬᠠᠶ ᠶᠢᠨ ᠠᠮᠤᠷ ᠲᠥᠪᠰᠢᠨ ᠢ ᠬᠢᠨᠠᠨ ᠪᠠᠶᠢᠴᠠᠭᠠᠬᠤ ᠨᠢᠭᠡᠨ ᠰᠠᠯᠠᠭ᠎ᠠ ᠡᠩᠨᠡᠭᠡ ᠶᠢ ᠪᠠᠶᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃       ᠬᠤᠷᠠᠯ ᠢ ᠳᠡᠳ᠋ ᠲᠣᠭᠤᠷᠢᠨ ᠪᠠᠶᠢᠴᠠᠭᠠᠭᠴᠢ ᠢᠦᠢ ᠪᠦᠦ ᠴᠢᠤᠸᠠᠨ ᠡᠷᠬᠢᠯᠡᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠶᠡᠷᠦᠩᠬᠡᠶ ᠢᠨᠵᠧᠨᠧᠷ ᠸᠠᠩ ᠬᠠᠶ ᠱᠦ  2015 ᠣᠨ ᠤ  ᠠᠵᠢᠯ ᠢ ᠬᠢᠨᠠᠨ ᠰᠢᠯᠭᠠᠭᠰᠠᠨ ᠪᠠ ᠲᠡᠷᠢᠭᠦᠨ ᠤ ᠪᠠᠶᠢᠳᠠᠯ ᠢ ᠮᠡᠳᠡᠭᠡᠯᠡᠪᠡ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠣᠪᠴᠢᠶ᠎ᠠ ᠶᠢᠨ ᠳᠡᠳ᠋ ᠳᠠᠷᠤᠭ᠎ᠠ ᠵᠠᠩ ᠷᠦᠢ ᠲᠢᠩ ᠡᠨᠡ ᠵᠢᠯ ᠤᠨ ᠠᠶᠤᠯ ᠦᠭᠡᠢ ᠶᠢᠨ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠤ᠂ ᠣᠶᠢᠷ᠎ᠠ ᠶᠢᠨ ᠬᠤᠭᠤᠴᠠᠭᠠᠨ ᠳᠠᠬᠢ ᠨᠡᠭᠦᠷᠡᠰᠦᠨ ᠠᠭᠤᠷᠬᠠᠶ ᠶᠢᠨ ᠠᠮᠤᠷ ᠲᠥᠪᠰᠢᠨ ᠢ ᠬᠢᠨᠠᠨ ᠪᠠᠶᠢᠴᠠᠭᠠᠬᠤ ᠠᠵᠢᠯ ᠤᠨ ᠲᠠᠯ᠎ᠠ ᠪᠠᠷ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号