2015 ᠣᠨ ᠤ ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠠᠵᠢᠯ ᠤᠨ ᠵᠠᠩᠭᠢᠯᠠᠭ᠎ᠠ ᠶᠢᠨ ᠦᠭᠡ᠄ ︽ᠠᠵᠢᠯ ᠦᠢᠯᠡᠰ᠂ ᠴᠠᠯᠢᠩ᠂ ᠣᠷᠣᠨ ᠰᠠᠭᠤᠴᠠ︾
ᠨᠡᠶᠢᠲᠡᠯᠡᠭᠰᠡᠨ ᠴᠠᠭ᠄
2016/1/27
     ᠠᠷᠠᠳ ᠤᠨ ᠠᠮᠢᠳᠤᠷᠠᠯ ᠤᠨ ᠠᠵᠢᠯ ᠠᠶᠢᠯ ᠡᠷᠦᠭᠡ ᠪᠦ᠋ᠬᠦᠨ ᠳᠤ ᠬᠤᠯᠪᠣᠭᠳᠠᠵᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠤᠨ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠬᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠶᠢᠨ ᠵᠠᠩᠭᠢᠯᠠᠭ᠎ᠠ ᠶᠢᠨ ᠨᠢᠭᠡᠨ ᠭᠤᠭᠴᠤᠭ᠎ᠠ ᠪᠣᠯᠤᠨ᠎ᠠ᠃ 2015 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠪᠠᠶᠢᠳᠠᠯ ᠢᠯᠡᠳᠲᠡ ᠰᠠᠶᠢᠵᠢᠷᠠᠪᠠ᠂ ᠰᠤᠷᠪᠤᠯᠵᠢᠯᠠᠭᠴᠢ ᠶᠠᠭ ᠰᠠᠶᠢᠬᠠᠨ ᠬᠤᠷᠠᠯᠳᠤᠵᠤ ᠪᠠᠶᠢᠭ᠎ᠠ ᠥᠪᠥᠷ ᠮᠣᠩᠭᠤᠯ ᠤᠨ ︽ᠬᠤᠶᠠᠷ ᠬᠤᠷᠠᠯ︾᠎ ᠠᠴᠠ ᠣᠶᠢᠯᠭᠠᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ᠂ ᠪᠥᠬᠦ ᠣᠷᠣᠨ ᠤ ᠠᠷᠠᠳ ᠤᠨ ᠠᠮᠢᠳᠤᠷᠠᠯ ᠤᠨ ᠠᠵᠢᠯ ᠤᠨ ᠭᠢᠯᠠᠰ ᠴᠢᠭ᠋ ᠣᠯᠠᠨ ᠢᠯᠡᠷᠡᠵᠦ᠂ ︽ᠠᠵᠢᠯ ᠦᠢᠯᠡᠰ᠂ ᠴᠠᠯᠢᠩ᠂ ᠣᠷᠣᠨ ᠰᠠᠭᠤᠴᠠ︾᠎ ᠶᠢ ᠠᠷᠠᠳ ᠲᠤ ᠳᠥᠭᠦᠮ ᠦᠵᠡᠭᠦᠯᠬᠦ ᠠᠰᠢᠭ ᠬᠦᠷᠲᠡᠭᠡᠬᠦ ᠠᠷᠠᠳᠴᠢᠯᠠᠭᠰᠠᠨ ᠶᠠᠪᠤᠳᠠᠯ ᠪᠣᠯᠭᠠᠨ ᠠᠳᠬᠤᠵᠠᠢ᠃      ᠶᠠᠭᠤᠨ ᠤ ᠡᠮᠦᠨ᠎ᠡ᠂ ︽ᠠᠵᠢᠯ ᠦᠢᠯᠡᠰ︾᠎ ᠤᠨ ᠪᠠᠶᠢᠳᠠᠯ ᠲᠣᠭᠲᠠᠭᠤᠨ ᠪᠠᠶᠢᠨ᠎ᠠ᠃ ᠪᠥᠬᠦ ᠣᠷᠣᠨ ᠤ ᠬᠤᠲᠠ ᠪᠠᠯᠭᠠᠰᠤ ᠶᠢᠨ 26.9 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 3.65 %᠎ ᠶᠢᠨ ᠳᠣᠲᠣᠷ᠎ᠠ ᠨᠡᠯᠢᠶᠡᠳ ᠳᠣᠣᠷ᠎ᠠ ᠬᠢᠷᠢ ᠬᠡᠮᠵᠢᠶᠡᠨ ᠳᠤ ᠬᠢᠵᠠᠭᠠᠷᠯᠠᠪᠠ᠃ ᠠᠳᠠᠯ ᠦᠢᠯᠡᠰ ᠴᠣᠭᠴᠠᠯᠠᠬᠤ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠵᠤ᠂ 26.9 ᠳ᠋ᠦᠩᠰᠢᠭᠤᠷ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ 15.9 ᠲᠦᠮᠡᠨ ᠬᠥᠮᠦᠨ ᠢ ᠠᠳᠠᠯ ᠦᠢᠯᠡᠰ ᠴᠣᠭᠴᠠᠯᠠᠭᠤᠯᠵᠤ ᠠᠵᠢᠯ ᠣᠯᠭᠤᠪᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠩᠬᠠᠨ ᠤ ᠠᠵᠢᠯ ᠣᠯᠭᠤᠯᠲᠠ ᠶᠢᠨ ᠨᠤᠷᠮ᠎ᠠ 86 .5 %᠎ ᠳᠤ ᠬᠦᠷᠴᠦ᠂ 12.7 ᠲᠦᠮᠡᠨ ᠤᠶᠤᠲᠠᠳ ᠤᠨ ᠠᠵᠢᠯ ᠤᠯᠬᠤ ᠶᠢ ᠪᠡᠶᠡᠯᠡᠭᠦᠯᠦᠭᠰᠡᠨ ᠪᠤᠶᠤ ᠠᠵᠢᠯ ᠣᠯᠬᠤ ᠬᠠᠨᠳᠤᠰᠢ ᠶᠢ ᠨᠠᠶᠢᠳᠠᠪᠤᠷᠢᠵᠢᠭᠤᠯᠵᠠᠢ᠃      ᠳᠠᠷᠠᠭᠠᠯᠠᠪᠠᠯ᠂ ᠰᠠᠭᠤᠭᠠᠯᠢ ᠠᠷᠠᠳ ᠤᠨ ︽ᠴᠠᠯᠢᠩ︾ ᠳᠡᠭᠡᠭᠰᠢᠯᠡᠵᠡᠢ᠃ ᠪᠦᠬᠦ ᠰᠠᠭᠤᠭᠠᠯᠢ ᠠᠷᠠᠳ ᠤᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ 8.5 %᠎ ᠪᠠᠷ ᠨᠡᠮᠡᠭᠳᠡᠪᠡ᠂ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ 7. 9 %᠎ ᠪᠠᠷ ᠨᠡᠮᠡᠭᠳᠡᠵᠦ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ 8 %᠎ ᠪᠠᠷ ᠨᠡᠮᠡᠭᠳᠡᠵᠡᠢ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠨᠠᠭᠠᠳᠤ ᠵᠠᠬ᠎ᠠ ᠶᠢᠨ ᠪᠠᠲᠤᠯᠠᠭ᠎ᠠ ᠪᠣᠯᠤᠨ  ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠬᠢᠷᠢ ᠲᠦᠪᠰᠢᠨ ᠲᠣᠭᠲᠠᠭᠤᠨ ᠪᠠᠶᠢᠵᠤ᠂ ᠨᠡᠶᠢᠲᠡ 1.1%᠎ ᠪᠠᠷ ᠥᠰᠴᠦ᠂ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 0.3 ᠵᠠᠭᠤᠨ ᠤ ᠴᠡᠭ ᠳᠣᠣᠷ᠎ᠠ ᠪᠠᠶᠢᠨ᠎ᠠ᠃          ᠲᠠᠬᠢᠭᠠᠳ ᠬᠡᠯᠡᠪᠡᠯ᠂ ᠰᠢᠨ᠎ᠡ ︽ᠣᠷᠣᠨ ᠰᠠᠭᠤᠴᠠ︾᠎ ᠳᠤ ᠣᠷᠣᠵᠣ ᠰᠠᠭᠤᠪᠠ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ 4.18 ᠳ᠋ᠦᠩᠰᠢᠭᠤᠷ ᠲᠥᠭᠦᠷᠢᠭ᠂ ᠬᠦᠷᠢᠶ᠎ᠡ ᠬᠡᠪᠴᠢᠶ᠎ᠡ ᠶᠢ ᠥᠷᠭᠡᠳᠬᠡᠭᠰᠡᠨ ᠪᠠᠷᠢᠯᠭ᠎ᠠ 263 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠲᠥᠯᠥᠪᠯᠡᠭᠰᠡᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠰᠢᠨ᠎ᠡ ᠪᠠᠷ ᠠᠵᠢᠯ ᠡᠬᠢᠯᠡᠭᠦᠯᠦᠭᠰᠡᠨ 28.5 ᠲᠦᠮᠡᠨ ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠡᠭᠦᠨ ᠤ ᠳᠣᠲᠣᠷ᠎ᠠ 24.2 ᠲᠦᠮᠡᠨ ᠢᠵᠢ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠪᠡ᠂ ᠡᠳᠡᠭᠡᠷ ᠨᠢ ᠥᠩᠭᠡᠷᠡᠭᠰᠡᠨ ᠵᠢᠯ ᠤᠨ ᠬᠠᠮᠤᠭ ᠤᠳ ᠪᠣᠯᠤᠭᠰᠠᠨ ᠪᠠᠶᠢᠨ᠎ᠠ᠃ ᠪᠤᠭᠤᠲᠤ ᠬᠤᠳᠠ ᠶᠢᠨ ᠪᠸᠢ ᠯᠢᠶᠠᠩ ᠤᠨ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠤᠯᠠᠭᠠᠨᠬᠠᠳᠠ ᠬᠤᠲᠠ ᠶᠢᠨ ᠲᠢᠶᠧ ᠨᠠᠨ᠂ ᠬᠢᠩᠭᠠᠨ ᠠᠶᠢᠮᠠᠭ ᠤᠨ ᠷᠠᠰᠢᠶᠠᠨ ᠵᠡᠷᠭᠡ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠲᠦᠷᠦᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ 21.8 ᠲᠦᠮᠡᠨ ᠡᠷᠦᠬᠡ ᠥᠭᠡᠷᠡᠴᠢᠯᠡᠵᠦ᠂ 21.4 ᠲᠦᠮᠡᠨ ᠡᠷᠦᠬᠡ ᠶᠢᠨ ᠪᠠᠷᠢᠯᠭ᠎ᠠ ᠳᠠᠭᠤᠰᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号