ᠥᠪᠥᠷ ᠮᠣᠩᠭᠤᠯ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢ ᠬᠡᠮᠵᠢᠨ ᠵᠢᠷᠤᠭᠯᠠᠬᠤ ᠲᠥᠷᠥᠯ ᠵᠦᠢᠯ ᠢ ᠡᠬᠢᠯᠡᠭᠦᠯᠬᠦ ᠪᠠᠷ ᠪᠤᠢ
ᠨᠡᠶᠢᠲᠡᠯᠡᠭᠰᠡᠨ ᠴᠠᠭ᠄
2016/1/27
     1 ᠳ᠋ᠦ᠋ᠭᠡᠷ ᠰᠠᠷ᠎ᠠ ᠶᠢᠨ 26᠎ ᠤ ᠡᠳᠦᠷ᠂ ᠥᠪᠥᠷ ᠮᠣᠩᠭᠤᠯ ᠤᠨ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ 2016 ᠣᠨ ᠳᠤ ᠮᠠᠨ ᠤ ᠣᠷᠣᠨ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢ ᠬᠡᠮᠵᠢᠨ ᠵᠢᠷᠤᠭᠯᠠᠬᠤ ᠲᠥᠷᠥᠯ ᠵᠦᠢᠯ ᠢ ᠡᠬᠢᠯᠡᠭᠦᠯᠬᠦ ᠪᠠᠷ ᠪᠤᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠡᠷᠦᠩᠬᠡᠶ ᠪᠠᠶᠢᠷᠢᠯᠠᠭᠤᠯᠤᠯᠲᠠ ᠶᠢᠨ ᠶᠣᠰᠣᠭᠠᠷ᠂ ᠬᠡᠮᠵᠢᠨ ᠵᠢᠷᠤᠭᠯᠠᠬᠤ ᠶᠢ ᠲᠦᠷᠦᠭᠦᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠬᠡᠮᠵᠢᠨ ᠵᠢᠷᠤᠭᠯᠠᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠪᠴᠢᠶ᠎ᠠ ᠨᠢ ᠨᠢᠭᠡᠨᠲᠡ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠴᠢᠳᠠᠮᠵᠢ ᠶᠢᠨ ᠬᠡᠷᠡᠭᠴᠡᠭᠡ  ᠱᠠᠭᠠᠷᠳᠠᠯᠭ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠳᠠᠭᠠᠤ ᠠᠵᠤ ᠠᠬᠤᠶ ᠶᠢᠨ ᠪᠦᠰᠡ ᠶᠢ ᠪᠦᠲᠦᠭᠡᠨ ᠪᠠᠶᠢᠭᠤᠯᠬᠤ ᠲᠠᠶᠢᠯᠪᠤᠷᠢ ᠵᠢᠷᠤᠭ ᠵᠢᠴᠢ ᠳᠤᠮᠳᠠᠳᠤ ᠤᠯᠤᠰ ᠤᠨ ︽ᠨᠢᠭᠡ ᠪᠦᠰᠡ ᠨᠢᠭᠡ ᠵᠠᠮ︾᠎ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠷᠭᠠᠨ ᠵᠠᠮ ᠤᠨ ᠠᠵᠤ ᠠᠬᠤᠶ ᠶᠢᠨ ᠪᠦᠰᠡ ᠶᠢᠨ ᠲᠠᠶᠢᠯᠪᠤᠷᠢ ᠵᠢᠷᠤᠭ ᠢ ᠨᠠᠶᠢᠷᠠᠭᠤᠯᠤᠨ  ᠵᠣᠬᠢᠶᠠᠨ᠎ᠠ︔ ᠭᠠᠳᠠᠭᠠᠳᠤ ᠨᠡᠭᠡᠭᠡᠯᠲᠡ ᠶᠢᠨ 7 ᠪᠣᠭᠤᠮᠲᠠ᠂ ᠨᠡᠶᠢᠲᠡ 110 ᠲᠡᠭᠰᠢ ᠳᠥᠷᠪᠡᠯᠵᠢᠨ ᠺᠢᠯᠣᠮᠧᠲᠷ 1:1000᠎ ᠶᠢᠨ ᠬᠠᠷᠢᠴᠠᠭᠠᠲᠤ ᠱᠤᠭᠤᠮ ᠪᠣᠯᠣᠨ 1975 ᠲᠡᠭᠰᠢ ᠳᠥᠷᠪᠡᠯᠵᠢᠨ ᠺᠢᠯᠣᠮᠧᠲᠷ 1:10000 ᠬᠠᠷᠢᠴᠠᠭᠠᠲᠤ ᠱᠤᠭᠤᠮ ᠤᠨ ᠭᠠᠵᠠᠷ ᠤᠨ ᠪᠠᠶᠢᠴᠠ ᠶᠢᠨ ᠵᠢᠷᠤᠭ ᠢ ᠬᠡᠮᠵᠢᠨ ᠵᠢᠷᠤᠭᠯᠠᠨ᠎ᠠ︔ ᠠᠭᠠᠷ ᠤᠨ ᠠᠶᠠᠯᠠᠯ  ᠪᠣᠯᠣᠨ ᠰᠠᠨᠰᠠᠷ ᠤᠨ ᠠᠶᠠᠯᠠᠯ ᠤᠨ ᠠᠯᠤᠰ ᠠᠴᠠ ᠡᠵᠡᠮᠰᠢᠯᠲᠦ ᠳ᠋ᠠᠶᠢᠲ᠋ᠠ ᠤᠯᠬᠤ᠂ ᠤᠳᠤ ᠦᠶ᠎ᠡ ᠶᠢᠨ ᠡᠬᠡ ᠭᠠᠵᠠᠷ ᠤᠨ ᠲᠦᠪᠰᠢᠨ ᠤ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠪᠥᠳᠥᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠵᠡᠷᠭᠡ ᠲᠥᠷᠥᠯ ᠵᠦᠢᠯ ᠢ ᠲᠣᠬᠢᠷᠠᠭᠤᠯᠵᠤ᠂ ︽ᠲᠣᠷᠭᠠᠨ ᠵᠠᠮ ᠤᠨ ᠠᠵᠤ ᠠᠬᠤᠶ ᠶᠢᠨ ᠪᠦᠰᠡ︾᠎ ᠶᠢ ᠬᠡᠮᠵᠢᠨ ᠵᠢᠷᠤᠬᠤ  ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠦᠲᠦᠮᠵᠢᠲᠠᠢ ᠪᠠᠲᠤᠯᠠᠨ᠎ᠠ︔ ︽ᠨᠢᠭᠡ ᠪᠦᠰᠡ ᠨᠢᠭᠡ ᠵᠠᠮ︾ ᠳᠠᠭᠠᠭᠤᠯᠢ ᠣᠳᠣᠨ ᠤ ᠦᠢᠯᠡᠴᠢᠯᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠶᠡᠷᠦᠩᠬᠡᠶᠢᠯᠡᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠦᠷᠥᠯ ᠵᠦᠢᠯ ᠢ ᠦᠷᠨᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠰᠤᠳᠤᠯᠭᠠᠨ ᠤ ᠪᠠᠶᠢᠭᠤᠯᠤᠮᠵᠢ ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠤᠷᠰᠢᠯᠴᠠᠬᠤ ᠪᠠᠷ ᠳᠠᠮᠵᠢᠭᠤᠯᠤᠨ᠂ ︽ᠨᠢᠭᠡ ᠪᠦᠰᠡ ᠨᠢᠭᠡ ᠵᠠᠮ︾᠎ ᠳᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠵᠠᠮ ᠲᠡᠭᠡᠭᠡᠪᠦᠷᠢ᠂ ᠤᠯᠠᠨ ᠨᠡᠶᠢᠲᠡ ᠶᠢᠨ ᠬᠠᠮᠢᠶᠠᠷᠤᠯᠲᠠ᠂ ᠨᠠᠷᠢᠯᠢᠭ ᠬᠠᠮᠢᠶᠠᠷᠤᠯᠲᠠᠲᠤ ᠲᠠᠷᠢᠶᠠᠯᠠᠩ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠪᠠᠷᠠᠭᠠᠨ ᠤ ᠭᠦᠢᠯᠭᠡᠭᠡ ᠶᠢᠨ ᠵᠠᠮ ᠬᠠᠷᠢᠯᠴᠠᠭ᠎ᠠ᠂ ᠬᠢᠯᠢ ᠠᠯᠤᠰᠯᠠᠭᠰᠠᠨ ᠬᠢᠨᠠᠯᠲᠠ ᠬᠠᠮᠢᠶᠠᠷᠤᠯᠲᠠ ᠵᠡᠷᠭᠡ ᠬᠦᠷᠢᠶᠡᠨ ᠳᠠᠬᠢ ᠣᠷᠣᠨ ᠵᠠᠶ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠣᠷᠣᠨ ᠵᠠᠶ ᠶᠢᠨ ᠮᠡᠳᠡᠭᠡ ᠵᠠᠩᠭᠢ ᠶᠢᠨ ᠬᠤᠯᠪᠣᠭᠠᠯᠠᠨ ᠨᠡᠪᠲᠡᠷᠡᠯᠴᠡᠬᠦ ᠶᠢ ᠠᠬᠢᠭᠤᠯᠵᠤ᠂ ᠣᠷᠣᠨ ᠵᠠᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠳᠡᠯᠡᠭᠡᠶᠢᠴᠢᠯᠡᠬᠦ ᠦᠢᠯᠡᠴᠢᠯᠡᠭᠡᠨ ᠤ ᠴᠢᠳᠠᠪᠤᠷᠢ ᠪᠣᠯᠤᠨ  ᠣᠷᠣᠨ ᠵᠠᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ 2016 ᠣᠨ ᠳᠤ ᠲᠤᠰ ᠲᠣᠪᠴᠢᠶ᠎ᠠ ᠪᠠᠰᠠ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠳᠤᠷᠠᠰᠬᠠᠬᠤ ᠲᠤᠰᠬᠠᠶ ᠰᠡᠳᠦᠪᠲᠦ ᠭᠠᠵᠠᠷ ᠤᠨ ᠵᠢᠷᠤᠭ ᠤᠨ ᠲᠣᠪᠬᠢᠮᠠᠯ ᠢ ᠵᠢᠷᠤᠭᠯᠠᠵᠤ᠂ ᠬᠡᠮᠵᠢᠨ ᠵᠢᠷᠤᠭᠯᠠᠬᠤ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ  ᠠᠵᠢᠯ ᠲᠦᠷᠦᠯ ᠤᠨ ᠣᠨᠴᠠᠯᠢᠭ ᠢ ᠪᠠᠳᠠᠷᠠᠭᠤᠯᠵᠤ᠂ ᠭᠠᠵᠠᠷ ᠤᠨ ᠵᠢᠷᠤᠭ ᠢᠶᠠᠷ ᠠᠴᠢᠶᠠᠯᠠᠪᠤᠷᠢ ᠪᠣᠯᠭᠠᠨ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠬᠥᠭᠵᠢᠯᠲᠡ ᠶᠢᠨ ᠠᠮᠵᠢᠯᠲᠠ ᠪᠦᠲᠦᠮᠵᠢ ᠢᠯᠠᠩᠭᠤᠶ᠎ᠠ ︽12· 5︾᠎ ᠶᠢᠨ ᠲᠥᠯᠥᠪᠵᠢᠭᠦᠯᠭᠡ ᠠᠴᠠ ᠨᠠᠰᠢᠬᠢ ᠠᠵᠤ ᠠᠬᠤᠶ᠂ ᠨᠡᠶᠢᠭᠡᠮ ᠤᠨ ᠯᠣᠲᠣ ᠶᠡᠭᠡ ᠬᠥᠭᠵᠢᠯᠲᠡ ᠬᠤᠪᠢᠷᠠᠯᠲᠠ ᠪᠣᠯᠣᠨ ︽13· 5︾᠎ ᠶᠢᠨ ᠲᠥᠯᠥᠪᠵᠢᠭᠦᠯᠭᠡ ᠶᠢᠨ ᠠᠤᠭ᠎ᠠ ᠵᠢᠷᠤᠭ ᠲᠥᠰᠦᠪ ᠢ ᠭᠦᠢᠴᠡᠳ ᠬᠠᠷᠠᠭᠤᠯᠬᠤ ᠪᠠᠷ ᠪᠤᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号