1 ᠳ᠋ᠤᠭᠡᠷ ᠰᠠᠷ᠎ᠠ ᠶᠢᠨ 24 -25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ 2016 ᠣᠨ ᠤ ᠲᠥᠪ ᠤᠨ ᠲᠧᠯᠸᠢᠰ | ᠬᠤᠷᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠥᠪᠥᠷ ᠮᠣᠩᠭᠤᠯ ᠳᠠᠬᠢ ᠬᠤᠪᠢᠶᠠᠷᠢ ᠲᠠᠯᠠᠪᠠᠢ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠤᠯᠠᠭᠠᠨ ᠬᠠᠭᠤᠴᠢᠨ ᠪᠠᠷᠭᠤ ᠬᠤᠰᠢᠭᠤᠨ ᠤ ᠬᠦᠬᠡ ᠨᠠᠭᠤᠷ ᠤᠨ ᠲᠥᠪ | ᠤᠨ ᠲᠧᠯᠸᠢᠰ ᠬᠤᠷᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠥᠪᠥᠷ ᠮᠣᠩᠭᠤᠯ ᠳᠠᠬᠢ ᠬᠤᠪᠢᠶᠠᠷᠢ | ᠲᠠᠯᠠᠪᠠᠢ ᠶᠢᠨ ᠰᠢᠭᠤᠳ ᠨᠡᠪᠲᠡᠷᠡᠭᠦᠯᠬᠦ ᠲᠤᠬᠠᠶ ᠶᠢᠨ ᠭᠠᠵᠠᠷ ᠲᠤᠨᠢ ᠬᠦᠷᠴᠦ᠂ ᠡᠯ᠎ᠡ ᠵᠦᠢᠯ ᠤᠨ ᠪᠡᠯᠡᠳᠬᠡᠯ ᠠᠵᠢᠯ ᠢ | ᠪᠠᠶᠢᠴᠠᠭᠠᠨ ᠵᠢᠭᠠᠨ ᠵᠢᠯᠤᠭᠤᠳᠴᠤ᠂ ᠬᠡᠳᠦᠨ ᠡᠳᠦᠷ ᠤᠨ ᠲᠤᠷᠰᠢ ᠲᠦᠢᠯ ᠤᠨ ᠬᠦᠢᠳᠠᠨ ᠠᠭᠤᠷ ᠠᠮᠢᠰᠬᠤᠯ ᠤᠨ | ᠳᠣᠣᠷ᠎ᠠ ᠰᠢᠷᠭᠠᠭᠤ ᠠᠵᠢᠯᠯᠠᠵᠤ ᠪᠠᠶᠢᠭ᠎ᠠ ᠲᠣᠭᠯᠠᠭᠴᠢᠳ ᠠᠵᠢᠯᠲᠠᠳ ᠢ ᠡᠷᠬᠢᠵᠦ ᠦᠵᠡᠨ ᠲᠣᠬᠤᠨᠢᠭᠤᠯᠵᠤ᠂ | ᠣᠯᠠᠨ ᠢᠶᠠᠷ ᠢᠶᠠᠨ ᠬᠢᠨᠠᠮᠠᠭᠠᠢ ᠪᠡᠯᠡᠳᠬᠡᠵᠦ᠂ ᠰᠡᠳᠬᠢᠯ ᠲᠠᠯᠪᠢᠨ ᠴᠤᠴᠠᠯᠲᠠ ᠦᠭᠡᠢ ᠴᠢᠷᠮᠠᠶᠢᠬᠤ ᠶᠢ ᠵᠣᠷᠢᠭᠵᠢᠭᠤᠯᠵᠣ᠂ | 2016 ᠣᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠬᠤᠪᠢᠶᠠᠷᠢ ᠲᠠᠯᠠᠪᠠᠢ ᠶᠢᠨ ᠡᠯ᠎ᠡ ᠵᠦᠢᠯ ᠤᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠰᠣᠶᠣᠯ ᠤᠨ ᠲᠢᠩᠬᠢᠮ ᠤᠨ ᠳᠠᠷᠤᠭ᠎ᠠ ᠲᠦᠩ ᠭᠥᠸᠧ ᠴᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠬᠥᠩ ᠪᠢᠩ ᠰᠢᠶᠠᠩ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠬᠠᠢ ᠲᠣᠣ᠂ ᠬᠤᠲᠠ ᠶᠢᠨ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠠᠨ ᠬᠤᠩ ᠭᠤᠸᠠᠩ᠂ | ᠬᠤᠳᠠ ᠶᠢᠨ ᠳᠡᠳ᠋ ᠳᠠᠷᠤᠭ᠎ᠠ ᠨᠢᠤ ᠵᠧᠨ ᠱᠧᠩ ᠬᠠᠮᠲᠤ ᠬᠦᠷᠴᠦ ᠡᠷᠬᠢᠨ ᠦᠵᠡᠵᠦ ᠲᠣᠬᠤᠨᠢᠭᠤᠯᠵᠠᠶ᠃ | ᠤᠯᠠᠭᠠᠨ ᠨᠠᠷ ᠰᠡᠭᠦᠯᠡᠷ ᠨᠢ ᠪᠠᠰᠠ ᠡᠯ᠎ᠡ ᠵᠦᠢᠯ ᠤᠨ ᠠᠵᠢᠯ ᠤᠨ ᠪᠡᠯᠡᠳᠬᠡᠯ ᠠᠬᠢᠴᠠ ᠪᠣᠯᠣᠨ ᠫᠷᠤᠭ᠍ᠷᠠᠮ ᠤᠨ | ᠪᠣᠯᠪᠠᠰᠤᠷᠠᠯ ᠤᠨ ᠪᠠᠶᠢᠳᠠᠯ ᠢ ᠣᠶᠢᠯᠠᠭᠠᠵᠤ ᠦᠵᠡᠭᠰᠡᠨ ᠪᠥᠭᠡᠳ ᠬᠤᠪᠢᠶᠠᠷᠢ ᠲᠠᠯᠠᠪᠠᠢ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠤᠯᠠᠭᠠᠨ 2016 ᠣᠨ ᠤ ᠲᠥᠪ ᠤᠨ ᠲᠧᠯᠸᠢᠰ | ᠬᠤᠷᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠥᠪᠥᠷ ᠮᠣᠩᠭᠤᠯ ᠳᠠᠬᠢ ᠬᠤᠪᠢᠶᠠᠷᠢ ᠲᠠᠯᠠᠪᠠᠢ ᠶᠢᠨ ᠡᠯ᠎ᠡ | ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠭᠦᠢᠴᠡᠳ ᠨᠤᠲᠠᠯᠠᠪᠠ᠃ ᠤᠯᠠᠭᠠᠨ ᠵᠢᠭᠠᠵᠤ | ᠭᠠᠷᠭᠠᠭᠰᠠᠨ ᠨᠢ᠂ ᠨᠢᠭᠡ ᠵᠢᠯ ᠳᠤ ᠨᠢᠭᠡ ᠤᠳᠠᠭ᠎ᠠ ᠶᠠᠪᠤᠭᠳᠠᠬᠤ ᠲᠥᠪ ᠤᠨ ᠲᠧᠯᠸᠢᠰ ᠬᠤᠷᠢᠶᠠᠨ ᠤ ᠴᠠᠭᠠᠨ | ᠰᠠᠷ᠎ᠠ ᠶᠢᠨ ᠦᠳᠡᠰᠢᠯᠡᠭᠡ ᠪᠣᠯ ᠪᠦᠬᠦ ᠳᠡᠯᠡᠬᠡᠢ ᠶᠢᠨ ᠲᠤᠮᠳᠠᠳᠤᠴᠤᠳ ᠤᠨ ᠪᠢᠲᠡᠭᠦᠨ ᠤ ᠰᠦᠨᠢ ᠳᠤᠲᠠᠭᠳᠠᠵᠤ ᠪᠣᠯᠤᠰᠢ | ᠦᠭᠡᠢ ᠰᠣᠶᠣᠯ ᠤᠨ ᠲᠠᠩᠰᠤᠭ ᠳᠠᠶᠢᠯᠠᠯᠭ᠎ᠠ ᠪᠣᠯᠣᠨ᠎ᠠ᠃ 2016 ᠣᠨ ᠤ ᠲᠥᠪ ᠤᠨ ᠲᠧᠯᠸᠢᠰ ᠬᠤᠷᠢᠶᠠᠨ ᠤ | ᠴᠠᠭᠠᠨ ᠰᠠᠷ᠎ᠠ ᠶᠢᠨ ᠦᠳᠡᠰᠢᠯᠡᠭᠡ ᠶᠢ ᠨᠠᠮ ᠪᠠ ᠤᠯᠤᠰ ᠣᠷᠣᠨ ᠠᠴᠠ ᠮᠠᠰᠢ ᠴᠢᠬᠤᠯᠠᠴᠢᠯᠠᠨ ᠦᠵᠡᠵᠦ ᠪᠠᠶᠢᠨ᠎ᠠ᠃ | ᠡᠨᠡ ᠤᠳᠠᠭ᠎ᠠ ᠥᠪᠥᠷ ᠮᠣᠩᠭᠤᠯ ᠳᠤ ᠬᠤᠪᠢᠶᠠᠷᠢ ᠲᠠᠯᠠᠪᠠᠢ ᠲᠣᠬᠢᠷᠠᠭᠤᠯᠤᠭᠰᠠᠨ ᠨᠢ ᠥᠪᠥᠷ ᠮᠣᠩᠭᠤᠯ ᠢᠶᠠᠨ ᠳᠡᠯᠭᠡᠨ | ᠦᠵᠡᠭᠦᠯᠬᠦ ᠨᠢᠭᠡ ᠤᠳᠠᠭᠠᠨ ᠤ ᠴᠢᠬᠤᠯᠠ ᠶᠡᠭᠡ ᠠᠵᠠ ᠲᠣᠬᠢᠶᠠᠯ ᠮᠥᠨ᠂ ᠪᠠᠰᠠ ᠴᠤ ᠬᠥᠯᠥᠨ ᠪᠤᠶᠢᠷ ᠢ ᠤᠬᠠᠭᠤᠯᠬᠤ | ᠣᠯᠲᠠᠰᠢ ᠦᠭᠡᠢ ᠲᠠᠪᠴᠠᠩ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ ᠳᠡᠮᠵᠢᠯᠭᠡ ᠥᠭᠭᠦᠭᠰᠡᠨ ᠪᠠᠶᠢᠨ᠎ᠠ᠃ ᠤᠯᠡᠠ ᠢᠶᠠᠷ ᠢᠶᠠᠨ ᠵᠠᠪᠠᠯ ᠠᠵᠠ | ᠲᠣᠬᠢᠶᠠᠯ ᠢᠶᠠᠨ ᠨᠠᠨᠳᠢᠩᠨᠠᠵᠤ᠂ ᠪᠦᠬᠦ ᠰᠡᠳᠬᠢᠯ ᠪᠦᠬᠦ ᠴᠢᠳᠠᠯ ᠢᠶᠠᠷ ᠢᠶᠠᠨ ᠴᠢᠷᠮᠠᠶᠢᠵᠤ᠂ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠶ᠃ ᠡᠮᠦᠨ᠎ᠡ ᠨᠢᠭᠡ ᠱᠠᠲᠤᠨ ᠤ ᠪᠡᠯᠡᠳᠬᠡᠯ | ᠠᠵᠢᠯ ᠤᠨ ᠪᠠᠶᠢᠳᠠᠯ ᠠᠴᠠ ᠦᠵᠡᠪᠡᠯ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠡᠨᠡ | ᠬᠦ ᠠᠵᠢᠯ ᠢ ᠨᠢᠭᠡᠨ ᠤᠯᠤᠰ ᠳᠦᠷᠦ ᠶᠢᠨ ᠡᠭᠦᠷᠭᠡ ᠪᠣᠯᠭᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠬᠠᠭᠤᠴᠢᠨ ᠪᠠᠷᠭᠤ ᠬᠤᠰᠢᠭᠤ ᠪᠣᠯᠤᠨ ᠡᠯ᠎ᠡ ᠠᠵᠢᠯᠯᠠᠬᠤ ᠳᠤᠭᠤᠶᠢᠯᠠᠩ ᠨᠢ ᠤᠳᠤᠷᠢᠳᠬᠤ ᠳᠤᠭᠤᠶᠢᠯᠠᠩ ᠤᠨ | ᠨᠢᠭᠡᠳᠦᠯᠲᠡᠶ ᠤᠳᠤᠷᠢᠳᠤᠯᠭ᠎ᠠ ᠶᠢᠨ ᠳᠣᠣᠷ᠎ᠠ᠂ ᠲᠦᠢᠯ ᠤᠨ ᠬᠦᠢᠲᠡᠨ ᠠᠭᠤᠷ ᠠᠮᠢᠰᠬᠤᠯ ᠵᠡᠷᠭᠡ ᠠᠰᠢᠭ ᠦᠭᠡᠢ | ᠬᠦᠴᠦᠨ ᠵᠦᠢᠯ ᠢ ᠢᠯᠠᠨ ᠳᠠᠪᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠤᠰ ᠲᠤᠰ ᠤᠨ | ᠬᠠᠷᠢᠭᠤᠴᠠᠯᠭ᠎ᠠ ᠪᠠᠨ ᠡᠭᠦᠷᠭᠡᠯᠡᠵᠦ᠂ ᠲᠥᠪ ᠤᠨ ᠲᠧᠯᠸᠢᠰ ᠬᠤᠷᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ | ᠵᠦᠴᠦᠭᠡ ᠶᠢᠨ ᠳᠤᠭᠤᠶᠢᠯᠠᠩ ᠤᠨ ᠬᠡᠷᠡᠭᠴᠡᠭᠡ ᠶᠢ ᠢᠳᠡᠪᠬᠢᠲᠡᠶ ᠬᠠᠨᠭ᠍ᠭᠠᠵᠤ᠂ ᠡᠯ᠎ᠡ ᠵᠦᠢᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠲᠣᠭᠲᠠᠭᠰᠠᠨ ᠴᠠᠭ ᠶᠣᠰᠣᠭᠠᠷ ᠯᠠᠪᠳᠠᠭᠤᠨ ᠬᠢᠨᠠᠮᠠᠭᠠᠶ ᠪᠣᠲᠠᠲᠠᠶᠢᠵᠢᠭᠤᠯᠤᠨ ᠥᠷᠨᠢᠭᠦᠯᠵᠦ᠂ | ᠬᠤᠶᠢᠨᠠᠬᠢ ᠠᠵᠢᠯ ᠳᠤ ᠰᠠᠶᠢᠨ ᠰᠠᠭᠤᠷᠢ ᠶᠢ ᠲᠠᠯᠪᠢᠵᠤ ᠥᠭᠭᠦᠭᠰᠡᠨ ᠶᠤᠮ᠃ | ᠤᠯᠠᠭᠠᠨ ᠪᠠᠰᠠ ᠰᠢᠭᠤᠳ ᠨᠡᠪᠲᠡᠷᠡᠭᠦᠯᠬᠦ ᠲᠤᠬᠠᠶ ᠶᠢᠨ ᠭᠠᠵᠠᠷ ᠤᠨ ᠬᠤᠭᠤᠯᠠ ᠤᠮᠳᠠ᠂ ᠳᠣᠯᠠᠭᠠᠯᠠᠬᠤ᠂ ᠭᠠᠯ | ᠤᠨᠲᠠᠷᠠᠭᠠᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠴᠤ᠂ ᠲᠥᠪ ᠤᠨ ᠲᠧᠯᠸᠢᠰ ᠬᠤᠷᠢᠶᠠᠨ ᠤ ᠴᠠᠭᠠᠨ ᠰᠠᠷ᠎ᠠ ᠶᠢᠨ | ᠦᠳᠡᠰᠢᠯᠡᠭᠡ ᠶᠢᠨ ᠵᠦᠴᠦᠭᠡ ᠶᠢᠨ ᠳᠤᠭᠤᠶᠢᠯᠠᠩ ᠤᠨ ᠬᠢᠨ ᠲᠠᠢ ᠲᠣᠭᠯᠠᠯᠲᠠ ᠶᠢᠨ ᠫᠷᠤᠭ᠍ᠷᠠᠮ ᠨᠠᠶᠢᠷᠠᠭᠤᠯᠬᠤ ᠲᠠᠯ᠎ᠠ ᠪᠠᠷ | ᠰᠠᠨᠠᠯ ᠢᠶᠠᠨ ᠰᠣᠯᠢᠯᠴᠠᠵᠠᠶ᠃ ᠲᠦᠩ ᠭᠥᠸᠧ ᠴᠢᠩ᠂ ᠬᠥᠩ ᠪᠢᠩ ᠰᠢᠶᠠᠩ ᠬᠤᠯᠪᠣᠭᠳᠠᠯ ᠪᠦᠬᠦᠢ ᠠᠵᠢᠯ ᠳᠤ | ᠪᠣᠳᠠᠲᠠᠶ ᠰᠠᠨᠠᠯ ᠢᠶᠠᠨ ᠳᠡᠪᠰᠢᠭᠦᠯᠪᠡ᠃ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠳᠠᠬᠢ ᠶᠡᠷᠦᠩᠬᠡᠶ ᠠᠩᠭᠢ ᠶᠢᠨ ᠳᠡᠳ᠋ ᠱᠲ᠋ᠠᠪ ᠤᠨ ᠳᠠᠷᠤᠭ᠎ᠠ | ᠲᠦᠩ ᠬᠠᠶ ᠶᠦᠩ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ ᠸᠠᠩ ᠱᠥ ᠴᠢᠤᠸᠠᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ |