| ᠥᠪᠥᠷ ᠵᠠᠰᠠᠭ ᠠᠯᠪᠠᠨ ᠲᠠᠷᠬᠠᠭᠠᠭᠰᠠᠨ ﹇2015﹈ 103 ᠳ᠋ᠤᠭᠠᠷ ᠲᠤᠭᠠᠳᠤ | 2015 ᠣᠨ ᠤ 9 ᠳ᠋ᠤᠭᠡᠷ ᠰᠠᠷ᠎ᠠ ᠶᠢᠨ 30 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠬᠤ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠣᠷᠣᠨ ᠤ ᠬᠡᠷᠡᠭᠵᠢᠭᠦᠯᠬᠦ ᠲᠦᠰᠦᠯ︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠬᠤ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠦᠰᠦᠯ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ︵ᠮᠣᠩᠭᠤᠯ | ᠬᠢᠲᠠᠳ ᠡᠮᠨᠡᠯᠭᠡ ᠶᠢᠨ ᠬᠤᠷᠢᠶ᠎ᠠ ᠶᠢ ᠪᠠᠭᠲᠠᠭᠠᠨ᠎ᠠ᠂ ᠳᠤᠷᠤᠭᠰᠢ ᠠᠳᠠᠯᠢ︶ ᠪᠣᠯ ᠮᠠᠯᠵᠢᠬᠤ ᠲᠠᠷᠢᠶᠠᠯᠠᠬᠤ ᠣᠷᠣᠨ ᠤ | ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠬᠦᠲᠦᠴᠢ ᠪᠠ | ᠬᠤᠲᠠ ᠬᠦᠳᠡᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠬᠤᠯᠪᠣᠭᠠᠰᠤ | ᠪᠣᠯᠣᠨ᠎ᠠ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠠᠬᠢᠭᠤᠯᠬᠤ ᠪᠣᠯ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠢ᠂ | ᠡᠪᠡᠳᠴᠢᠨ ᠦᠵᠡᠭᠦᠯᠬᠦ ᠳᠤ ᠦᠨᠡᠲᠡᠢ︾ ᠠᠰᠠᠭᠤᠳᠠᠯ ᠢ ᠦᠨᠡᠨᠬᠦ ᠨᠠᠮᠳᠠᠭᠤᠯᠬᠤ ᠶᠢᠨ ᠵᠠᠩᠬᠢᠯᠠᠭ᠎ᠠ ᠶᠢᠨ ᠭᠤᠭᠴᠤᠭ᠎ᠠ | ᠪᠣᠯᠣᠨ᠎ᠠ᠃ 2012 ᠣᠨ ᠳᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠢ ᠡᠬᠢᠯᠡᠭᠦᠯᠦᠭᠰᠡᠨ ᠠᠴᠠ ᠨᠠᠰᠢ᠂ | ᠡᠯ᠎ᠡ ᠲᠣᠷᠰᠢᠯᠲᠠ ᠶᠢᠨ ᠴᠢᠬ ᠪᠣᠯᠬᠤ ᠬᠤᠰᠢᠭᠤ ᠰᠢᠶᠠᠨ ︵ᠬᠤᠲᠠ︶ ᠨᠢ ᠢᠳᠡᠪᠬᠢᠲᠡᠢ ᠰᠦᠪᠡᠭᠴᠢᠯᠡᠵᠦ᠂ ᠢᠯᠡᠳᠲᠡ | ᠠᠬᠢᠴᠠ ᠲᠠᠢ ᠪᠣᠯᠪᠠ᠃ ᠭᠡᠪᠡᠴᠦ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠨᠢ ᠮᠦᠨᠬᠦ ᠨᠢᠭᠡᠨ ᠤᠷᠲᠤ ᠬᠤᠭᠤᠴᠠᠭᠠᠨ ᠤ ᠬᠠᠲᠠᠭᠤ ᠪᠡᠷᠬᠡ | ᠡᠭᠦᠷᠭᠡ ᠪᠣᠯᠣᠨ᠎ᠠ᠂ ᠡᠮ ᠤᠨ ᠣᠷᠤᠯᠭ᠎ᠠ ᠪᠠᠷ ᠡᠮᠴᠢᠯᠡᠬᠦ ᠵᠠᠷᠤᠳᠠᠯ ᠢᠶᠠᠨ ᠨᠦᠬᠦᠪᠦᠷᠢᠯᠡᠬᠦ ᠶᠢ ᠠᠷᠢᠯᠭᠠᠬᠤ ᠦᠷ᠎ᠡ | ᠪᠦᠲᠦᠭᠡᠯ ᠢ ᠬᠠᠷᠠᠬᠠᠨ ᠪᠠᠲᠤᠳᠬᠠᠬᠤ ᠴᠢᠬᠤᠯᠠᠲᠠᠢ ᠪᠠᠶᠢᠵᠤ᠂ ᠬᠠᠮᠢᠶᠠᠷᠤᠯᠲᠠ ᠶᠢᠨ ᠪᠠᠶᠢᠭᠤᠯᠤᠯ ᠪᠣᠯᠣᠨ ᠠᠵᠢᠯᠲᠠᠨ ᠤ | ᠶᠠᠪᠤᠳᠠᠯ ᠤᠨ ᠴᠠᠯᠢᠩ ᠤᠨ ᠳᠦᠷᠢᠮ ᠤᠨ ᠦᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ ᠴᠢᠬᠤᠯᠠᠲᠠᠢ ᠪᠠᠶᠢᠵᠤ᠂ | ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ | ᠦᠭᠡᠷᠡᠴᠢᠯᠡᠯᠲᠡ ᠶᠢᠨ ᠶᠡᠷᠦᠩᠬᠡᠶᠢᠯᠡᠭᠰᠡᠨ ᠴᠢᠨᠠᠷ ᠪᠣᠯᠣᠨ ᠬᠤᠯᠪᠣᠭᠠᠯᠠᠨ ᠦᠢᠯᠡᠳᠦᠯᠴᠡᠬᠦ ᠴᠢᠨᠠᠷ ᠢ ᠴᠢᠨᠠᠭᠰᠢᠳᠠ | ᠴᠢᠩᠭᠠᠷᠠᠭᠤᠯᠬᠤ ᠴᠢᠬᠤᠯᠠᠲᠠᠢ ᠪᠠᠶᠢᠵᠤ᠂ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠨ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ | ᠦᠭᠡᠷᠡᠴᠢᠯᠡᠯᠲᠡ ᠶᠢᠨ ᠭᠦᠨᠵᠡᠭᠡᠶᠢᠷᠡᠯ ᠢ ᠦᠷᠭᠦᠯᠵᠢᠯᠡᠨ ᠥᠷᠭᠡᠳᠭᠡᠬᠦ ᠴᠢᠬᠤᠯᠠᠲᠠᠢ ᠪᠠᠶᠢᠭᠰᠠᠭᠠᠷ᠃ ︽ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ | ᠲᠠᠯ᠎ᠠ ᠪᠠᠷ ᠶᠠᠪᠤᠭᠳᠠᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ | ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 33 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠪᠦᠬᠦ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠷᠭᠡᠳᠭᠡᠨ ᠠᠬᠢᠭᠤᠯᠵᠤ᠂ | ᠦᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠭᠡᠬᠦ ᠶᠢᠨ ᠲᠤᠰᠠᠳᠠ᠂ ᠮᠠᠨ ᠤ ᠣᠷᠣᠨ ᠤ | ᠪᠣᠲᠠᠲᠠᠢ ᠲᠠᠢ ᠪᠠᠨ ᠤᠶᠠᠯᠳᠤᠭᠤᠯᠤᠨ᠂ ᠣᠨᠴᠤᠭᠤᠶᠢᠯᠠᠨ ᠲᠤᠰ ᠬᠡᠷᠡᠭᠵᠢᠭᠦᠯᠬᠦ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠤᠨ ᠤ ᠤᠳᠣᠷᠢᠳᠤᠯᠭᠠ ᠳᠣᠣᠷ᠎ᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ | ᠪᠠᠷᠢᠯ ᠪᠣᠯᠭᠠᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠬᠤ ᠬᠡᠷᠡᠭᠲᠡᠢ᠃ ᠣᠯᠠᠨ ᠲᠦᠮᠡᠨ ᠳᠤ | ᠭᠤᠣᠯᠴᠢ ᠪᠠᠷ ᠠᠰᠢᠭ ᠬᠦᠷᠲᠡᠭᠡᠬᠦ ᠪᠠᠷ ᠦᠭᠡᠷᠡᠴᠢᠯᠡᠯᠲᠡ ᠶᠢᠨ ᠡᠭᠦᠰᠦᠴᠡ ᠪᠠ ᠵᠣᠭᠰᠤᠴᠠ ᠪᠣᠯᠭᠠᠵᠤ᠂ ᠰᠠᠭᠤᠷᠢ ᠶᠢ | ᠪᠠᠲᠤᠯᠠᠬᠤ᠂ ᠦᠨᠳᠦᠰᠦᠨ ᠱᠠᠲᠤ ᠶᠢ ᠴᠢᠩᠭᠠᠳᠬᠠᠬᠤ᠂ ᠲᠣᠭᠲᠠᠴᠠ ᠶᠢ ᠪᠠᠶᠢᠭᠤᠯᠬᠤ ᠶᠢ ᠪᠠᠷᠢᠮᠲᠠᠯᠠᠨ᠂ | ᠦᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠣᠯᠣᠨ ᠬᠠᠮᠵᠢᠯᠴᠠᠬᠤ ᠴᠢᠨᠠᠷ ᠢ ᠨᠡᠩ | ᠴᠢᠬᠤᠯᠠᠴᠢᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠦᠭᠡᠷᠡᠴᠢᠯᠡᠯᠲᠡ ᠶᠢ ᠨᠢᠭᠡᠲᠦᠯᠲᠡᠢ | ᠲᠦᠯᠦᠪᠯᠡᠨ ᠠᠬᠢᠭᠤᠯᠵᠤ᠂ ᠣᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠬᠦ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠲᠦᠷᠦᠯ ᠬᠤᠪᠢᠶᠠᠨ ᠵᠢᠯᠤᠭᠤᠳᠬᠤ ᠪᠠᠨ ᠴᠢᠩᠭᠠᠳᠬᠠᠵᠤ᠂ ᠬᠠᠮᠢᠶ᠎ᠠ ᠪᠦᠬᠦᠢ ᠡᠷᠬᠡ ᠮᠡᠳᠡᠯ ᠢ ᠳᠣᠷᠤᠭᠰᠢ ᠪᠠᠭᠤᠯᠭᠠᠨ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠭᠤᠬᠤ ᠬᠡᠷᠡᠭᠲᠡᠢ᠃ ᠣᠷᠣᠨ ᠨᠣᠲᠤᠭ ᠤᠨ ᠲᠣᠬᠠᠢ ᠶᠢᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠵᠣᠷᠢᠬᠵᠢᠭᠤᠯᠵᠤ᠂ ᠰᠢᠨ᠎ᠡ ᠶᠢ ᠡᠭᠦᠳᠬᠦ ᠶᠢ ᠰᠦᠪᠡᠭᠴᠢᠯᠡᠨ᠂ | ᠲᠦᠷᠭᠡᠬᠡᠨ ᠦᠨᠡᠨ ᠪᠤᠲᠠᠳᠤ ᠠᠬᠢᠴᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃ | ᠬᠤᠶᠠᠷ᠂ ᠭᠤᠣᠯ ᠬᠠᠷᠠᠯᠲᠠ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠤᠨ | ᠦᠨᠳᠦᠰᠦᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ᠂ | ᠪᠠᠲᠤᠯᠠᠬᠤ ᠬᠠᠷᠢᠭᠤᠴᠠᠯᠭ᠎ᠠ᠂ ᠬᠠᠮᠢᠶᠠᠷᠬᠤ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ᠂ ᠢᠳᠡᠪᠬᠢ ᠴᠢᠨᠠᠷ ᠢ ᠳᠠᠶᠢᠴᠢᠯᠠᠬᠤ᠂ ᠦᠷᠭᠦᠯᠵᠢᠯᠡᠬᠦ ᠶᠢ | ᠪᠠᠲᠤᠯᠠᠬᠤ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠬᠤ ᠬᠡᠷᠡᠭᠲᠡᠢ᠃ 2015 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠦᠬᠦ ᠣᠷᠣᠨ ᠤ 80 ᠬᠤᠰᠢᠭᠤ ᠰᠢᠶᠠᠨ ︵ᠬᠤᠲᠠ︶ ᠤ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠡᠮ ᠤᠨ ᠣᠷᠣᠯᠭ᠎ᠠ ᠪᠠᠷ ᠡᠮᠴᠢᠯᠡᠬᠦ | ᠵᠠᠷᠤᠳᠠᠯ ᠢᠶᠠᠨ ᠨᠦᠬᠦᠪᠦᠷᠢᠯᠡᠬᠦ ᠶᠢ ᠠᠷᠢᠯᠭᠠᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠬᠤ ᠬᠡᠷᠡᠭᠲᠡᠢ᠃ | 2017 ᠣᠨ ᠳᠤ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ | ᠦᠨᠳᠦᠰᠦᠨ ᠳᠡᠭᠡᠨ ᠪᠠᠶᠢᠭᠤᠯᠵᠤ᠂ ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠨ ᠡᠮᠨᠡᠬᠦ᠂ ᠲᠦᠪᠡᠭᠲᠡᠢ ᠠᠷᠬᠠᠭ ᠢ | ᠰᠢᠢᠳᠪᠦᠷᠢᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠬᠤᠰᠢᠭᠤ ᠰᠢᠶᠠᠨ ᠤ ᠬᠡᠪᠴᠢᠶᠡᠨ ᠳᠤᠲᠤᠷᠠᠬᠢ | ᠰᠠᠭᠤᠭᠠᠯᠢ ᠠᠷᠠᠳ ᠤᠨ ᠡᠮᠴᠢᠯᠡᠭᠦᠯᠬᠦ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠬᠦᠨᠳᠦ ᠡᠪᠡᠳᠴᠢᠨ ᠢ | ᠡᠮᠨᠡᠭᠦᠯᠬᠦ ᠳᠤ ᠬᠤᠰᠢᠭᠤ ᠰᠢᠶᠠᠨ ᠠᠴᠠ ᠭᠠᠷᠭᠠᠬᠤ ᠦᠭᠡᠢ ᠪᠠᠶᠢᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠣᠯᠠᠨ | ᠲᠦᠮᠡᠨ ᠢ ᠲᠣᠬᠠᠢ ᠶᠢᠨ ᠭᠠᠵᠠᠷ ᠣᠷᠣᠨ ᠳᠠᠭᠠᠨ ᠡᠮᠨᠡᠭᠦᠯᠬᠦ ᠪᠠᠷ ᠴᠢᠷᠮᠠᠶᠢᠬᠤ ᠬᠡᠷᠡᠭᠲᠡᠢ᠃ | ᠭᠤᠷᠪᠠ᠂ ᠭᠤᠣᠯ ᠡᠭᠦᠷᠭᠡ | ︵ᠨᠢᠭᠡ︶ ᠬᠠᠮᠢᠶᠠᠷᠤᠯᠲᠠ ᠶᠢᠨ ᠪᠠᠶᠢᠭᠤᠯᠤᠯ ᠳᠤ ᠦᠭᠡᠷᠡᠴᠢᠯᠡᠯᠲᠡ ᠬᠢᠨ᠎ᠡ᠃ | 1. ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠ ᠶᠢᠨ ᠺᠤᠮᠢᠰ ᠢ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠺᠤᠮᠢᠰ ᠨᠢ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠤᠨ ᠤ ᠬᠠᠷᠢᠭᠤᠴᠠᠬᠤ ᠨᠦᠬᠦᠳ ᠠᠴᠠ ᠲᠦᠷᠦᠭᠦᠯᠡᠨ᠂ ᠣᠷᠣᠨ ᠲᠤᠭ᠎ᠠ᠂ | ᠬᠥᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠢᠶᠠᠷ ᠪᠦᠷᠢᠯᠳᠦᠬᠦ ᠬᠡᠷᠡᠭᠲᠡᠢ᠃ ᠺᠤᠮᠢᠰ ᠤᠨ ᠠᠵᠢᠯ ᠤᠨ ᠳᠦᠷᠢᠮ ᠪᠣᠯᠣᠨ ᠠᠵᠢᠯᠯᠠᠭᠠᠨ ᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠵᠢᠴᠢ | ᠪᠤᠰᠤᠳ ᠬᠠᠮᠢᠶ᠎ᠠ ᠪᠦᠬᠦᠢ ᠠᠰᠢᠭ ᠲᠤᠰᠠ ᠶᠢᠨ ᠲᠠᠯ᠎ᠠ ᠶᠢᠨ ᠬᠢᠨ ᠤ ᠰᠠᠨᠠᠯ ᠢ ᠰᠤᠨᠤᠰᠬᠤ ᠬᠡᠷᠡᠭᠲᠡᠢ᠃ ᠨᠢᠭᠡᠨᠲᠡ | ᠬᠡᠷᠡᠭ ᠡᠷᠬᠢᠯᠡᠭᠴᠢᠳ ᠤᠨ ᠬᠤᠷᠠᠯ ᠤᠨ ᠵᠠᠭᠪᠤᠷ ᠢ ᠬᠡᠷᠡᠭᠵᠢᠭᠦᠯᠦᠭᠰᠡᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ | ᠲᠣᠭᠲᠠᠴᠠ ᠪᠠᠨ ᠦᠷᠭᠦᠯᠵᠢᠯᠡᠨ ᠢᠳᠡᠪᠬᠢᠲᠡᠢ ᠲᠡᠭᠦᠯᠳᠡᠷᠵᠢᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠣᠷᠣᠨ ᠲᠤᠭ᠎ᠠ ᠶᠢᠨ ᠠᠯᠪᠠᠨ ᠭᠡᠷ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ᠂ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠨ | ᠬᠠᠷᠢᠭᠤᠴᠠᠬᠤ ᠨᠢᠭᠡᠴᠡ ᠪᠣᠯᠣᠨ᠎ᠠ᠂ ᠳᠣᠷᠤᠭᠰᠢ ᠠᠳᠠᠯᠢ︶ | 2. ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠡᠶ᠎ᠡ ᠪᠠᠨ | ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠪᠣᠯᠣᠨ ᠡᠵᠡᠨ ᠮᠡᠳᠡᠭᠰᠡᠨ ᠡᠵᠡᠩᠨᠡᠯᠲᠡ ᠬᠠᠮᠢᠶᠠᠷᠤᠯᠲᠠ ᠶᠢᠨ | ᠡᠷᠬᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠪᠠ ᠠᠵᠢᠯ ᠦᠢᠯᠡᠰ ᠢ ᠰᠠᠯᠭᠠᠬᠤ ᠶᠢ ᠬᠡᠷᠡᠭᠵᠢᠭᠦᠯᠵᠦ᠂ | ᠵᠠᠰᠠᠭ ᠤᠨ ᠣᠷᠳᠤᠨ ᠤ ᠪᠡᠯᠡ ᠭᠠᠷᠭᠠᠭᠴᠢ ᠶᠢᠨ ᠬᠤᠪᠢ ᠳᠤ ᠡᠷᠬᠢᠯᠡᠵᠦ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ | ᠪᠣᠯᠣᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠦᠢᠯᠡᠰ ᠤᠨ ᠨᠢᠭᠡᠴᠡ ᠶᠢᠨ ᠬᠤᠪᠢ ᠳᠤ | ᠡᠵᠡᠨ ᠮᠡᠳᠡᠵᠦ ᠠᠵᠢᠯᠯᠠᠨ ᠬᠠᠮᠢᠶᠠᠷᠬᠤ ᠡᠷᠬᠡ ᠮᠡᠳᠡᠯ ᠢ ᠵᠦᠢ ᠵᠣᠬᠢᠰᠲᠠᠢ ᠵᠠᠭᠠᠭᠯᠠᠨ ᠲᠣᠭᠲᠠᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠺᠤᠮᠢᠰ ᠤᠨ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠵᠦ᠂ ᠠᠵᠢᠯᠲᠠᠨ ᠤ ᠶᠠᠪᠤᠳᠠᠯ ᠢ ᠬᠠᠮᠢᠶᠠᠷᠬᠤ ᠡᠷᠬᠡ᠂ ᠳᠡᠳ᠋ ᠲᠤᠰᠢᠶᠠᠯᠲᠠᠨ ᠢ | ᠲᠠᠨᠢᠯᠴᠠᠭᠤᠯᠬᠤ ᠡᠷᠬᠡ᠂ ᠳᠤᠮᠳᠠ ᠳᠠᠪᠬᠤᠷᠭ᠎ᠠ ᠶᠢᠨ ᠺᠠᠳ᠋ᠷ ᠢ ᠤᠷᠢᠨ ᠲᠣᠮᠢᠯᠠᠬᠤ ᠡᠷᠬᠡ᠂ ᠲᠤᠳᠤᠭᠠᠲᠤᠬᠢ | ᠬᠤᠪᠢᠶᠠᠷᠢᠯᠠᠬᠤ ᠡᠷᠬᠡ᠂ ᠣᠨ ᠤ ᠲᠦᠰᠦᠪ ᠢ ᠬᠡᠷᠡᠭᠵᠢᠭᠦᠯᠬᠦ ᠡᠷᠬᠡ ᠵᠡᠷᠭᠡ ᠡᠵᠡᠩᠨᠡᠯᠲᠡ ᠬᠠᠮᠢᠶᠠᠷᠤᠯᠲᠠ ᠶᠢᠨ ᠡᠵᠡᠨ | ᠮᠡᠳᠡᠬᠦ ᠡᠷᠬᠡ ᠲᠠᠢ᠃ ᠠᠶᠢᠮᠠᠭ ᠬᠤᠲᠠ ᠪᠣᠯᠣᠨ ᠬᠤᠰᠢᠭᠤ ᠰᠢᠶᠠᠨ ︵ᠬᠤᠲᠠ︶ ᠨᠤᠭᠤᠳ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢ ᠰᠢᠯᠢᠨ ᠰᠤᠩᠭᠤᠵᠤ ᠣᠷᠢᠨ | ᠬᠡᠷᠡᠭᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ | ᠤᠷᠢᠨ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠬᠤ | ᠬᠢᠷᠢ ᠭᠡᠮ ᠤᠨ ᠨᠦᠬᠦᠴᠡᠯ ᠢ ᠲᠤᠳᠤᠷᠬᠠᠶᠢᠯᠠᠨ᠂ ᠲᠤᠰᠢᠶᠠᠯ ᠬᠠᠷᠢᠭᠤᠴᠠᠬᠤ ᠬᠤᠭᠤᠴᠠᠭᠠᠨ ᠳᠠᠬᠢ ᠬᠠᠷᠠᠯᠲᠠᠲᠤ | ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ | ᠠᠵᠢᠯ ᠮᠡᠷᠭᠡᠵᠢᠯᠵᠢᠭᠦᠯᠬᠦ ᠪᠠ ᠲᠤᠰᠬᠠᠶᠢᠵᠢᠭᠤᠯᠬᠤ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠵᠠᠰᠠᠭ | ᠵᠠᠬᠢᠷᠭᠠᠨᠵᠢᠯᠲᠠ ᠶᠢ ᠦᠭᠡᠶᠢᠰᠭᠡᠬᠦ ᠶᠢ ᠠᠬᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠵᠠᠰᠠᠭ ᠵᠠᠬᠢᠷᠭᠠᠨ ᠤ ᠵᠡᠷᠭᠡ ᠳᠡᠰ ᠢ | ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠣᠷᠣᠨ ᠲᠤᠭ᠎ᠠ ᠶᠢᠨ ᠠᠯᠪᠠᠨ ᠭᠡᠷ᠂ ᠬᠦᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 3. ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠦᠷᠨᠢᠭᠦᠯᠬᠦ ᠬᠡᠷᠡᠭᠲᠡᠢ᠃ ᠦᠪᠡᠷᠲᠡᠭᠡᠨ ᠵᠠᠰᠬᠠᠤ ᠣᠷᠣᠨ ᠤ ᠬᠢᠨ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠶᠢᠨ ᠵᠢᠯᠤᠭᠤᠳᠬᠤ ᠰᠠᠨᠠᠯ ᠢ ᠲᠣᠭᠲᠠᠭᠠᠵᠤ᠂ ᠡᠯ᠎ᠡ ᠭᠠᠵᠠᠷ ᠣᠷᠣᠨ ᠨᠤᠭᠤᠳ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠠᠷᠭ᠎ᠠ ᠪᠠ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠨ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠦᠷᠨᠢᠭᠦᠯᠬᠦ ᠬᠡᠷᠡᠭᠲᠡᠢ᠃ ᠰᠢᠯᠭᠠᠨ ᠬᠢᠨᠠᠭᠰᠠᠨ ᠦᠷ᠎ᠡ ᠳ᠋ᠦᠩ ᠢ | ᠴᠠᠭ ᠲᠣᠬᠠᠢ ᠳᠤᠨᠢ ᠨᠡᠶᠢᠭᠡᠮ ᠳᠤ ᠢᠯᠡ ᠪᠣᠯᠭᠠᠬᠤ ᠶᠢᠨ ᠬᠠᠮᠲᠤ᠂ ᠡᠳ᠋ ᠤᠨ ᠵᠠᠰᠠᠭ ᠤᠨ ᠲᠤᠰᠠᠯᠠᠮᠵᠢ᠂ ᠡᠮᠴᠢᠯᠡᠭᠡᠨ ᠤ | ᠳᠠᠭᠠᠳᠬᠠᠯ ᠤᠨ ᠮᠦᠩᠭᠦ ᠣᠯᠭᠤᠬᠤ᠂ ᠴᠠᠯᠢᠩ ᠤᠨ ᠶᠡᠷᠦᠩᠬᠡᠢ ᠲᠤᠭ᠎ᠠ ᠵᠢᠴᠢ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢᠨ ᠴᠠᠯᠢᠩ᠂ ᠲᠣᠮᠢᠯᠠᠬᠤ ᠪᠠ ᠪᠠᠭᠤᠯᠭᠠᠬᠤ᠂ ᠱᠠᠩᠨᠠᠨ ᠲᠣᠷᠭᠠᠬᠤ ᠵᠡᠷᠭᠡ ᠯᠤᠭ᠎ᠠ ᠬᠤᠯᠪᠤᠭᠳᠠᠭᠤᠯᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠ ᠶᠢᠨ ᠺᠤᠮᠢᠰ ᠵᠡᠷᠭᠡ ᠵᠠᠰᠠᠭ ᠤᠨ ᠣᠷᠳᠤᠨ ᠤ ᠡᠮᠨᠡᠯᠭᠡ ᠡᠷᠬᠢᠯᠡᠬᠦ ᠪᠠᠶᠢᠭᠤᠯᠤᠮᠵᠢ ᠶᠢᠨ ᠡᠮᠨᠡᠯᠭᠡ ᠶᠢᠨ | ᠬᠤᠷᠢᠶ᠎ᠠ ᠶᠢᠨ ᠳᠠᠷᠤᠭ᠎ᠠ ᠶᠢ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢᠨ ᠲᠤᠰᠢᠶᠠᠯ ᠬᠠᠷᠢᠭᠤᠴᠠᠬᠤ ᠣᠨ ᠤ ᠪᠠ ᠲᠤᠰᠢᠶᠠᠯ ᠤᠨ ᠬᠤᠭᠤᠴᠠᠭᠠᠨ ᠤ ᠬᠠᠷᠠᠯᠲᠠᠲᠤ | ᠬᠠᠮᠢᠶᠠᠷᠤᠯᠲᠠ ᠶᠢ ᠴᠢᠩᠭᠠᠷᠠᠭᠤᠯᠤᠨ᠂ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ | ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 4. ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠰᠦᠪᠡᠭᠴᠢᠯᠡᠬᠦ ᠬᠡᠷᠡᠭᠲᠡᠢ | ᠃ ᠡᠮᠨᠡᠯᠭᠡ ᠶᠢᠨ ᠬᠤᠷᠢᠶ᠎ᠠ ᠶᠢᠨ ᠳᠣᠲᠤᠭᠠᠲᠤᠬᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠵᠠᠭᠠᠷᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠡᠷᠡᠭᠵᠢᠭᠦᠯᠬᠦ᠂ | ᠴᠢᠬᠤᠯᠠ ᠺᠠᠳ᠋ᠷ ᠢ ᠲᠤᠮᠢᠯᠠᠬᠤ ᠪᠠ ᠪᠠᠭᠤᠯᠭᠠᠬᠤ᠂ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ᠂ ᠶᠡᠭᠡ | ᠲᠣᠭᠠᠨ ᠤ ᠪᠡᠯᠡ ᠮᠦᠩᠭᠦ ᠬᠡᠷᠡᠭᠯᠡᠬᠦ ᠶᠢ ᠬᠠᠮᠲᠤᠪᠠᠷ ᠶᠠᠷᠢᠯᠴᠠᠬᠤ ᠶᠢᠨ ᠲᠠᠭᠠᠤ᠂ ᠲᠣᠭᠲᠠᠭᠠᠭᠰᠠᠨ ᠵᠢᠷᠤᠮ ᠶᠤᠰᠤᠭᠠᠷ | ᠬᠡᠷᠡᠭᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠶᠠᠪᠤᠳᠠᠯ ᠢ ᠢᠯᠡ ᠪᠣᠯᠭᠠᠬᠤ ᠶᠢ ᠬᠡᠷᠡᠭᠵᠢᠭᠦᠯᠦᠨ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠣᠯᠣᠰ ᠲᠥᠷᠥ ᠶᠢᠨ ᠭᠤᠣᠯᠯᠠᠭᠴᠢ ᠦᠢᠯᠡᠳᠦᠯ ᠪᠣᠯᠣᠨ ᠠᠵᠢᠯᠲᠠᠨ ᠠᠵᠢᠯᠴᠢᠨ ᠤ | ᠲᠦᠯᠦᠭᠡᠯᠡᠭᠴᠢᠳ ᠤᠨ ᠶᠡᠭᠡ ᠬᠤᠷᠠᠯ ᠤᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠳᠣᠲᠤᠭᠠᠲᠤ ᠶᠢᠨ ᠡᠵᠡᠮᠳᠡᠬᠦ ᠳᠦᠷᠢᠮ ᠢ ᠪᠦᠷᠢᠨᠰᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠡᠳ᠋ ᠤᠨ ᠵᠠᠰᠠᠭ ᠤᠨ | ᠨᠢᠭᠲᠠᠯᠠᠨ ᠪᠤᠳᠤᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠵᠢᠷᠤᠮᠵᠢᠭᠰᠠᠨ ᠦᠪᠡᠷ ᠤᠨ ᠥᠷᠲᠡᠭ ᠤᠨ ᠨᠢᠭᠲᠠᠯᠠᠨ | ᠪᠤᠳᠤᠯᠲᠠ ᠪᠠ ᠬᠠᠮᠢᠶᠠᠷᠤᠯᠲᠠ ᠶᠢ ᠬᠡᠷᠡᠭᠵᠢᠭᠦᠯᠵᠦ᠂ ᠶᠡᠷᠦᠩᠬᠡᠢ ᠨᠢᠭᠲᠠᠯᠠᠨ ᠪᠤᠳᠤᠭᠴᠢ ᠶᠢᠨ ᠳᠦᠷᠢᠮ ᠢ ᠪᠠᠶᠢᠭᠤᠯᠬᠤ | ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠡᠳ᠋ ᠤᠨ ᠵᠠᠰᠠᠭ ᠢ ᠬᠢᠨᠠᠨ ᠪᠤᠳᠤᠬᠤ ᠪᠠ ᠡᠮᠨᠡᠯᠭᠡ ᠶᠢᠨ ᠬᠤᠷᠢᠶ᠎ᠠ ᠶᠢᠨ | ᠳᠠᠷᠤᠭ᠎ᠠ ᠶᠢᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ᠎ᠠ︶ | ︵ᠬᠤᠶᠠᠷ︶ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠤᠨ᠎ᠠ᠃ | 5. ᠡᠮ ᠤᠨ ᠣᠷᠣᠯᠭ᠎ᠠ ᠪᠠᠷ ᠡᠮᠴᠢᠯᠡᠬᠦ ᠵᠠᠷᠤᠳᠠᠯ ᠢ ᠨᠦᠬᠦᠪᠦᠷᠢᠯᠡᠬᠦ ᠲᠣᠭᠲᠠᠴᠠ ᠶᠢ ᠠᠷᠢᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠨᠢ ᠡᠮᠨᠡᠯᠭᠡ ᠪᠠ | ᠡᠮ ᠢ ᠰᠠᠯᠭᠠᠬᠤ ᠶᠢ ᠠᠬᠢᠭᠤᠯᠵᠤ᠂ ᠣᠯᠠᠨ ᠵᠦᠢᠯ ᠤᠨ ᠪᠦᠲᠦᠮᠵᠢᠲᠡᠢ ᠠᠷᠭ᠎ᠠ ᠮᠠᠶ᠋ᠢᠭ ᠢᠶᠠᠷ ᠡᠮ ᠤᠨ ᠣᠷᠣᠯᠭ᠎ᠠ ᠪᠠᠷ | ᠡᠮᠴᠢᠯᠡᠬᠦ ᠵᠠᠷᠤᠳᠠᠯ ᠢ ᠨᠦᠬᠦᠪᠦᠷᠢᠯᠡᠬᠦ ᠲᠣᠭᠲᠠᠴᠠ ᠶᠢ ᠦᠭᠡᠷᠡᠴᠢᠯᠡᠬᠦ ᠶᠢ ᠢᠳᠡᠪᠬᠢᠲᠡᠢ ᠰᠦᠪᠡᠭᠴᠢᠯᠡᠨ᠂ 2015 | ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠮ ᠤᠨ ᠵᠦᠢᠯᠡᠰ ︵ᠮᠣᠩᠭᠤᠯ ᠡᠮ ᠤᠨ ᠡᠮᠨᠡᠯᠬᠡ ᠶᠢᠨ | ᠬᠤᠷᠢᠶ᠎ᠠ ᠶᠢᠨ ᠳᠤᠲᠤᠭᠠᠲᠤ ᠶᠢᠨ ᠨᠠᠶᠢᠷᠠᠯᠲᠠ᠂ ᠮᠤᠩᠭᠤᠯ ᠬᠢᠲᠠᠳ ᠡᠮ ᠤᠨ ᠴᠢᠨᠠᠬᠤ ᠡᠮ ᠠᠴᠠ ᠪᠤᠰᠤᠳ︶ ᠲᠤ | ᠦᠪᠡᠷ ᠤᠨ ᠦᠷᠳᠡᠭ ᠨᠡᠮᠡᠬᠦ ᠶᠢ ᠬᠦᠴᠦᠨ ᠦᠭᠡᠢ ᠪᠣᠯᠭᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠦᠢᠯᠡᠴᠢᠯᠡᠭᠡᠨ ᠤ ᠰᠦᠢᠳᠭᠡᠯ ᠬᠤᠷᠢᠶᠠᠬᠤ᠂ ᠡᠮ ᠤᠨ | ᠵᠦᠢᠯᠡᠰ ᠲᠤ ᠦᠪᠡᠷ ᠤᠨ ᠦᠷᠳᠡᠭ ᠨᠡᠮᠡᠬᠦ ᠣᠷᠣᠯᠭ᠎ᠠ ᠪᠣᠯᠣᠨ ᠵᠠᠰᠠᠭ ᠤᠨ ᠣᠷᠳᠤᠨ ᠠᠴᠠ ᠨᠦᠬᠦᠪᠦᠷᠢᠯᠡᠬᠦ ᠭᠤᠷᠪᠠᠨ | ᠵᠠᠮ ᠮᠥᠷ ᠢᠶᠠᠷ ᠨᠦᠬᠦᠪᠦᠷᠢ ᠥᠭᠴᠦ ᠪᠠᠶᠢᠭᠰᠠᠨ ᠢ ᠦᠢᠯᠡᠴᠢᠯᠡᠭᠡᠨ ᠤ ᠰᠦᠢᠳᠭᠡᠯ ᠬᠤᠷᠢᠶᠠᠬᠤ ᠪᠠ ᠵᠠᠰᠠᠭ ᠤᠨ | ᠣᠷᠳᠤᠨ ᠠᠴᠠ ᠨᠦᠬᠦᠪᠦᠷᠢᠯᠡᠬᠦ ᠬᠤᠶᠠᠷ ᠵᠠᠮ ᠮᠥᠷ ᠪᠣᠯᠭᠠᠨ ᠦᠭᠡᠷᠡᠴᠢᠯᠡᠵᠦ᠂ ᠡᠮᠴᠢᠯᠡᠭᠡ ᠶᠢᠨ ᠦᠢᠯᠡᠴᠢᠯᠡᠭᠡᠨ ᠤ | ᠦᠨ᠎ᠡ ᠬᠠᠩᠰᠢ ᠶᠢ ᠰᠢᠯᠤᠭᠤᠳᠬᠠᠬᠤ᠂ ᠵᠠᠰᠠᠭ ᠤᠨ ᠣᠷᠳᠤᠨ ᠤ ᠣᠷᠤᠭᠤᠯᠤᠯᠲᠠ ᠶᠢ ᠨᠡᠮᠡᠭᠳᠡᠭᠦᠯᠬᠦ ᠪᠠ ᠡᠮᠨᠡᠯᠭᠡ ᠶᠢᠨ | ᠬᠤᠷᠢᠶ᠎ᠠ ᠶᠢᠨ ᠠᠵᠢᠯᠯᠠᠭᠠᠨ ᠤ ᠦᠪᠡᠷ ᠤᠨ ᠥᠷᠲᠡᠭ ᠢ ᠪᠠᠭᠠᠰᠬᠠᠬᠤ ᠵᠡᠷᠭᠡ ᠪᠠᠷ ᠳᠠᠮᠵᠢᠨ ᠣᠯᠠᠨ ᠲᠠᠯ᠎ᠠ ᠶᠢᠨ ᠬᠢᠨ | ᠬᠠᠮᠲᠤᠪᠡᠷ ᠡᠭᠦᠷᠭᠡᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ | ᠵᠦᠢᠯᠡᠰ ᠲᠤ ᠦᠪᠡᠷ ᠤᠨ ᠦᠷᠳᠡᠭ ᠨᠡᠮᠡᠬᠦ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠵᠤ ᠲᠤᠰᠠᠯᠠᠮᠵᠢ ᠶᠢᠨ | ᠪᠡᠯᠡ ᠮᠦᠩᠭᠦ ᠶᠢᠨ ᠬᠠᠮᠢᠶᠠᠷᠤᠯᠲᠠ ᠶᠢ ᠶᠠᠪᠤᠭᠳᠠᠭᠤᠯᠬᠤ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ | ᠶᠤᠰᠤᠭᠠᠷ᠂ ᠪᠤᠲᠠᠲᠠᠢ ᠲᠠᠢ ᠪᠠᠨ ᠤᠶᠠᠯᠳᠤᠭᠤᠯᠤᠨ ᠡᠮᠨᠡᠯᠭᠡ ᠶᠢᠨ ᠬᠤᠷᠢᠶ᠎ᠠ ᠶᠢᠨ ᠪᠤᠲᠠᠲᠠᠢ ᠨᠦᠬᠦᠪᠦᠷᠢᠯᠡᠬᠦ | ᠪᠦᠲᠦᠴᠡ ᠶᠢᠨ ᠬᠠᠷᠢᠴᠠᠯ ᠢ ᠲᠦᠷᠦᠯ ᠬᠤᠪᠢᠶᠠᠨ ᠲᠣᠭᠲᠠᠭᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ | ᠵᠠᠷᠤᠯᠭ᠎ᠠ ᠶᠢᠨ ᠪᠦᠲᠦᠴᠡ ᠪᠠᠨ ᠲᠣᠬᠢᠷᠠᠭᠤᠯᠵᠤ᠂ ᠣᠷᠤᠭᠤᠯᠤᠯᠲᠠ ᠪᠠᠨ ᠦᠨᠡᠨᠬᠦ ᠨᠡᠮᠡᠭᠳᠡᠭᠦᠯᠦᠨ᠂ ᠵᠠᠰᠠᠭ ᠤᠨ | ᠣᠷᠳᠤᠨ ᠤ ᠨᠡᠮᠡᠭᠳᠡᠭᠦᠯᠦᠭᠰᠡᠨ ᠣᠷᠣᠭᠤᠯᠤᠯᠲᠠ ᠶᠢ ᠡᠳ᠋ ᠤᠨ ᠵᠠᠰᠠᠭ ᠤᠨ ᠲᠦᠰᠦᠪ ᠲᠤ ᠣᠷᠤᠭᠤᠯᠬᠤ ᠬᠡᠷᠡᠭᠲᠡᠢ᠃ | ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ ᠢ ᠨᠦᠬᠡᠴᠡᠯᠡᠬᠦ᠂ ᠬᠠᠳᠠᠭᠠᠯᠠᠵᠤ ᠬᠠᠮᠢᠶᠠᠷᠬᠤ᠂ ᠰᠦᠢᠳᠭᠡᠭᠳᠡᠬᠦ ᠵᠡᠷᠭᠡ | ᠵᠠᠷᠤᠳᠠᠯ ᠢ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠤ ᠦᠪᠡᠷ ᠤᠨ ᠥᠷᠲᠡᠭ ᠲᠤ ᠣᠷᠤᠭᠤᠯᠤᠨ ᠨᠦᠬᠦᠪᠦᠷᠢᠯᠡᠬᠦ | ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 6. ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠰᠢᠯᠤᠭᠤᠳᠬᠠᠬᠤ ᠬᠡᠷᠡᠭᠲᠡᠢ᠃ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠦᠩᠭᠦ ᠡᠭᠦᠷᠭᠡᠯᠡᠨ ᠳᠠᠭᠠᠭᠠᠵᠤ ᠲᠡᠶᠢᠯᠬᠦ᠂ ᠣᠯᠠᠨ ᠲᠦᠮᠡᠨ ᠤ ᠳᠠᠷᠤᠭᠠᠰᠤ ᠶᠢ | ᠬᠦᠨᠳᠦᠷᠡᠭᠦᠯᠬᠦ ᠦᠭᠡᠢ ᠪᠠᠶᠢᠬᠤ ᠶᠢ ᠪᠠᠲᠤᠯᠠᠭᠰᠠᠨ ᠤᠷᠢᠳᠠᠯ ᠳᠣᠣᠷ᠎ᠠ᠂ ᠦᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠰᠠᠯᠠᠭ᠎ᠠ ᠮᠦᠴᠢᠷ ᠤᠳ ᠤᠨ ︽ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ | ᠬᠠᠩᠰᠢ ᠶᠢ ᠲᠣᠬᠢᠷᠠᠭᠤᠯᠬᠤ ᠲᠣᠬᠠᠢ ᠨᠦᠬᠦᠪᠦᠷᠢ ᠮᠡᠳᠡᠭᠳᠡᠯ︾ ︵ᠦᠪᠦᠷ ᠬᠥᠭᠵᠢᠭᠦᠯᠦᠯᠲᠡ ᠦᠭᠡᠷᠡᠴᠢᠯᠡᠯᠲᠡ | ᠵᠠᠷᠤᠳᠠᠯ ᠦᠰᠦᠭ ﹇2015﹈ 403 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ ᠲᠤ ᠦᠪᠡᠷ ᠤᠨ ᠦᠷᠳᠡᠭ | ᠨᠡᠮᠡᠬᠦ ᠶᠢ ᠬᠦᠴᠦᠨ ᠦᠭᠡᠢ ᠪᠣᠯᠭᠠᠭᠰᠠᠨ ᠤ ᠳᠠᠷᠠᠭᠠᠬᠢ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ | ᠲᠣᠬᠢᠷᠠᠭᠤᠯᠬᠤ ᠡᠷᠬᠡ ᠮᠡᠳᠡᠯ ᠢ ᠳᠤᠷᠤᠭᠰᠢ ᠡᠯ᠎ᠡ ᠠᠶᠢᠮᠠᠭ ᠬᠤᠲᠠ ᠳᠤ ᠪᠠᠭᠤᠯᠭᠠᠵᠤ᠂ ᠦᠪᠡᠷᠲᠡᠭᠡᠨ ᠵᠠᠰᠠᠬᠤ | ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠵᠢᠯᠤᠭᠤᠳᠤᠯᠭ᠎ᠠ ᠪᠠᠨ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠢ᠃ ︽ᠶᠡᠷᠦᠩᠬᠡᠢ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠲᠣᠬᠢᠷᠠᠭᠤᠯᠬᠤ᠂ ᠳᠡᠭᠡᠭᠰᠢᠯᠡᠯᠲᠡ | ᠪᠠᠭᠤᠷᠠᠯᠲᠠ ᠲᠠᠢ ᠪᠠᠶᠢᠯᠭᠠᠬᠤ᠂ ᠠᠯᠬᠤᠮ ᠠᠯᠬᠤᠮ ᠢᠶᠠᠷ ᠪᠣᠲᠠᠲᠠᠶᠢᠵᠢᠭᠤᠯᠬᠤ︾ ᠵᠠᠷᠴᠢᠮ ᠶᠣᠰᠤᠭᠠᠷ᠂ | ᠯᠠᠪᠳᠠᠭᠤᠨ ᠢᠶᠠᠷ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠠᠯᠬᠤᠮ ᠠᠯᠬᠤᠮ ᠢᠶᠠᠷ | ᠰᠢᠯᠤᠭᠤᠳᠬᠠᠨ᠂ ᠦᠨ᠎ᠡ ᠬᠠᠩᠰᠢ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠡᠮᠴᠢᠯᠡᠭᠡᠨ ᠤ ᠳᠠᠭᠠᠳᠬᠠᠯ ᠤᠨ | ᠮᠦᠩᠭᠦ ᠣᠯᠭᠤᠬᠤ ᠲᠥᠷᠥ ᠶᠢᠨ ᠪᠣᠳᠣᠯᠭ᠎ᠠ ᠯᠤᠭ᠎ᠠ ᠦᠨᠡᠨᠬᠦ ᠵᠤᠯᠭᠠᠭᠤᠯᠬᠤ ᠬᠡᠷᠡᠭᠲᠡᠢ᠃ ᠦᠪᠡᠷ ᠤᠨ ᠥᠷᠳᠡᠭ | ᠪᠣᠯᠣᠨ ᠣᠷᠣᠯᠭ᠎ᠠ ᠶᠢᠨ ᠪᠦᠲᠦᠴᠡ ᠶᠢᠨ ᠬᠤᠪᠢᠷᠠᠯᠲᠠ ᠪᠠᠷ ᠰᠠᠭᠤᠷᠢ ᠪᠣᠯᠭᠠᠭᠰᠠᠨ ᠦᠨ᠎ᠡ ᠶᠢ ᠬᠦᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠬᠠᠷᠢᠭᠤᠴᠠᠨ᠎ᠠ︶ | | 7. ᠵᠠᠰᠠᠭ ᠤᠨ ᠣᠷᠳᠤᠨ ᠤ ᠣᠷᠤᠭᠤᠯᠤᠯᠲᠠ ᠬᠢᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠡᠯ᠎ᠡ ᠭᠠᠵᠠᠷ ᠣᠷᠣᠨ ᠨᠤᠭᠤᠳ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ | ᠮᠦᠴᠢᠷ ᠤᠨ ︽ᠵᠠᠰᠠᠭ ᠤᠨ ᠣᠷᠳᠤᠨ ᠤ ᠡᠷᠡᠭᠦᠯ ᠬᠠᠮᠠᠭᠠᠯᠠᠯ ᠤᠨ ᠣᠷᠤᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠣᠬᠠᠢ ᠰᠠᠨᠠᠯ︾ ︵ᠦᠪᠦᠷ ᠡᠳ᠋ ᠨᠡᠶᠢᠭᠡᠮ ﹇2014﹈ 1724 ᠳ᠋ᠤᠭᠡᠷ | ᠲᠣᠭᠠᠲᠤ︶ ᠭᠡᠬᠦ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠪᠣᠯᠣᠨ ᠲᠤᠰ ᠭᠠᠵᠠᠷ ᠣᠷᠣᠨ ᠤ | ᠪᠤᠲᠠᠲᠠᠢ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠤᠨ ᠤ ᠡᠷᠡᠭᠦᠯ ᠬᠠᠮᠠᠭᠠᠯᠠᠯ ᠤᠨ ᠣᠷᠤᠭᠤᠯᠤᠯᠲᠠ ᠬᠢᠬᠦ | ᠪᠤᠲᠠᠲᠠᠢ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ᠂ ᠦᠨᠡᠨᠬᠦ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠣᠬᠢᠬᠤ ᠲᠤᠰᠠᠯᠠᠮᠵᠢ | ᠣᠯᠭᠤᠬᠤ ᠬᠡᠷᠡᠭᠲᠡᠢ᠃ ᠡᠳ᠋ ᠤᠨ ᠵᠠᠰᠠᠭ ᠤᠨ ᠨᠦᠬᠦᠪᠦᠷᠢᠯᠡᠬᠦ ᠠᠷᠭ᠎ᠠ ᠮᠠᠶ᠋ᠢᠭ ᠲᠤ ᠦᠭᠡᠷᠡᠴᠢᠯᠡᠯᠲᠡ ᠬᠢᠵᠦ᠂ | ᠲᠦᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ | ᠨᠦᠬᠦᠪᠦᠷᠢᠯᠡᠬᠦ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠭᠰᠠᠨ ᠦᠷ᠎ᠡ ᠳ᠋ᠦᠩ ᠯᠦᠭᠡ ᠬᠤᠯᠪᠣᠭᠳᠠᠭᠤᠯᠬᠤ ᠶᠢ ᠴᠢᠩᠭᠠᠳᠬᠠᠬᠤ ᠬᠡᠷᠡᠭᠲᠡᠢ᠃ ᠵᠠᠰᠠᠭ ᠤᠨ | ᠣᠷᠳᠤᠨ ᠤ ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠬᠢᠲᠠᠳ ᠮᠤᠩᠭᠤᠯ ᠡᠮᠨᠡᠯᠭᠡ ᠶᠢᠨ ᠬᠤᠷᠢᠶ᠎ᠠ ᠲᠡᠰᠢ ᠬᠡᠯᠪᠠᠶᠢᠯᠭᠡᠬᠦ | ᠵᠠᠰᠠᠭ ᠤᠨ ᠣᠷᠳᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠠᠵᠠᠷ ᠠᠭᠤᠳᠠᠮ ᠬᠦᠮᠦᠨ | ᠴᠦᠬᠡᠨ᠂ ᠬᠠᠲᠠᠭᠤ ᠪᠡᠷᠬᠡᠰᠢᠶᠡᠯᠲᠡᠢ ᠪᠤᠶᠢᠲᠠ ᠪᠦᠭᠯᠡᠭᠦᠦ ᠣᠷᠣᠨ ᠪᠣᠯᠣᠨ ᠦᠢᠯᠡᠴᠢᠯᠡᠭᠡ ᠶᠢᠨ ᠬᠡᠷᠡᠭᠴᠡᠭᠡ | ᠱᠠᠭᠠᠷᠳᠠᠯᠭ᠎ᠠ ᠭᠦᠢᠴᠡᠳ ᠦᠭᠡᠢ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠢ ᠣᠷᠣᠯᠭ᠎ᠠ ᠵᠠᠷᠤᠯᠭ᠎ᠠ ᠶᠢ ᠠᠰ ᠲᠤᠨᠢ ᠪᠤᠳᠤᠬᠤ ᠶᠢ ᠰᠦᠪᠡᠭᠴᠢᠯᠡᠨ ᠬᠡᠷᠡᠭᠵᠢᠭᠦᠯᠵᠦ᠂ ᠵᠠᠰᠠᠭ ᠤᠨ | ᠣᠷᠳᠤᠨ ᠠᠴᠠ ᠴᠢᠬᠤᠯᠠ ᠪᠦᠬᠦᠢ ᠪᠠᠲᠤᠯᠠᠭ᠎ᠠ ᠣᠯᠭᠤᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ ᠠᠴᠠ ᠬᠠᠷᠢᠭᠤᠴᠠᠨ᠎ᠠ︶ | ︵ᠭᠤᠷᠪᠠ︶ ᠡᠮ ᠤᠨ ᠵᠦᠢᠯᠡᠰ ᠪᠣᠯᠣᠨ ᠬᠤᠷᠤᠭᠳᠠᠯ ᠮᠠᠲ᠋ᠧᠷᠢᠶᠠᠯ ᠬᠠᠩᠭᠠᠬᠤ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠦᠨ᠎ᠠ᠃ | 8. ᠡᠮ ᠤᠨ ᠵᠦᠢᠯᠡᠰ ᠪᠣᠯᠣᠨ ᠦᠨᠳᠦᠷ ᠥᠷᠲᠡᠭ ᠲᠠᠢ ᠡᠮ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠤᠨ | ᠦᠨ᠎ᠡ ᠶᠢ ᠪᠠᠭᠤᠷᠠᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠨᠢ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ ᠠᠵᠢᠯ ᠤᠨ ᠬᠡᠷᠡᠭᠵᠢᠭᠦᠯᠬᠦ | ᠲᠦᠰᠦᠯ ᠢ ᠲᠣᠭᠲᠠᠭᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠬᠡᠷᠡᠭᠯᠡᠬᠦ ᠪᠣᠢ ᠪᠦᠬᠦᠢ ᠡᠮ ᠤᠨ ᠵᠦᠢᠯᠡᠰ ᠢ ᠦᠪᠡᠷᠲᠡᠭᠡᠨ ᠵᠠᠰᠬᠠᠤ ᠣᠷᠣᠨ ᠤ ᠡᠮ ᠤᠨ | ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ ᠲᠡᠪᠴᠡᠩ ᠠᠴᠠ ᠬᠤᠳᠠᠯᠳᠤᠨ ᠠᠪᠬᠤ ᠬᠡᠷᠡᠭᠲᠡᠢ᠃ ᠡᠮ ᠤᠨ | ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ ᠣᠯᠠᠨ ᠵᠦᠢᠯ ᠤᠨ ᠬᠡᠯᠪᠡᠷᠢ ᠮᠠᠶ᠋ᠢᠭ ᠢ ᠰᠦᠪᠡᠭᠴᠢᠯᠡᠬᠦ ᠶᠢ | ᠵᠣᠷᠢᠬᠵᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ | ᠲᠣᠷᠰᠢᠯᠲᠠ ᠶᠢᠨ ᠴᠢᠬ ᠪᠣᠯᠬᠤ ᠬᠤᠲᠠ ᠶᠢᠨ ᠬᠠᠷᠢᠶᠠᠲᠤ ᠬᠤᠰᠢᠭᠤ ᠰᠢᠶᠠᠨ ︵ᠬᠤᠲᠠ︶ ᠨᠢ ᠲᠣᠷᠰᠢᠯᠲᠠ ᠶᠢᠨ ᠴᠢᠬ | ᠪᠣᠯᠬᠤ ᠬᠤᠲᠠ ᠯᠤᠭ᠎ᠠ ᠬᠠᠮᠲᠤᠪᠠᠷ ᠦᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠢ ᠲᠦᠪᠯᠡᠷᠡᠭᠦᠯᠦᠨ | ᠬᠤᠳᠠᠯᠳᠤᠵᠤ ᠠᠪᠬᠤ ᠲᠡᠪᠴᠡᠩ ᠠᠴᠠ ᠦᠪᠡᠰᠦᠪᠡᠨ ᠬᠤᠳᠠᠯᠳᠤᠵᠤ ᠠᠪᠬᠤ ᠶᠢ ᠵᠥᠪᠰᠢᠶᠡᠷᠡᠬᠦ ᠬᠡᠷᠡᠭᠲᠡᠢ᠃ ᠦᠨᠳᠦᠷ | ᠥᠷᠳᠡᠭ ᠲᠠᠢ ᠡᠮᠴᠢᠯᠡᠭᠡᠨ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠢ ᠦᠪᠡᠷᠲᠡᠭᠡᠨ ᠵᠠᠰᠠᠬᠤ ᠣᠷᠣᠨ ᠤ ᠡᠮ ᠤᠨ | ᠵᠦᠢᠯᠡᠰ ᠢ ᠲᠦᠪᠯᠡᠷᠡᠭᠦᠯᠦᠨ ᠬᠤᠳᠠᠯᠳᠤᠵᠤ ᠠᠪᠬᠤ ᠲᠡᠪᠴᠡᠩ ᠢᠶᠠᠷ ᠳᠠᠮᠵᠢᠨ ᠢᠯᠡ ᠪᠠᠷ ᠬᠤᠳᠠᠯᠳᠤᠨ ᠠᠪᠴᠤ᠂ | ᠰᠦᠯᠵᠢᠶᠡᠨ ᠳᠡᠭᠡᠷ᠎ᠡ ᠢᠯᠡ ᠪᠠᠷ ᠠᠷᠠᠯᠵᠢᠶᠠᠯᠠᠬᠤ ᠬᠡᠷᠡᠭᠲᠡᠢ᠃ ᠶᠠᠰᠤ ᠴᠢᠨᠠᠷ ᠢ ᠪᠠᠲᠤᠯᠠᠭᠰᠠᠨ ᠤᠷᠢᠳᠠᠯ ᠳᠣᠣᠷ᠎ᠠ᠂ | ᠤᠯᠤᠰ ᠤᠨ ᠦᠨᠳᠦᠷ ᠦᠨ᠎ᠡ ᠲᠠᠢ ᠡᠮ ᠳᠤ ᠬᠡᠷᠡᠭᠯᠡᠬᠦ ᠵᠠᠷᠤᠴᠠᠭᠤᠯᠬᠤ ᠮᠠᠲ᠋ᠧᠷᠢᠶᠠᠯ ᠢ ᠤᠷᠢᠳᠠᠪᠠᠷ ᠬᠤᠳᠠᠯᠳᠤᠨ ᠠᠪᠬᠤ | ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ | ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ᠎ᠠ︶ | 9. ᠡᠮ ᠤᠨ ᠵᠦᠢᠯᠡᠰ ᠬᠤᠳᠠᠯᠳᠤᠨ ᠠᠪᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | ᠡᠮ ᠤᠨ ᠵᠦᠢᠯᠡᠰ ᠢ ᠳᠠᠭᠠᠭᠠᠴᠢᠯᠠᠯᠲᠠ ᠣᠯᠣᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠰᠢᠭᠤᠳ | ᠲᠣᠬᠢᠷᠠᠭᠤᠯᠤᠨ ᠬᠦᠷᠭᠡᠬᠦ ᠪᠣᠶᠣ ᠲᠣᠬᠢᠷᠠᠭᠤᠯᠤᠨ ᠬᠦᠷᠭᠡᠬᠦ ᠴᠢᠳᠠᠪᠤᠷᠢ ᠲᠠᠢ ᠡᠮ ᠤᠨ ᠵᠦᠢᠯ ᠤᠨ ᠡᠵᠡᠩᠨᠡᠯᠲᠡ ᠶᠢᠨ | ᠠᠵᠤ ᠠᠬᠤᠶᠢᠯᠠᠯ ᠢ ᠦᠪᠡᠰᠦᠪᠡᠨ ᠨᠠᠶᠢᠳᠠᠵᠤ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠣᠬᠢᠷᠠᠭᠤᠯᠤᠨ | ᠬᠦᠷᠭᠡᠯᠭᠡᠵᠦ᠂ ᠬᠤᠭᠤᠷᠤᠨᠳᠤᠬᠢ ᠭᠤᠭᠴᠤᠭ᠎ᠠ ᠶᠢ ᠨᠢ ᠪᠠᠭᠠᠰᠬᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠨᠢ ᠡᠮ ᠤᠨ | ᠵᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠡᠮ ᠤᠨ ᠵᠦᠢᠯᠡᠰ ᠤᠨ ᠵᠠᠷᠤᠳᠠᠯ ᠢ ᠳ᠋ᠦᠩᠨᠡᠨ | ᠪᠤᠳᠤᠬᠤ ᠶᠢ ᠵᠣᠷᠢᠬᠵᠢᠭᠤᠯᠵᠤ᠂ ᠡᠮ ᠤᠨ ᠵᠦᠢᠯᠡᠰ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠡᠮ ᠤᠨ | ᠵᠦᠢᠯᠡᠰ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ᠲᠣᠬᠢᠷᠠᠭᠤᠯᠤᠨ ᠬᠦᠷᠭᠡᠬᠦ ᠵᠠᠷᠤᠳᠠᠯ ᠢ ᠳ᠋ᠦᠩᠨᠡᠨ | ᠪᠤᠳᠤᠬᠤ ᠬᠡᠷᠡᠭᠲᠡᠢ᠃ ᠡᠮ ᠤᠨ ᠵᠦᠢᠯᠡᠰ ᠢ ᠲᠣᠬᠢᠷᠠᠭᠤᠯᠤᠨ ᠬᠦᠷᠭᠡᠬᠦ ᠲᠦᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ | ᠰᠢᠶᠠᠨ ᠰᠢᠶᠠᠩ ᠲᠤᠰᠬᠤᠨ ᠤ ᠨᠢᠭᠡ ᠴᠣᠭᠴᠠᠵᠢᠭᠤᠯᠤᠨ ᠲᠣᠬᠢᠷᠠᠭᠤᠯᠵᠤ ᠬᠦᠷᠭᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠬᠦ ᠬᠡᠷᠡᠭᠲᠡᠢ᠃ ᠡᠮ ᠤᠨ ᠵᠦᠢᠯᠡᠰ ᠢ ᠬᠤᠳᠠᠯᠳᠤᠨ ᠠᠪᠬᠤ ᠪᠦᠬᠦ ᠶᠠᠪᠤᠴᠠ ᠶᠢ ᠬᠢᠨᠠᠨ ᠬᠠᠮᠢᠶᠠᠷᠬᠤ ᠶᠢ | ᠴᠢᠩᠭᠠᠳᠬᠠᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠲᠣᠭᠲᠠᠭᠠᠯ ᠠᠴᠠ ᠵᠦᠷᠢᠴᠡᠵᠦ ᠰᠦᠯᠵᠢᠶᠡᠨ ᠠᠴᠠ ᠭᠠᠳᠠᠨ᠎ᠠ ᠬᠤᠳᠠᠯᠳᠤᠨ ᠠᠪᠬᠤ᠂ ᠪᠠᠷᠠᠭᠠᠨ ᠤ ᠵᠤᠭᠤᠰ ᠢ | ᠬᠤᠶᠢᠰᠢᠯᠠᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠮᠨᠡᠯᠭᠡ ᠶᠢᠨ | ᠬᠤᠷᠢᠶ᠎ᠠ ᠶᠢᠨ ᠲᠣᠭᠲᠠᠭᠠᠯ ᠶᠤᠰᠤᠭᠠᠷ ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ ᠢ ᠲᠦᠪᠯᠡᠷᠡᠭᠦᠯᠦᠨ | ᠬᠤᠳᠠᠯᠳᠤᠵᠤ ᠠᠪᠬᠤ ᠦᠭᠡᠢ᠂ ᠭᠡᠷ᠎ᠡ ᠶᠢ ᠵᠦᠷᠢᠴᠡᠭᠰᠡᠨ ᠪᠠᠶᠢᠪᠠᠯ᠂ ᠲᠡᠭᠦᠨ ᠤ ᠦᠢᠯᠡ ᠪᠠᠶᠢᠳᠠᠯ ᠤᠨ ᠬᠦᠨᠳᠦ | ᠬᠦᠩᠭᠡᠨ ᠢ ᠦᠵᠡᠵᠦ ᠮᠡᠳᠡᠭᠡᠯᠡᠨ ᠰᠢᠭᠦᠮᠵᠢᠯᠡᠬᠦ᠂ ᠬᠤᠭᠤᠴᠠᠭ᠎ᠠ ᠬᠢᠵᠠᠭᠠᠷᠯᠠᠵᠤ ᠴᠡᠭᠴᠡᠯᠡᠨ ᠰᠠᠶᠢᠵᠢᠷᠠᠭᠤᠯᠬᠤ᠂ | ᠭᠡᠷ᠎ᠡ ᠠᠴᠠ ᠵᠦᠷᠢᠴᠡᠭᠰᠡᠨ ᠮᠦᠩᠭᠦ ᠶᠢ ᠲᠦᠯᠦᠬᠦ᠂ ᠡᠮᠨᠡᠯᠭᠡ ᠶᠢᠨ ᠬᠤᠷᠢᠶ᠎ᠠ ᠶᠢᠨ ᠵᠡᠷᠭᠡ ᠳᠡᠰ ᠶᠢ ᠨᠢ ᠪᠠᠭᠤᠷᠠᠭᠤᠯᠬᠤ | ᠵᠡᠷᠭᠡ ᠪᠠᠷ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠳᠤ ᠦᠨᠡᠨᠴᠢ ᠢᠲᠡᠭᠡᠮᠵᠢ ᠶᠢᠨ ᠲᠡᠮᠲᠡᠭᠯᠡᠯ ᠬᠢᠬᠦ ᠪᠠ ᠵᠠᠬ᠎ᠠ | ᠳᠡᠯᠭᠡᠭᠦᠷ ᠠᠴᠠ ᠢᠯᠭᠠᠷᠠᠭᠤᠯᠤᠨ ᠭᠠᠷᠭᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠮ ᠤᠨ ᠵᠦᠢᠯᠡᠰ ᠤᠨ | ᠦᠨ᠎ᠡ ᠬᠠᠩᠰᠢ ᠶᠢᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠠᠬᠤᠢ ᠪᠠ | ᠮᠡᠳᠡᠭᠡ ᠵᠠᠩᠬᠢᠵᠢᠯᠲᠠ ᠶᠢᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠢᠳᠡᠭᠡᠨ ᠪᠠ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ᠎ᠠ︶ | ︵ᠳᠥᠷᠪᠡ︶ ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠳᠦᠷᠢᠮ ᠳᠤ ᠦᠭᠡᠷᠡᠴᠢᠯᠡᠯᠲᠡ ᠬᠢᠨ᠎ᠠ᠃ | 10. ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠳᠠᠭᠠᠳᠬᠠᠯ ᠤᠨ ᠮᠦᠩᠭᠦ | ᠣᠯᠭᠤᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ | ᠬᠡᠷᠡᠭᠲᠡᠢ᠃ ᠶᠡᠷᠦᠩᠬᠡᠢ ᠲᠤᠭ᠎ᠠ ᠶᠢ ᠡᠵᠡᠮᠳᠡᠭᠰᠡᠨ ᠪᠠᠶᠢᠳᠠᠯ ᠳᠣᠣᠷ᠎ᠠ ᠡᠪᠡᠳᠴᠢᠨ ᠤ ᠵᠦᠢᠯ᠂ ᠬᠦᠮᠦᠨ ᠤ ᠲᠤᠭ᠎ᠠ᠂ | ᠡᠪᠡᠳᠴᠢᠲᠡᠨ ᠤ ᠣᠷᠣ ᠶᠢᠨ ᠲᠤᠭ᠎ᠠ ᠶᠤᠰᠤᠭᠠᠷ ᠡᠳᠦᠷ ᠢᠶᠠᠷ ᠪᠤᠳᠤᠵᠤ ᠵᠠᠷᠤᠳᠠᠯ ᠥᠭᠬᠦ ᠵᠡᠷᠭᠡ ᠵᠤᠭᠤᠰ ᠣᠯᠭᠤᠬᠤ | ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠬᠡᠷᠡᠭᠲᠡᠢ᠃ 2016 ᠣᠨ ᠤ ᠵᠢᠯ ᠤᠨ | ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠤ ᠬᠡᠪᠴᠢᠶᠡᠨ ᠳᠤᠲᠤᠷᠠᠬᠢ ᠪᠣᠢ ᠪᠦᠬᠦᠢ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠵᠤᠭᠤᠰ ᠣᠯᠭᠤᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠬᠢᠵᠦ᠂ | 40% ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠠᠴᠠ ᠭᠠᠷᠬᠤ ᠡᠪᠡᠳᠴᠢᠨ ᠤ ᠵᠢᠱᠢᠶ᠎ᠡ ᠶᠢᠨ | ᠲᠤᠭ᠎ᠠ ᠶᠢ ᠬᠠᠮᠤᠷᠬᠤ ᠬᠡᠷᠡᠭᠲᠡᠢ᠃ 2017 ᠣᠨ ᠪᠣᠯᠬᠤ ᠳᠤ ᠡᠪᠡᠳᠴᠢᠨ ᠤ ᠵᠦᠢᠯ ᠢᠶᠠᠷ ᠨᠢ ᠵᠠᠷᠤᠳᠠᠯ ᠥᠭᠬᠦ ᠪᠠᠷ | ᠭᠤᠣᠯ ᠪᠣᠯᠭᠠᠭᠰᠠᠨ᠂ ᠬᠦᠮᠦᠨ ᠤ ᠲᠤᠭ᠎ᠠ᠂ ᠡᠪᠡᠳᠴᠢᠲᠠᠨ ᠤ ᠣᠷᠣ ᠪᠠ ᠡᠳᠦᠷ ᠵᠡᠷᠭᠡ ᠶᠢᠨ ᠨᠡᠶᠢᠯᠡᠮᠡᠯ ᠬᠡᠯᠪᠡᠷᠢ ᠶᠢᠨ | ᠵᠠᠷᠤᠳᠠᠯ ᠥᠭᠬᠦ ᠠᠷᠭ᠎ᠠ ᠮᠠᠶ᠋ᠢᠭ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ | ᠭᠠᠷᠳᠠᠨ ᠭᠦᠢᠴᠡᠳᠭᠡᠬᠦ ᠪᠠᠶᠢᠭᠤᠯᠤᠮᠵᠢ ᠪᠣᠯᠣᠨ ᠲᠣᠭᠲᠠᠭᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠶᠢᠨ | ᠬᠤᠭᠤᠷᠤᠨᠳᠤᠬᠢ ᠬᠡᠯᠡᠯᠴᠡᠵᠦ ᠵᠦᠪᠳᠡᠯᠴᠡᠬᠦ ᠲᠣᠭᠲᠠᠴᠠ ᠬᠢᠭᠡᠳ ᠠᠰᠢᠭ ᠲᠤᠰᠠ ᠶᠢᠨ ᠲᠥᠭᠰᠢᠭᠦᠷᠢ ᠶᠢ | ᠬᠤᠪᠢᠶᠠᠷᠢᠯᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ | ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠨᠤᠭᠤᠳ ᠵᠦᠪᠯᠡᠯᠴᠡᠭᠡᠷ ᠤᠨ ᠪᠣᠯᠵᠤᠭ᠎ᠠ ᠶᠢ ᠦᠨᠳᠦᠰᠦᠯᠡᠨ | ᠪᠡᠯᠡ ᠮᠦᠩᠭᠦ ᠶᠢ ᠲᠣᠭᠲᠠᠭᠰᠠᠨ ᠬᠤᠭᠤᠴᠠᠭ᠎ᠠ ᠶᠤᠰᠤᠭᠠᠷ ᠭᠦᠢᠴᠡᠳ ᠲᠤᠭ᠎ᠠ ᠪᠠᠷ ᠳ᠋ᠦᠩᠨᠡᠨ ᠪᠤᠳᠤᠬᠤ ᠶᠢᠨ ᠬᠠᠮᠲᠤ᠂ | ᠪᠡᠯᠡ ᠮᠦᠩᠭᠦ ᠶᠢ ᠰᠢᠯᠵᠢᠭᠦᠯᠦᠨ ᠣᠯᠭᠤᠬᠤ ᠬᠡᠷᠡᠭᠲᠡᠢ᠃ ᠲᠣᠬᠢᠷᠠᠬᠤ ᠮᠤᠩᠭᠤᠯ ᠡᠮ ᠡᠮᠨᠡᠯᠭᠡ᠂ ᠬᠢᠲᠠᠳ ᠡᠮ | ᠡᠮᠨᠡᠯᠭᠡ ᠶᠢᠨ ᠦᠢᠯᠡᠴᠢᠯᠡᠭᠡ ᠬᠠᠩᠭᠠᠬᠤ ᠪᠠ ᠬᠡᠷᠡᠭᠯᠡᠬᠦ ᠶᠢ ᠵᠣᠷᠢᠬᠵᠢᠭᠤᠯᠵᠤ᠂ ᠮᠣᠩᠭᠤᠯ ᠬᠢᠲᠠᠳ ᠡᠮᠨᠡᠯᠭᠡ ᠶᠢᠨ | ᠡᠮ ᠤᠨ ᠵᠦᠢᠯᠡᠰ ᠤᠨ ᠪᠤᠰᠤ ᠣᠨᠣᠰᠢᠯᠠᠨ ᠡᠮᠨᠡᠬᠦ ᠮᠡᠷᠭᠡᠵᠢᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ | ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠳᠤ ᠣᠷᠤᠭᠤᠯᠬᠤ ᠡᠮᠴᠢᠯᠡᠭᠡᠨ ᠤ ᠪᠠᠶᠢᠭᠤᠯᠤᠮᠵᠢ ᠶᠢᠨ ᠮᠤᠩᠭᠤᠯ | ᠬᠢᠲᠠᠳ ᠡᠮ ᠤᠨ ᠨᠠᠶᠢᠷᠠᠯᠲᠠ ᠪᠣᠯᠣᠨ ᠵᠡᠭᠦᠦ ᠲᠦᠭᠡᠨᠡᠯᠭᠡ᠂ ᠡᠮᠨᠡᠨ ᠵᠠᠰᠠᠬᠤ ᠴᠢᠨᠠᠷᠲᠠᠢ ᠢᠯᠢᠯᠡᠭᠡ ᠵᠡᠷᠭᠡ ᠮᠤᠩᠭᠤᠯ | ᠬᠢᠲᠠᠳ ᠡᠮᠨᠡᠯᠭᠡ ᠶᠢᠨ ᠣᠨᠴᠠᠯᠢᠭᠲᠤ ᠣᠨᠣᠰᠢᠯᠠᠨ ᠡᠮᠨᠡᠬᠦ ᠮᠡᠷᠭᠡᠵᠢᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠭᠡᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠲᠤᠰ ᠲᠤᠰ ᠲᠤᠨᠢ | ᠬᠠᠷᠢᠭᠤᠴᠠᠵᠤ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠦᠪᠦᠷ ᠮᠣᠩᠭᠤᠯ ᠤᠨ | ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠤᠯᠴᠠᠨ᠎ᠠ︶ | 11. ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ︶ ᠭᠤᠷᠪᠠᠨ ᠱᠠᠲᠤᠨ ᠤ ᠵᠢᠷᠤᠮᠵᠢᠭᠰᠠᠨ ᠰᠢᠨᠵᠢᠯᠡᠬᠦ | ᠤᠬᠠᠭᠠᠨᠴᠢ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠪᠣᠯᠣᠨ ᠬᠢᠨᠠᠨ ᠰᠢᠨᠵᠢᠬᠦ ᠲᠡᠪᠴᠡᠩ ᠢ ᠪᠠᠶᠢᠭᠤᠯᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠤᠲᠠᠲᠠᠢ ᠮᠡᠷᠭᠡᠵᠢᠯ ᠤᠨ ᠴᠢᠳᠠᠪᠤᠷᠢ ᠵᠡᠷᠭᠡ ᠶᠢ ᠦᠨᠳᠦᠰᠦᠯᠡᠨ᠂ | ᠤᠨᠤᠰᠢᠯᠠᠨ ᠡᠮᠨᠡᠬᠦ ᠡᠪᠡᠳᠴᠢᠨ ᠤ ᠵᠦᠢᠯ ᠤᠨ ᠬᠡᠪᠴᠢᠶ᠎ᠡ ᠶᠢ ᠲᠣᠳᠤᠷᠬᠠᠶᠢᠯᠠᠵᠤ᠂ ᠲᠣᠬᠢᠷᠠᠬᠤ ᠡᠮᠴᠢᠯᠡᠭᠡᠨ ᠤ ᠠᠷᠭ᠎ᠠ | ᠵᠠᠮ᠂ ᠵᠣᠷ ᠤᠨ ᠲᠡᠭᠦᠪᠦᠷᠢ ᠪᠣᠯᠣᠨ ᠣᠨᠣᠰᠢᠯᠠᠨ ᠡᠮᠨᠡᠬᠦ ᠵᠢᠷᠤᠮᠵᠢᠯ ᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠠᠷᠭ᠎ᠠ | ᠵᠠᠮ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠡᠮᠴᠢᠯᠡᠭᠡᠨ ᠤ ᠠᠷᠭ᠎ᠠ ᠵᠠᠮ ᠢ ᠬᠠᠮᠢᠶᠠᠷᠬᠤ ᠪᠠ ᠬᠡᠷᠡᠭᠵᠢᠭᠦᠯᠬᠦ | ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠤᠨ᠂ ᠵᠦᠢ ᠵᠣᠬᠢᠰ | ᠦᠭᠡᠢ ᠡᠮᠴᠢᠯᠡᠭᠡᠨ ᠤ ᠵᠠᠷᠤᠳᠠᠯ ᠢ ᠬᠢᠵᠠᠭᠠᠷᠯᠠᠬᠤ ᠬᠡᠷᠡᠭᠲᠡᠢ᠃ 2016 ᠣᠨ ᠤ ᠰᠡᠭᠦᠯᠴᠢ ᠪᠣᠯᠲᠠᠯ᠎ᠠ᠂ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠠᠷᠭ᠎ᠠ ᠵᠠᠮ ᠤᠨ | ᠬᠠᠮᠢᠶᠠᠷᠤᠯᠲᠠ ᠶᠢ ᠬᠡᠷᠡᠭᠵᠢᠭᠦᠯᠬᠦ ᠡᠪᠡᠳᠴᠢᠨ ᠤ ᠵᠦᠢᠯ ᠤᠨ ᠲᠤᠭ᠎ᠠ ᠶᠢ 50 ᠠᠴᠠ ᠳᠡᠭᠡᠭᠰᠢ ᠳᠤ ᠬᠦᠷᠦᠭᠦᠯᠬᠦ ᠶᠢᠨ | ᠬᠠᠮᠲᠤ᠂ ᠡᠪᠡᠳᠴᠢᠨ ᠤ ᠵᠦᠢᠯ ᠢ ᠠᠯᠬᠤᠮ ᠠᠯᠬᠤᠮ ᠢᠶᠠᠷ ᠥᠷᠭᠡᠳᠭᠡᠵᠦ᠂ ᠠᠭᠤᠯᠭ᠎ᠠ ᠶᠢ ᠨᠠᠷᠢᠯᠢᠬᠵᠢᠭᠤᠯᠤᠨ᠂ | ᠡᠪᠡᠳᠴᠢᠨ ᠤ ᠵᠦᠢᠯ ᠳᠤ ᠣᠷᠤᠭᠰᠠᠨ ᠨᠤᠷᠮ᠎ᠠ ᠪᠣᠯᠣᠨ ᠪᠡᠶᠡᠯᠡᠭᠦᠯᠦᠭᠰᠡᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢᠨ ᠠᠵᠢᠯ ᠢ ᠵᠡᠷᠭᠡ ᠲᠡᠰ ᠲᠠᠢ ᠡᠮᠨᠡᠯᠭᠡ ᠶᠢᠨ ᠬᠤᠷᠢᠶ᠎ᠠ ᠶᠢ ᠬᠢᠨᠠᠨ | ᠲᠣᠭᠲᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠯᠦᠭᠡ ᠬᠤᠯᠪᠤᠭᠳᠠᠭᠤᠯᠬᠤ ᠬᠡᠷᠡᠭᠲᠡᠢ | ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 12. ᠡᠮᠴᠢᠯᠡᠭᠡᠨ ᠤ ᠳᠠᠭᠠᠳᠬᠠᠯ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠳᠤ ᠡᠮᠴᠢᠯᠡᠭᠡᠨ ᠤ | ᠳᠠᠭᠠᠳᠬᠠᠯ ᠤᠨ ᠬᠢᠨ ᠤ ᠬᠢᠨᠠᠯᠲᠠ ᠬᠠᠮᠢᠶᠠᠷᠤᠯᠲᠠ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠡᠮᠴᠢᠯᠡᠭᠡᠨ ᠤ ᠠᠷᠭ᠎ᠠ | ᠵᠠᠮ ᠵᠡᠷᠭᠡ ᠬᠠᠮᠢᠶᠠᠷᠤᠯᠲᠠ ᠶᠢᠨ ᠠᠷᠭ᠎ᠠ ᠪᠠᠷᠢᠯ ᠢ ᠠᠰᠢᠭᠯᠠᠵᠤ᠂ ᠡᠮᠨᠡᠯᠭᠡ ᠶᠢᠨ ᠠᠵᠢᠯᠲᠠᠨ ᠤ ᠡᠮ ᠬᠡᠷᠡᠭᠯᠡᠬᠦ᠂ | ᠪᠠᠶᠢᠴᠠᠭᠠᠯᠲᠠ ᠬᠢᠬᠦ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠳᠤ ᠡᠮᠴᠢᠯᠡᠭᠡᠨ ᠤ | ᠳᠠᠭᠠᠳᠬᠠᠯ ᠤᠨ ᠬᠢᠨ ᠤ ᠬᠢᠨᠠᠯᠲᠠ ᠲᠠᠯᠪᠢᠬᠤ ᠶᠢ ᠠᠯᠬᠤᠮ ᠠᠯᠬᠤᠮ ᠢᠶᠠᠷ ᠪᠦᠷᠢᠨᠰᠢᠭᠦᠯᠬᠦ ᠬᠡᠷᠡᠭᠲᠡᠢ᠃ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠭᠠᠷᠴᠠᠭ ᠠᠴᠠ ᠪᠤᠰᠤᠳ ᠡᠮ ᠤᠨ ᠵᠦᠢᠯᠡᠰ ᠪᠣᠯᠣᠨ ᠣᠨᠣᠰᠢᠯᠠᠨ ᠡᠮᠨᠡᠬᠦ ᠲᠦᠷᠦᠯ | ᠵᠦᠢᠯ ᠤᠨ ᠵᠠᠷᠤᠳᠠᠯ ᠤᠨ ᠠᠳᠠᠯᠢᠳᠬᠠᠮᠵᠢ᠂ ᠡᠮ ᠤᠨ ᠡᠵᠡᠯᠡᠬᠦ ᠬᠠᠷᠢᠴᠠᠯ᠂ ᠤᠳᠠᠭ᠎ᠠ ᠪᠦᠷᠢ ᠶᠢᠨ ᠳᠤᠮᠳᠠᠴᠢ | ᠵᠠᠷᠤᠳᠠᠯ ᠤᠨ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠲᠣᠭᠲᠠᠭᠠᠵᠤ᠂ ᠳᠠᠭᠠᠳᠬᠠᠯ ᠳᠤ ᠣᠷᠣᠯᠴᠠᠭᠰᠠᠨ | ᠬᠦᠮᠦᠰ ᠤᠨ ᠳᠠᠭᠠᠭᠠᠬᠤ ᠬᠢᠷᠢ ᠬᠡᠮᠵᠢᠶ᠎ᠡ᠂ ᠡᠮᠨᠡᠯᠭᠡ ᠳᠤ ᠰᠠᠭᠤᠭᠰᠠᠨ ᠨᠤᠷᠮ᠎ᠠ᠂ ᠡᠮᠨᠡᠯᠭᠡ ᠳᠤ ᠰᠠᠭᠤᠭᠰᠠᠨ | ᠲᠡᠭᠰᠢᠳᠭᠡᠭᠰᠡᠨ ᠡᠳᠦᠷ᠂ ᠳᠠᠬᠢᠨ ᠡᠮᠨᠡᠭᠦᠯᠬᠦ ᠨᠤᠷᠮ᠎ᠠ᠂ ᠬᠦᠮᠦᠨ ᠤᠳᠠᠭ᠎ᠠ ᠶᠢᠨ ᠲᠤᠭ᠎ᠠ ᠶᠢᠨ ᠬᠠᠷᠢᠴᠠᠯ᠂ | ᠰᠢᠯᠵᠢᠭᠦᠯᠦᠨ ᠡᠮᠨᠡᠭᠦᠯᠦᠭᠰᠡᠨ ᠪᠠ ᠡᠮᠨᠡᠯᠭᠡ ᠳᠤ ᠰᠢᠯᠵᠢᠭᠦᠯᠦᠭᠰᠡᠨ ᠨᠤᠷᠮ᠎ᠠ᠂ ᠮᠡᠰᠡ ᠵᠠᠰᠠᠯ ᠪᠣᠯᠣᠨ ᠬᠤᠭᠤᠴᠠᠭ᠎ᠠ | ᠰᠤᠩᠭᠤᠨ ᠮᠡᠰᠡ ᠵᠠᠰᠠᠯ ᠬᠢᠭᠰᠡᠨ ᠨᠤᠷᠮ᠎ᠠ ᠵᠡᠷᠭᠡ ᠶᠢᠨ ᠭᠦᠢᠴᠡᠳᠭᠡᠯ ᠲᠤᠭ᠎ᠠ ᠶᠢᠨ ᠬᠢᠨᠠᠨ ᠡᠵᠡᠮᠳᠡᠬᠦ ᠶᠢ | ᠴᠢᠩᠭᠠᠳᠬᠠᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦ ᠶᠢᠨ ᠣᠷᠣᠯᠭ᠎ᠠ ᠵᠠᠷᠤᠯᠭ᠎ᠠ ᠶᠢᠨ | ᠲᠦᠰᠦᠪ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠬᠢᠨ ᠤ ᠨᠢᠭᠡᠲᠦᠯᠲᠡᠢ | ᠲᠦᠯᠦᠪᠯᠡᠬᠦ ᠣᠷᠣᠨ ᠪᠦᠰᠡ ᠶᠢᠨ ᠳᠣᠲᠤᠭᠠᠳᠤᠬᠢ ᠡᠮᠴᠢᠯᠡᠭᠡᠨ ᠤ ᠵᠠᠷᠤᠳᠠᠯ ᠤᠨ ᠨᠡᠮᠡᠭᠳᠡᠯ ᠢ ᠡᠵᠡᠮᠳᠡᠬᠦ ᠲᠣᠭᠲᠠᠴᠠ ᠶᠢ | ᠪᠠᠶᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠤᠳᠠᠭ᠎ᠠ ᠪᠦᠷᠢ ᠶᠢᠨ ᠳᠤᠮᠳᠠᠴᠢ ︵ᠡᠪᠡᠳᠴᠢᠨ ᠤ ᠵᠦᠢᠯ︶ | ᠡᠮᠴᠢᠯᠡᠭᠡᠨ ᠤ ᠵᠠᠷᠤᠳᠠᠯ ᠤᠨ ᠨᠡᠮᠡᠭᠳᠡᠯ ᠢ ᠬᠢᠵᠠᠭᠠᠷᠯᠠᠬᠤ ᠪᠠ ᠬᠤᠪᠢ ᠬᠦᠮᠦᠨ ᠤ ᠡᠭᠦᠷᠭᠡᠯᠡᠬᠦ ᠲᠣᠭᠲᠠᠭᠠᠭᠰᠠᠨ | ᠲᠤᠭ᠎ᠠ ᠶᠢᠨ ᠬᠢᠵᠠᠭᠠᠷᠯᠠᠭᠰᠠᠨ ᠪᠠᠶᠢᠳᠠᠯ ᠢ ᠵᠡᠷᠭᠡ ᠳᠡᠰ ᠲᠠᠢ ᠡᠮᠨᠡᠯᠭᠡ ᠶᠢᠨ ᠬᠤᠷᠢᠶ᠎ᠠ ᠪᠠᠷ ᠬᠢᠨᠠᠨ ᠲᠣᠭᠲᠠᠭᠠᠬᠤ | ᠰᠢᠰᠲ᠋ᠧᠮᠵᠢ ᠳᠤ ᠣᠷᠤᠭᠤᠯᠬᠤ ᠬᠡᠷᠡᠭᠲᠡᠢ᠃ ᠳᠠᠭᠠᠳᠬᠠᠯ ᠢ ᠬᠠᠭᠤᠷᠤᠨ ᠮᠡᠬᠡᠯᠡᠬᠦ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠪᠠ ᠰᠢᠳᠭᠡᠨ ᠲᠣᠷᠭᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ | ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ ᠲᠤᠰ ᠲᠤᠰ ᠲᠤᠨᠢ ᠬᠠᠷᠢᠭᠤᠴᠠᠵᠤ᠂ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠦᠪᠦᠷ ᠮᠣᠩᠭᠤᠯ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠣᠷᠣᠯᠴᠠᠨ᠎ᠠ︶ | 13. ᠣᠨᠴᠠ ᠬᠦᠨᠳᠦ ᠡᠪᠡᠳᠴᠢᠨ ᠡᠮᠭᠡᠭ ᠤᠨ ᠡᠮᠴᠢᠯᠡᠭᠡᠨ ᠢ ᠪᠠᠲᠤᠯᠠᠬᠤ ᠲᠣᠭᠲᠠᠴᠠ ᠶᠢ ᠪᠠᠶᠢᠭᠤᠯᠬᠤ | ᠬᠡᠷᠡᠭᠲᠡᠢ᠃ 2015 ᠣᠨ ᠳᠤ ᠪᠣᠢ ᠪᠦᠬᠦᠢ ᠬᠤᠰᠢᠭᠤ ᠰᠢᠶᠠᠨ ︵ᠬᠤᠲᠠ︶ ᠨᠢ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠣᠯᠣᠨ ᠡᠪᠡᠳᠴᠢᠨ ᠡᠮᠭᠡᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠨᠴᠠ ᠬᠦᠨᠳᠦ ᠡᠪᠡᠳᠴᠢᠨ | ᠡᠮᠭᠡᠭ ᠢ ᠡᠮᠴᠢᠯᠡᠵᠦ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠂ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠣᠨᠴᠠ ᠬᠦᠨᠳᠦ ᠡᠪᠡᠳᠴᠢᠨ ᠡᠮᠭᠡᠭ ᠢ ᠡᠮᠴᠢᠯᠡᠨ ᠪᠠᠲᠤᠯᠠᠬᠤ ᠳᠦᠷᠢᠮ ᠢ ᠲᠠᠰᠤᠷᠠᠯᠲᠠ ᠦᠭᠡᠢ | ᠪᠦᠷᠢᠨᠰᠢᠭᠦᠯᠬᠦ ᠬᠡᠷᠡᠭᠲᠡᠢ᠃ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠳᠦᠷᠢᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ | ᠦᠨᠳᠦᠰᠦᠨ ᠡᠮᠴᠢᠯᠡᠭᠡᠨ ᠤ ᠳᠠᠭᠠᠳᠬᠠᠯ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ | ᠳᠠᠭᠠᠳᠬᠠᠯ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠡᠮᠴᠢᠯᠡᠵᠦ ᠠᠪᠤᠷᠠᠨ | ᠲᠤᠰᠠᠯᠠᠬᠤ ᠪᠠ ᠬᠤᠳᠠᠯᠳᠤᠭᠠᠨ ᠤ ᠶᠠᠪᠤᠳᠠᠯ ᠤᠨ ᠳᠠᠭᠠᠳᠬᠠᠯ ᠵᠡᠷᠭᠡ ᠣᠯᠠᠨ ᠵᠦᠢᠯ ᠤᠨ ᠪᠠᠲᠤᠯᠠᠬᠤ ᠳᠦᠷᠢᠮ ᠤᠨ | ᠵᠤᠯᠭᠠᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠤᠯᠠᠮ | ᠨᠢᠭᠡ ᠠᠯᠬᠤᠮ ᠭᠦᠩᠭᠡᠷᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠠᠷᠠᠳ ᠤᠨ ᠶᠠᠪᠤᠳᠠᠯ ᠤᠨ ᠲᠢᠩᠬᠢᠮ ᠠᠴᠠ ᠲᠤᠰ ᠲᠤᠰ ᠲᠤᠨᠢ ᠬᠠᠷᠢᠭᠤᠴᠠᠵᠤ᠂ ᠦᠪᠡᠷᠲᠡᠭᠡᠨ ᠵᠠᠰᠬᠠᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠦᠪᠦᠷ ᠮᠣᠩᠭᠤᠯ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠣᠷᠤᠯᠴᠠᠨ᠎ᠠ︶ | ︵ᠲᠠᠪᠤ︶ ᠠᠵᠢᠯ ᠲᠦᠷᠦᠯ ᠤᠨ ᠣᠨᠴᠠᠯᠢᠭ ᠲᠤ ᠲᠣᠬᠢᠷᠠᠭᠰᠠᠨ ᠴᠠᠯᠢᠩ ᠤᠨ ᠳᠦᠷᠢᠮ ᠢ ᠪᠠᠶᠢᠭᠤᠯᠤᠨ᠎ᠠ᠃ | 14. ᠣᠷᠣᠨ ᠲᠤᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠨᠢ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠠᠵᠢᠯᠲᠠᠨ ᠢ ᠲᠣᠬᠢᠷᠠᠭᠤᠯᠬᠤ ᠪᠠᠷᠢᠮᠵᠢᠶ᠎ᠠ ᠶᠢ ᠲᠣᠭᠲᠠᠭᠠᠵᠤ᠂ ᠠᠵᠢᠯᠲᠠᠨ ᠤ ᠣᠷᠣᠨ ᠲᠤᠭ᠎ᠠ ᠶᠢᠨ ᠶᠡᠷᠦᠩᠬᠡᠢ | ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ᠂ ᠬᠦᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠬᠦ | ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠦᠪᠡᠭᠴᠢᠯᠡᠨ ᠰᠢᠨ᠎ᠡ ᠶᠢ ᠡᠭᠦᠳᠴᠦ᠂ ᠣᠷᠣᠨ ᠲᠤᠭ᠎ᠠ ᠶᠢ | ᠪᠦᠷᠢᠳᠭᠡᠨ ᠳᠠᠩᠰᠠᠯᠠᠬᠤ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠣᠷᠣᠨ ᠲᠤᠭ᠎ᠠ ᠶᠢᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠣᠷᠣᠨ ᠲᠤᠭ᠎ᠠ ᠳᠣᠲᠤᠷ᠎ᠠ ᠲᠤᠰᠬᠠᠢ ᠮᠡᠷᠭᠡᠵᠢᠯ ᠤᠨ | ᠠᠵᠢᠯᠲᠠᠨ ᠤ ᠡᠵᠡᠯᠡᠬᠦ ᠬᠠᠷᠢᠴᠠᠯ ᠢ 80% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠠᠵᠢᠯ ᠤᠨ ᠪᠠᠶᠢᠷᠢ ᠳᠤ | ᠤᠷᠢᠨ ᠬᠡᠷᠡᠭᠯᠡᠬᠦ᠂ ᠣᠷᠣᠯᠭ᠎ᠠ ᠬᠤᠪᠢᠶᠠᠷᠢᠯᠠᠬᠤ᠂ ᠮᠡᠷᠭᠡᠵᠢᠯ ᠤᠨ ᠴᠣᠯᠠ ᠰᠢᠯᠭᠠᠨ ᠲᠣᠭᠲᠠᠭᠠᠬᠤ᠂ ᠬᠠᠮᠢᠶᠠᠷᠤᠨ | ᠬᠡᠷᠡᠭᠯᠡᠬᠦ ᠵᠡᠷᠭᠡ ᠲᠠᠯ᠎ᠠ ᠪᠠᠷ ᠣᠷᠣᠨ ᠲᠤᠭ᠎ᠠ ᠠᠴᠠ ᠭᠠᠳᠠᠨᠠᠬᠢ ᠠᠵᠢᠯᠲᠠᠨ ᠢ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ | ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠤᠰᠤᠭᠠᠷ ᠵᠣᠬᠢᠬᠤ ᠳᠠᠭᠠᠳᠬᠠᠯ ᠤᠨ ᠳᠦᠷᠢᠮ ᠤᠨ | ᠬᠡᠪᠴᠢᠶᠡᠨ ᠳᠤ ᠣᠷᠤᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠭᠡᠷ᠂ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 15. ᠠᠵᠢᠯᠲᠠᠨ ᠤ ᠶᠠᠪᠤᠳᠠᠯ ᠤᠨ ᠳᠦᠷᠢᠮ ᠳᠤ ᠦᠭᠡᠷᠡᠴᠢᠯᠡᠯᠲᠡ ᠬᠢᠬᠦ ᠬᠡᠷᠡᠭᠲᠡᠢ᠃ ᠤᠷᠢᠨ ᠬᠡᠷᠡᠭᠯᠡᠬᠦ | ᠳᠦᠷᠢᠮ᠂ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠳᠦᠷᠢᠮ ᠪᠣᠯᠣᠨ ᠢᠯᠡ ᠪᠠᠷ ᠤᠷᠢᠬᠤ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠡᠷᠡᠭᠴᠡᠭᠡ ᠪᠠᠷ ᠠᠵᠢᠯ ᠤᠨ ᠪᠠᠶᠢᠷᠢ ᠲᠣᠬᠢᠷᠠᠭᠤᠯᠬᠤ᠂ ᠦᠷᠢᠰᠦᠯᠳᠦᠨ ᠢᠶᠠᠷ | ᠠᠵᠢᠯ ᠤᠨ ᠪᠠᠶᠢᠷᠢ ᠳᠤ ᠭᠠᠷᠬᠤ᠂ ᠠᠵᠢᠯ ᠤᠨ ᠪᠠᠶᠢᠷᠢ ᠪᠠᠷ ᠤᠷᠢᠨ ᠬᠡᠷᠡᠭᠯᠡᠬᠦ᠂ ᠭᠡᠷ᠎ᠡ ᠪᠠᠷ ᠬᠠᠮᠢᠶᠠᠷᠬᠤ ᠶᠢ | ᠪᠠᠷᠢᠮᠲᠠᠯᠠᠵᠤ᠂ ᠪᠡᠶ᠎ᠡ ᠶᠢᠨ ᠭᠠᠷᠤᠯ ᠤᠨ ᠬᠠᠮᠢᠶᠠᠷᠤᠯᠲᠠ ᠶᠢ ᠠᠵᠢᠯ ᠤᠨ ᠪᠠᠶᠢᠷᠢ ᠶᠢᠨ ᠬᠠᠮᠢᠶᠠᠷᠤᠯᠲᠠ ᠪᠣᠯᠭᠠᠨ | ᠬᠤᠪᠢᠷᠠᠭᠤᠯᠬᠤ ᠬᠡᠷᠡᠭᠲᠡᠢ᠃ ᠪᠤᠲᠠᠲᠠᠢ ᠲᠠᠢ ᠪᠠᠨ ᠤᠶᠠᠯᠳᠤᠭᠤᠯᠤᠨ ᠦᠯᠦ ᠤᠷᠢᠨ ᠬᠡᠷᠡᠭᠯᠡᠭᠰᠡᠨ ᠬᠦᠮᠦᠰ ᠢ ᠲᠣᠬᠢᠲᠠᠢ | ᠲᠣᠬᠢᠷᠠᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠵᠢᠩᠭᠢᠨᠢ ᠠᠩᠭᠢ ᠠᠴᠠ ᠳᠡᠭᠡᠭᠰᠢᠬᠢ ᠰᠣᠷᠤᠯᠴᠠᠭᠰᠠᠨ ᠨᠠᠮᠲᠠᠷ ︵ᠵᠢᠩᠭᠢᠨᠢ ᠠᠩᠭᠢ ᠶᠢ ᠪᠠᠭᠲᠠᠭᠠᠨ᠎ᠠ︶ | ᠲᠠᠢ ᠬᠦᠮᠦᠰ ᠢ ᠤᠷᠢᠨ ᠬᠡᠷᠡᠭᠯᠡᠬᠦ ᠰᠠᠭᠠᠳ ᠦᠭᠡᠢ ᠵᠠᠮ ᠢ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ | ᠡᠮᠴᠢᠯᠡᠭᠡ᠂ ᠡᠮᠴᠢᠯᠡᠭᠡᠨ ᠤ ᠮᠡᠷᠭᠡᠵᠢᠯ ᠤᠨ ᠲᠤᠰᠬᠠᠢ ᠮᠡᠷᠭᠡᠵᠢᠯ ᠤᠨ ᠠᠵᠢᠯᠲᠠᠨ ᠢ ᠪᠣᠯ ᠬᠦᠮᠦᠨ ᠬᠡᠷᠡᠭᠯᠡᠬᠦ | ᠨᠢᠭᠡᠴᠡ ᠠᠴᠠ ᠭᠤᠶᠤᠴᠢᠯᠠᠯ ᠭᠠᠷᠭᠠᠵᠤ᠂ ᠲᠣᠭᠲᠠᠭᠠᠯ ᠶᠤᠰᠣᠭᠠᠷ ᠡᠮᠨᠡᠯᠭᠡ ᠶᠢᠨ ᠬᠤᠷᠢᠶ᠎ᠠ ᠠᠴᠠ ᠰᠢᠯᠭᠠᠨ | ᠪᠠᠶᠢᠴᠠᠭᠠᠬᠤ ᠠᠷᠭ᠎ᠠ ᠮᠠᠶ᠋ᠢᠭ ᠠᠪᠴᠤ ᠪᠠᠶᠢᠭᠠᠳ ᠤᠷᠢᠨ ᠬᠡᠷᠡᠭᠯᠡᠬᠦ ᠶᠢᠨ ᠬᠠᠮᠲᠤ᠂ ᠦᠷ᠎ᠡ ᠳ᠋ᠦᠩ ᠢ ᠨᠢ ᠢᠯᠡ | ᠪᠣᠯᠭᠠᠬᠤ ᠬᠡᠷᠡᠭᠲᠡᠢ᠃ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠳᠠᠭᠠᠨ ᠡᠯ᠎ᠡ | ᠭᠠᠵᠠᠷ ᠣᠷᠣᠨ ᠨᠤᠭᠤᠳ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠠᠭᠤᠵᠢᠭᠤ ᠲᠠᠯᠪᠢᠬᠤ ᠬᠡᠷᠡᠭᠲᠡᠢ᠃ | ᠠᠵᠢᠯ ᠤᠨ ᠪᠠᠶᠢᠷᠢ ᠳᠤ ᠪᠠᠶᠢᠭ᠎ᠠ ᠶᠡᠷᠦᠩᠬᠡᠢ ᠲᠤᠭ᠎ᠠ ᠶᠢ ᠡᠵᠡᠮᠳᠡᠭᠰᠡᠨ ᠪᠠᠶᠢᠳᠠᠯ ᠳᠣᠣᠷ᠎ᠠ᠂ ᠣᠷᠣᠨ ᠲᠤᠭ᠎ᠠ ᠶᠢᠨ | ᠬᠠᠮᠢᠶᠠᠷᠤᠯᠲᠠ ᠳᠤ ᠣᠷᠣᠭᠤᠯᠬᠤ ᠦᠭᠡᠢ ᠡᠩ ᠤᠨ ᠡᠮᠴᠢᠯᠡᠭᠡ᠂ ᠡᠮᠨᠡᠯᠭᠡ ᠶᠢᠨ ᠮᠡᠷᠭᠡᠵᠢᠯ ᠤᠨ ᠠᠵᠢᠯᠲᠠᠨ ᠪᠣᠯᠣᠨ | ᠰᠤᠪᠢᠯᠠᠭᠴᠢ ᠶᠢ ᠡᠮᠨᠡᠯᠭᠡ ᠶᠢᠨ ᠬᠤᠷᠢᠶ᠎ᠠ ᠠᠴᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠤᠰᠤᠭᠠᠷ ᠪᠡᠶ᠎ᠡ ᠪᠠᠨ | ᠳᠠᠭᠠᠭᠠᠵᠤ ᠤᠷᠢᠨ ᠬᠡᠷᠡᠭᠯᠡᠬᠦ ᠶᠢ ᠬᠡᠷᠡᠭᠵᠢᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠣᠷᠣᠨ ᠲᠤᠭ᠎ᠠ ᠶᠢᠨ ᠠᠯᠪᠠᠨ ᠭᠡᠷ ᠠᠴᠠ ᠬᠠᠷᠢᠭᠤᠴᠠᠨ᠎ᠠ︶ | 16. ᠡᠮᠨᠡᠯᠭᠡ ᠶᠢᠨ ᠠᠵᠢᠯᠲᠠᠨ ᠤ ᠴᠠᠯᠢᠩ ᠤᠨ ᠬᠢᠷᠢ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠵᠦᠢ | ᠵᠣᠬᠢᠰᠲᠠᠢ ᠬᠢᠨᠠᠨ ᠲᠣᠭᠲᠠᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠠᠵᠤ ᠠᠬᠤᠢ ᠶᠢᠨ ᠬᠥᠭᠵᠢᠯᠲᠡ᠂ | ᠡᠳ᠋ ᠤᠨ ᠬᠦᠴᠦᠨ ᠤ ᠪᠠᠶᠢᠳᠠᠯ᠂ ᠪᠠᠷᠠᠭᠠᠨ ᠤ ᠦᠨ᠎ᠡ ᠶᠢᠨ ᠬᠡᠷᠡᠭᠯᠡᠭᠡ ᠶᠢᠨ ᠬᠢᠷᠢ ᠬᠡᠮᠵᠢᠶ᠎ᠡ᠂ ᠬᠤᠲᠠ ᠪᠠᠯᠭᠠᠰᠤ ᠶᠢᠨ | ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠳ ᠤᠨ ᠣᠨ ᠤ ᠳᠤᠮᠳᠠᠴᠢ ᠴᠠᠯᠢᠩ ᠤᠨ ᠬᠢᠷᠢ | ᠬᠡᠮᠵᠢᠶ᠎ᠡ ᠪᠣᠯᠣᠨ ᠠᠵᠢᠯ ᠦᠢᠯᠡᠰ ᠤᠨ ᠨᠢᠭᠡᠴᠡ ᠶᠢ ᠵᠢᠷᠤᠮᠵᠢᠭᠤᠯᠤᠭᠰᠠᠨ ᠤ ᠳᠠᠷᠠᠭᠠᠬᠢ ᠡᠮᠨᠡᠯᠭᠡ ᠶᠢᠨ ᠨᠦᠬᠦᠪᠦᠷᠢ ᠶᠢᠨ | ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠤᠳᠤᠯᠬᠢᠯᠠᠵᠤ᠂ ᠲᠤᠰ ᠭᠠᠵᠠᠷ ᠣᠷᠣᠨ ᠤ | ᠪᠤᠲᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠢᠷᠢ ᠬᠡᠮᠵᠢᠶ᠎ᠡ ᠶᠢ ᠵᠦᠢ | ᠵᠣᠬᠢᠰᠲᠠᠢ ᠲᠣᠭᠲᠠᠭᠠᠵᠤ᠂ ᠬᠦᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠢ ᠲᠡᠭᠦᠯᠳᠡᠷᠵᠢᠭᠦᠯᠵᠦ᠂ ᠡᠮᠨᠡᠯᠭᠡ ᠶᠢᠨ ᠬᠤᠷᠢᠶ᠎ᠠ ᠨᠢ ᠠᠵᠢᠯ ᠤᠨ | ᠠᠮᠵᠢᠯᠲᠠ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠰᠢᠯᠭᠠᠨ ᠬᠢᠨᠠᠬᠤ ᠪᠠᠷ ᠳᠠᠮᠵᠢᠵᠤ ᠦᠪᠡᠷ ᠢᠶᠠᠨ ᠡᠵᠡᠨ ᠮᠡᠳᠡᠵᠦ | ᠣᠷᠣᠯᠭ᠎ᠠ ᠪᠠᠨ ᠬᠤᠪᠢᠶᠠᠷᠢᠯᠠᠨ᠂ ᠢᠯᠡᠭᠦᠦ ᠠᠵᠢᠯᠯᠠᠪᠠᠯ ᠢᠯᠡᠭᠦᠦ ᠴᠠᠯᠢᠩ ᠣᠯᠵᠣ᠂ ᠰᠢᠯᠢᠳᠡᠭ ᠠᠮᠵᠢᠯᠳᠠ | ᠪᠦᠲᠦᠮᠵᠢ ᠲᠠᠢ ᠨᠢ ᠰᠠᠶᠢᠨ ᠬᠠᠷᠠᠮᠵᠢ ᠣᠯᠬᠤ ᠶᠢ ᠭᠦᠢᠴᠡᠳᠭᠡᠵᠦ᠂ ᠭᠤᠣᠯᠳᠠᠯᠭ᠎ᠠ ᠪᠠᠨ ᠡᠮᠴᠢᠯᠡᠭᠡᠨ ᠪᠠ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠨᠢᠭᠡᠳᠦᠭᠡᠷ ᠹᠷᠤᠨᠲ᠂ ᠲᠤᠬᠠᠶᠢᠯᠠᠭᠰᠠᠨ ᠠᠵᠢᠯ ᠤᠨ ᠭᠤᠣᠯᠯᠠᠭᠴᠢ᠂ | ᠵᠠᠩᠬᠢᠯᠠᠭ᠎ᠠ ᠶᠢᠨ ᠠᠵᠢᠯ ᠤᠨ ᠪᠠᠶᠢᠷᠢ ᠪᠣᠯᠣᠨ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠢᠯᠲᠠᠨ ᠲᠡᠰᠢ | ᠬᠡᠯᠪᠠᠶᠢᠯᠭᠡᠵᠦ᠂ ᠣᠷᠣᠯᠭ᠎ᠠ ᠶᠢᠨ ᠵᠦᠷᠢᠶ᠎ᠡ ᠶᠢ ᠵᠦᠢ ᠵᠣᠬᠢᠰᠲᠠᠢ ᠥᠷᠭᠡᠳᠭᠡᠨ᠂ ᠠᠵᠢᠯᠲᠠᠨ ᠤ ᠲᠣᠬᠠᠶᠢᠯᠠᠭᠰᠠᠨ | ᠠᠵᠢᠯ ᠤᠨ ᠵᠠᠷᠤᠯᠭ᠎ᠠ ᠳᠠᠬᠢ ᠵᠠᠷᠤᠳᠠᠯ ᠵᠠᠷᠤᠯᠭ᠎ᠠ ᠶᠢᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ | ᠬᠡᠷᠡᠭᠲᠡᠢ᠃ ︽ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠣᠨ ᠤ ᠴᠠᠯᠢᠩ ᠤᠨ ᠳᠦᠷᠢᠮ︾᠂ ︽ᠡᠮᠨᠡᠯᠭᠡ ᠶᠢᠨ | ᠠᠵᠢᠯᠲᠠᠨ ᠤ ᠣᠨ ᠤ ᠴᠠᠯᠢᠩ ᠤᠨ ᠳᠦᠷᠢᠮ︾᠂ ︽ᠲᠤᠰᠬᠠᠢ ᠮᠡᠷᠭᠡᠵᠢᠯᠲᠡᠨ ᠤ ᠣᠨ ᠤ ᠴᠠᠯᠢᠩ ᠤᠨ ᠳᠦᠷᠢᠮ︾ | ᠪᠣᠯᠣᠨ ᠰᠢᠯᠢᠳᠡᠭ ᠴᠢᠳᠠᠪᠤᠷᠢᠲᠠᠨ ᠢ ᠬᠦᠬᠢᠭᠦᠯᠦᠨ ᠱᠠᠩᠨᠠᠬᠤ ᠵᠡᠷᠭᠡ ᠳᠦᠷᠢᠮ ᠢ ᠰᠦᠪᠡᠭᠴᠢᠯᠡᠨ ᠬᠡᠷᠡᠭᠵᠢᠭᠦᠯᠬᠦ | ᠬᠡᠷᠡᠭᠲᠡᠢ᠃ ᠡᠮᠨᠡᠯᠭᠡ ᠶᠢᠨ ᠠᠵᠢᠯᠲᠠᠨ ᠳᠤ ᠣᠷᠣᠯᠭ᠎ᠠ ᠡᠭᠦᠳᠬᠦ ᠭᠦᠢᠴᠡᠳᠭᠡᠯ ᠲᠤᠭ᠎ᠠ ᠲᠣᠬᠢᠷᠠᠭᠤᠯᠬᠤ ᠶᠢ ᠡᠷᠡᠰ | ᠴᠠᠭᠠᠵᠠᠯᠠᠵᠤ᠂ ᠡᠮᠨᠡᠯᠭᠡ ᠶᠢᠨ ᠠᠵᠢᠯᠲᠠᠨ ᠤ ᠣᠷᠣᠯᠭ᠎ᠠ ᠶᠢ ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯᠡᠰ᠂ | ᠪᠠᠶᠢᠴᠠᠭᠠᠯᠲᠠ᠂ ᠵᠠᠰᠠᠯᠲᠠ ᠵᠡᠷᠭᠡ ᠶᠢᠨ ᠣᠷᠤᠯᠭ᠎ᠠ ᠯᠤᠭ᠎ᠠ ᠬᠤᠯᠪᠣᠭᠳᠠᠭᠤᠯᠬᠤ ᠶᠢ ᠡᠷᠡᠰ ᠴᠠᠭᠠᠵᠠᠯᠠᠬᠤ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠬᠠᠷᠢᠭᠤᠴᠠᠨ᠎ᠠ︶ | | 17. ᠡᠮᠨᠡᠯᠭᠡ ᠶᠢᠨ ᠠᠵᠢᠯᠲᠠᠨ ᠤ ᠦᠨᠡᠯᠡᠯᠲᠡ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠳᠤᠲᠤᠭᠠᠲᠤ ᠶᠢᠨ ᠰᠢᠯᠭᠠᠨ ᠬᠢᠨᠠᠬᠤ | ᠠᠵᠢᠯ ᠢ ᠬᠠᠷᠢᠭᠤᠴᠠᠵᠤ᠂ ᠠᠵᠢᠯ ᠤᠨ ᠠᠮᠵᠢᠯᠲᠠ ᠪᠦᠲᠦᠮᠵᠢ ᠶᠢ ᠭᠤᠣᠯᠳᠠᠯᠭ᠎ᠠ ᠲᠠᠢ ᠰᠢᠯᠭᠠᠨ ᠬᠢᠨᠠᠵᠤ᠂ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ᠂ ᠠᠵᠢᠯ ᠤᠨ ᠬᠡᠮᠵᠢᠶ᠎ᠠ᠂ ᠦᠢᠯᠡᠴᠢᠯᠡᠭᠡᠨ ᠤ ᠶᠠᠰᠤ | ᠴᠢᠨᠠᠷ᠂ ᠠᠵᠢᠯᠯᠠᠭᠠᠨ ᠤ ᠵᠢᠷᠤᠮᠵᠢᠯ᠂ ᠮᠡᠷᠭᠡᠵᠢᠯ ᠤᠨ ᠴᠢᠳᠠᠪᠤᠷᠢ᠂ ᠦᠪᠡᠷ ᠤᠨ ᠥᠷᠲᠡᠭ ᠢ ᠬᠢᠵᠠᠭᠠᠷᠯᠠᠭᠰᠠᠨ᠂ | ᠡᠮᠴᠢ ᠶᠢᠨ ᠮᠤᠷᠠᠯ ᠰᠤᠷᠲᠠᠯ ᠪᠣᠯᠣᠨ ᠡᠪᠡᠳᠴᠢᠲᠠᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠵᠡᠷᠭᠡ ᠪᠠᠶᠢᠳᠠᠯ ᠢ | ᠳᠤᠪᠤᠶᠢᠯᠭᠠᠨ᠂ ᠰᠢᠯᠭᠠᠨ ᠬᠢᠨᠠᠭᠰᠠᠨ ᠥᠷ᠎ᠡ ᠳ᠋ᠦᠩ ᠢ ᠡᠮᠨᠡᠯᠭᠡ ᠶᠢᠨ ᠠᠵᠢᠯᠲᠠᠳ ᠤᠨ ᠠᠵᠢᠯ ᠤᠨ ᠪᠠᠶᠢᠷᠢ ᠳᠤ ᠤᠷᠢᠨ | ᠬᠡᠷᠡᠭᠯᠡᠬᠦ᠂ ᠮᠡᠷᠭᠡᠵᠢᠯ ᠤᠨ ᠴᠣᠯᠠ ᠶᠢ ᠨᠢ ᠳᠡᠭᠡᠭᠰᠢᠯᠡᠭᠦᠯᠬᠦ᠂ ᠬᠤᠪᠢ ᠬᠦᠮᠦᠨ ᠤ ᠴᠠᠯᠢᠩ ᠯᠤᠭ᠎ᠠ ᠬᠤᠯᠪᠤᠭᠳᠠᠭᠤᠯᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠦᠨᠡᠯᠡᠯᠲᠡ ᠶᠢᠨ | ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠮᠡᠷᠭᠡᠵᠢᠯ ᠴᠢᠳᠠᠪᠤᠷᠢ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠰᠢᠯᠭᠠᠨ | ᠬᠢᠨᠠᠬᠤ ᠶᠢ ᠳᠤᠪᠤᠶᠢᠯᠭᠠᠨ᠂ ᠤᠯᠤᠰ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠡᠮᠴᠢ ᠶᠢᠨ ᠮᠤᠷᠠᠯ | ᠰᠤᠷᠲᠠᠯ᠂ ᠴᠢᠳᠠᠪᠤᠷᠢ ᠠᠮᠵᠢᠯᠲᠠ ᠪᠦᠲᠦᠮᠵᠢ ᠪᠠᠷ ᠭᠤᠣᠯᠳᠠᠯᠭ᠎ᠠ ᠪᠣᠯᠭᠠᠭᠰᠠᠨ ᠴᠢᠳᠠᠪᠤᠷᠢᠲᠠᠨ ᠤ ᠦᠨᠡᠯᠡᠯᠲᠡ ᠶᠢᠨ | ᠰᠢᠰᠲ᠋ᠧᠮᠵᠢ ᠶᠢ ᠢᠳᠡᠪᠬᠢᠲᠡᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠡᠮᠨᠡᠯᠭᠡ ᠶᠢᠨ ᠠᠵᠢᠯᠲᠠᠳ ᠤᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠪᠣᠯᠣᠨ ᠰᠢᠯᠭᠠᠨ ᠬᠢᠨᠠᠬᠤ ᠳᠠᠩᠰᠠ ᠡᠪᠬᠡᠮᠡᠯ ᠢ ᠪᠠᠶᠢᠭᠤᠯᠤᠨ | ᠪᠦᠷᠢᠨᠰᠢᠭᠦᠯᠵᠦ᠂ ᠡᠮᠨᠡᠯᠭᠡ ᠶᠢᠨ ᠠᠵᠢᠯᠲᠠᠳ ᠤᠨ ᠦᠨᠳᠦᠰᠦᠨ ᠮᠡᠳᠡᠭᠡ ᠵᠠᠩᠭᠢ᠂ ᠣᠨ ᠤ ᠰᠢᠯᠭᠠᠨ ᠬᠢᠨᠠᠭᠰᠠᠨ ᠦᠷ᠎ᠡ | ᠳ᠋ᠦᠩ ᠵᠢᠴᠢ ᠲᠣᠭᠲᠠᠭᠠᠯ ᠠᠴᠠ ᠵᠦᠷᠢᠴᠡᠭᠰᠡᠨ ᠪᠠᠶᠢᠳᠠᠯ ᠵᠡᠷᠭᠡ ᠶᠢ ᠲᠡᠮᠲᠡᠭᠯᠡᠨ᠂ ᠶᠡᠭᠡ ᠡᠮᠴᠢ ᠶᠢᠨ ᠡᠮᠴᠢᠯᠡᠭᠡᠨ ᠤ | ᠦᠢᠯᠡᠴᠢᠯᠡᠭᠡ ᠶᠢᠨ ᠮᠠᠭᠤ ᠠᠵᠢᠯᠯᠠᠭ᠎ᠠ ᠶᠢ ᠲᠡᠮᠲᠡᠭᠯᠡᠬᠦ ᠲᠡᠮᠲᠡᠭᠯᠡᠯ ᠤᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠡᠮᠴᠢ ᠶᠢᠨ ᠮᠤᠷᠠᠯ ᠰᠤᠷᠲᠠᠯ ᠤᠨ ᠪᠠᠶᠢᠭᠤᠯᠤᠯᠲᠠ ᠪᠣᠯᠣᠨ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠢ | ᠴᠢᠩᠭᠠᠳᠬᠠᠵᠤ᠂ ᠡᠮᠨᠡᠯᠭᠡ ᠶᠢᠨ ᠠᠵᠢᠯᠲᠠᠳ ᠤᠨ ᠬᠦᠮᠦᠨ ᠨᠡᠶᠢᠭᠡᠮ ᠤᠨ ᠬᠡᠪ ᠴᠢᠨᠠᠷ ᠤᠨ ᠪᠣᠯᠪᠠᠰᠤᠷᠠᠭᠤᠯᠤᠯ ᠪᠣᠯᠣᠨ | ᠠᠵᠢᠯ ᠮᠡᠷᠭᠡᠵᠢᠯ ᠤᠨ ᠬᠡᠪ ᠪᠣᠯᠪᠠᠰᠤᠷᠠᠯ ᠤᠨ ᠬᠦᠮᠦᠵᠢᠯ ᠢ ᠴᠢᠬᠤᠯᠠᠴᠢᠯᠠᠨ᠂ ᠦᠬᠦᠯ ᠪᠠ ᠰᠢᠷᠠᠭᠲᠤᠯ ᠠᠴᠠ ᠠᠪᠤᠷᠠᠬᠤ | ᠬᠦᠮᠦᠡᠯᠢᠭ ᠦᠵᠡᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠬᠡᠷᠡᠭᠲᠡᠢ᠃ ᠠᠵᠢᠯ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ᠂ ᠡᠮᠨᠡᠯᠭᠡ ᠶᠢᠨ ᠠᠵᠢᠯᠲᠠᠳ ᠤᠨ ᠬᠦᠳᠡᠯᠮᠦᠷᠢ ᠶᠢ ᠬᠦᠨᠳᠦᠳᠭᠡᠨ᠂ ᠡᠮᠨᠡᠯᠭᠡ ᠶᠢᠨ | ᠠᠵᠢᠯᠲᠠᠳ ᠤᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ︵ᠦᠪᠡᠷᠳᠡᠬᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | ︵ᠵᠢᠷᠭᠤᠭ᠎ᠠ︶ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠤᠨ᠎ᠠ᠃ | 18. ᠬᠤᠰᠢᠭᠤ ᠰᠢᠶᠠᠨ ᠤ ᠬᠡᠪᠴᠢᠶᠡᠨ ᠳᠤᠲᠤᠷᠠᠬᠢ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠤᠷᠬᠠᠶᠢᠯᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠤ ᠬᠢᠨ ᠬᠤᠰᠢᠭᠤ ᠰᠢᠶᠠᠨ ᠤ ᠬᠡᠪᠴᠢᠶᠡᠨ | ᠳᠤᠲᠤᠷᠠᠬᠢ ᠰᠠᠭᠤᠭᠠᠯᠢ ᠠᠷᠠᠳ ᠲᠤ ᠦᠨᠳᠦᠰᠦᠨ ᠡᠮᠴᠢᠯᠡᠭᠡ ᠡᠷᠡᠭᠦᠯ ᠬᠠᠮᠭᠠᠯᠠᠯ ᠤᠨ ᠦᠢᠯᠡᠴᠢᠯᠡᠭᠡ ᠶᠢ ᠬᠠᠩᠭᠠᠬᠤ | ᠴᠢᠬᠤᠯᠠ ᠠᠴᠢᠶᠠᠯᠠᠪᠤᠷᠢ ᠪᠣᠯᠣᠨ᠎ᠠ᠂ ᠭᠤᠣᠯᠳᠠᠭᠤ ᠬᠤᠰᠢᠭᠤ ᠰᠢᠶᠠᠨ ᠤ ᠬᠡᠪᠴᠢᠶᠡᠨ ᠳᠤᠲᠤᠷᠠᠬᠢ ᠰᠠᠭᠤᠭᠠᠯᠢ | ᠠᠷᠠᠳ ᠤᠨ ᠪᠠᠶᠢᠩᠭᠤ ᠳᠣᠬᠢᠶᠠᠯᠳᠣᠬᠤ ᠡᠪᠡᠳᠴᠢᠨ᠂ ᠣᠯᠠᠨ ᠡᠭᠦᠰᠬᠦ ᠡᠪᠡᠳᠴᠢᠨ ᠢ ᠣᠨᠣᠰᠢᠯᠠᠨ ᠡᠮᠨᠡᠬᠦ᠂ ᠪᠠᠴᠢᠮ | ᠠᠶᠤᠯᠲᠠᠢ ᠬᠦᠨᠳᠦ ᠡᠪᠡᠳᠴᠢᠨ ᠳᠤ ᠪᠠᠴᠢᠮ ᠠᠪᠤᠷᠠᠯᠲᠠ ᠬᠢᠬᠦ ᠪᠠ ᠬᠦᠴᠢᠷ ᠲᠦᠪᠡᠭᠲᠡᠢ ᠡᠪᠡᠳᠴᠢᠨ ᠢ ᠰᠢᠯᠵᠢᠭᠦᠯᠦᠨ | ᠡᠮᠨᠡᠭᠦᠯᠬᠦ ᠶᠢ ᠡᠭᠦᠷᠭᠡᠯᠡᠬᠦ ᠶᠢᠨ ᠬᠠᠮᠲᠤ᠂ ᠵᠣᠬᠢᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ | ᠡᠭᠦᠷᠭᠡ ᠴᠢᠳᠠᠮᠵᠢ ᠵᠢᠴᠢ ᠭᠡᠨᠡᠳᠲᠡ ᠶᠢᠨ ᠬᠡᠷᠡᠭ ᠤᠨ ᠪᠠᠴᠢᠮ ᠡᠮᠴᠢᠯᠡᠭᠡ ᠠᠪᠤᠷᠠᠯᠲᠠ ᠵᠡᠷᠭᠡ ᠠᠵᠢᠯ ᠢ ᠡᠭᠦᠷᠭᠡᠯᠡᠨ᠎ᠡ᠃ | ᠲᠤᠰᠬᠠᠢ ᠰᠠᠯᠠᠭᠠᠨ ︵ᠲᠤᠰᠬᠠᠢ ᠡᠮᠴᠢᠯᠡᠭᠡᠨ ᠤ ᠰᠠᠯᠠᠭ᠎ᠠ︶ ᠤ ᠡᠮᠨᠡᠯᠭᠡ ᠶᠢᠨ ᠬᠤᠷᠢᠶ᠎ᠠ ᠨᠢ ᠭᠤᠣᠯᠳᠠᠭᠤ ᠲᠤᠰ | ᠲᠤᠰᠬᠠᠢ ᠰᠠᠯᠠᠭ᠎ᠠ ᠶᠢᠨ ᠬᠡᠪᠴᠢᠶᠡᠨ ᠳᠤᠲᠤᠷᠠᠬᠢ ᠪᠠᠶᠢᠩᠭᠤ ᠳᠣᠬᠢᠶᠠᠯᠳᠤᠬᠤ ᠡᠪᠡᠳᠴᠢᠨ᠂ ᠣᠯᠠᠨ ᠡᠭᠦᠰᠬᠦ | ᠡᠪᠡᠳᠴᠢᠨ᠂ ᠪᠠᠴᠢᠮ ᠠᠶᠣᠯᠲᠠᠢ ᠬᠦᠨᠳᠦ ᠡᠪᠡᠳᠴᠢᠨ ᠢ ᠵᠠᠰᠠᠬᠤ ᠪᠠ ᠬᠦᠴᠢᠷ ᠲᠦᠪᠡᠭᠲᠡᠢ ᠡᠪᠡᠳᠴᠢᠨ ᠡᠮᠬᠡᠭ ᠢ | ᠰᠢᠯᠵᠢᠭᠦᠯᠦᠨ ᠡᠮᠨᠡᠬᠦ ᠵᠢᠴᠢ ᠡᠷᠡᠭᠦᠯᠵᠢᠭᠦᠯᠬᠦ᠂ ᠯᠠᠪᠯᠠᠯᠭ᠎ᠠ ᠬᠢᠬᠦ ᠦᠢᠯᠡᠴᠢᠯᠡᠭᠡᠨ ᠤ ᠡᠭᠦᠷᠭᠡ ᠶᠢ ᠡᠭᠦᠷᠭᠡᠯᠡᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠬᠠᠮᠵᠢᠯᠴᠠᠨ ᠲᠤᠰᠬᠠᠢ ᠡᠪᠡᠳᠴᠢᠨ ᠤ ᠰᠠᠯᠠᠭ᠎ᠠ ᠶᠢᠨ | ᠡᠪᠡᠳᠴᠢᠨ ᠡᠮᠭᠡᠭ ᠢ ᠪᠠᠶᠢᠴᠠᠭᠠᠨ ᠰᠡᠷᠭᠡᠶᠢᠯᠡᠬᠦ ᠠᠵᠢᠯ ᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ ᠠᠴᠠ ᠬᠠᠷᠢᠭᠤᠴᠠᠨ᠎ᠠ︶ | 19. ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ︶ | ᠤ ᠠᠷᠠᠳ ᠤᠨ ᠵᠠᠰᠠᠭ ᠤᠨ ᠣᠷᠳᠤᠨ ᠨᠤᠭᠤᠳ ᠠᠶᠢᠮᠠᠭ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠵᠢᠯᠤᠭᠤᠳᠤᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠲᠣᠬᠢᠷᠠᠭᠤᠯᠬᠤ ᠪᠠᠷᠢᠮᠵᠢᠶ᠎ᠠ ︵2016 - 2020︶ ᠶᠤᠰᠤᠭᠠᠷ᠂ ᠲᠤᠰ ᠣᠷᠣᠨ ᠪᠦᠰᠡ ᠶᠢᠨ ᠳᠤᠲᠤᠷᠠᠬᠢ | ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠬᠡᠪᠴᠢᠶᠡᠨ ᠳᠣᠲᠤᠷᠠᠬᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠤᠭ᠎ᠠ ᠬᠡᠮᠵᠢᠶ᠎ᠡ᠂ ᠪᠠᠶᠢᠷᠢᠰᠢᠭᠤᠯᠤᠯ᠂ | ᠬᠡᠪᠴᠢᠶ᠎ᠡ ᠪᠣᠯᠣᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠲᠦᠯᠦᠪᠵᠢᠭᠦᠯᠭᠡ ᠶᠢᠨ ᠵᠠᠶᠢᠯᠠᠰᠢ | ᠦᠭᠡᠢ ᠬᠢᠵᠠᠭᠠᠷᠯᠠᠬᠤ ᠬᠦᠴᠦᠨ ᠢ ᠴᠢᠩᠭᠠᠳᠬᠠᠵᠤ᠂ ᠲᠦᠯᠦᠪᠵᠢᠭᠦᠯᠭᠡ ᠶᠢᠨ ᠬᠡᠷᠡᠭᠵᠢᠭᠦᠯᠦᠭᠰᠡᠨ ᠪᠠᠶᠢᠳᠠᠯ ᠢ | ᠨᠡᠶᠢᠭᠡᠮ ᠳᠤ ᠲᠣᠭᠲᠠᠮᠠᠯ ᠬᠤᠭᠤᠴᠠᠭ᠎ᠠ ᠲᠠᠢ ᠪᠠᠷ ᠢᠯᠡ ᠵᠠᠷᠯᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠤᠨ ᠨᠤᠭᠤᠳ ᠲᠤᠰ ᠵᠠᠰᠠᠭ ᠵᠠᠬᠢᠷᠭᠠᠨ ᠤ ᠣᠷᠣᠨ ᠳᠤᠲᠤᠷᠠᠬᠢ ᠬᠦᠮᠦᠨ ᠠᠮᠠ ᠵᠢᠴᠢ | ᠣᠷᠣᠨ ᠪᠦᠰᠡ ᠵᠡᠷᠭᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠬᠤᠰᠢᠭᠤ ᠰᠢᠶᠠᠨ ᠤ ᠬᠡᠪᠴᠢᠶᠡᠨ ᠳᠤᠲᠤᠷᠠᠬᠢ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ | ᠬᠤᠰᠢᠭᠤ ᠰᠢᠶᠠᠨ ︵ᠬᠤᠲᠠ︶ ᠨᠢᠭᠡᠪᠦᠷᠢ ᠶᠢᠨ ᠬᠢᠨ 1 ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠪᠣᠯᠣᠨ 1 ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠭᠤᠣᠯᠳᠠᠯᠭ᠎ᠠ ᠲᠠᠢ ᠰᠠᠶᠢᠲᠤᠷ | ᠡᠷᠬᠢᠯᠡᠬᠦ ᠬᠡᠷᠡᠭᠲᠡᠢ᠃ ᠴᠦᠬᠡᠨ ᠲᠣᠭᠠᠲᠤ ᠦᠨᠳᠦᠰᠦᠲᠡᠨ ᠤ ᠲᠦᠪᠯᠡᠷᠡᠨ ᠰᠠᠭᠤᠭᠰᠠᠨ ᠭᠠᠵᠠᠷ ᠣᠷᠣᠨ ᠳᠤ ᠮᠣᠩᠭᠤᠯ | ᠡᠮᠨᠡᠯᠭᠡ ᠶᠢᠨ ᠬᠤᠷᠢᠶ᠎ᠠ ᠶᠢ ᠡᠩ ᠲᠡᠷᠢᠭᠦᠨ ᠳᠤ ᠰᠠᠶᠢᠲᠤᠷ ᠡᠷᠬᠢᠯᠡᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ | ᠳᠠᠩ ᠴᠣᠭᠴᠠᠲᠤ ᠡᠮᠨᠡᠯᠭᠡ ᠶᠢᠨ ᠬᠤᠷᠢᠶ᠎ᠠ ᠶᠢᠨ ᠬᠡᠪᠴᠢᠶ᠎ᠡ ᠪᠣᠯᠣᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ | ᠪᠠᠷᠢᠮᠵᠢᠶ᠎ᠠ ᠠᠴᠠ ᠬᠡᠲᠦᠷᠡᠭᠦᠯᠦᠨ ᠥᠷᠭᠡᠳᠭᠡᠬᠦ ᠶᠢ ᠴᠠᠭᠠᠵᠠᠯᠠᠨ᠂ ᠡᠮᠨᠡᠯᠭᠡ ᠶᠢᠨ ᠬᠤᠷᠢᠶ᠎ᠠ ᠶᠢᠨ ᠦᠪᠡᠰᠦᠪᠡᠨ ᠨᠡᠮᠡᠭᠰᠡᠨ | ᠣᠷᠣ ᠶᠢᠨ ᠲᠤᠭ᠎ᠠ ᠪᠠᠷ ᠠᠵᠢᠯᠲᠠᠨ ᠤ ᠣᠷᠣᠨ ᠲᠤᠭ᠎ᠠ ᠪᠠ ᠡᠳ᠋ ᠤᠨ ᠵᠠᠰᠠᠭ ᠤᠨ ᠲᠤᠰᠠᠯᠠᠮᠵᠢ ᠥᠭᠬᠦ ᠶᠢ ᠬᠢᠨᠠᠨ | ᠲᠣᠭᠲᠠᠭᠠᠬᠤ ᠦᠨᠳᠦᠰᠦ ᠪᠠᠷᠢᠮᠲᠠ ᠪᠣᠯᠭᠠᠬᠤ ᠦᠭᠡᠢ᠃ ᠨᠡᠶᠢᠭᠡᠮ ᠤᠨ ᠬᠦᠷᠦᠩᠭᠡ ᠮᠦᠩᠭᠦ ᠪᠠᠷ ᠡᠮᠨᠡᠯᠭᠡ ᠶᠢᠨ | ᠬᠤᠷᠢᠶ᠎ᠠ ᠡᠷᠬᠢᠯᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠨᠡᠶᠢᠭᠡᠮ ᠤᠨ ᠬᠦᠷᠦᠩᠭᠡ ᠮᠦᠩᠭᠦ ᠶᠢ ᠲᠠᠲᠠᠨ ᠣᠷᠤᠭᠤᠯᠵᠤ ᠪᠠᠶᠢᠭᠠᠳ ᠡᠮᠴᠢᠯᠡᠭᠡᠨ ᠤ | ᠪᠠᠶᠢᠭᠤᠯᠤᠮᠵᠢ ᠡᠷᠬᠢᠯᠡᠭᠦᠯᠬᠦ ᠶᠢ ᠰᠦᠪᠡᠭᠴᠢᠯᠡᠵᠦ᠂ ᠡᠮᠨᠡᠯᠭᠡ ᠶᠢᠨ ᠬᠤᠷᠢᠶ᠎ᠠ ᠡᠷᠬᠢᠯᠡᠬᠦ ᠣᠯᠠᠨ ᠡᠰᠢᠵᠢᠭᠰᠡᠨ ᠪᠠᠶᠢᠳᠠᠯ ᠢ | ᠲᠦᠷᠭᠡᠳᠭᠡᠨ ᠪᠣᠢ ᠪᠣᠯᠭᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠠᠴᠠ | ᠬᠠᠷᠢᠭᠤᠴᠠᠨ᠎ᠠ︶ | ︵ᠳᠣᠯᠤᠭ᠎ᠠ︶ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠠ᠃ | 20. ᠬᠤᠰᠢᠭᠤ ᠰᠢᠶᠠᠨ ︵ᠬᠤᠲᠠ︶ ᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠲᠦᠰᠦᠯ ᠢ ᠲᠣᠭᠲᠠᠭᠠᠬᠤ | ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠡᠮᠴᠢᠯᠡᠭᠡᠨ ᠤ ᠭᠤᠣᠯᠳᠠᠯᠭ᠎ᠠ ᠲᠠᠢ ᠰᠢᠨᠵᠢᠯᠡᠭᠡᠨ ᠢ ᠪᠠᠶᠢᠭᠤᠯᠬᠤ᠂ ᠮᠤᠩᠭᠤᠯ ᠬᠢᠲᠠᠳ ᠡᠮᠨᠡᠯᠭᠡ ᠶᠢᠨ ᠳᠠᠪᠠᠭᠤᠯᠢᠭ | ᠰᠢᠨᠵᠢᠯᠡᠭᠡᠨ ᠢ ᠪᠠᠶᠢᠭᠤᠯᠬᠤ᠂ ᠲᠣᠬᠢᠷᠠᠬᠤ ᠮᠡᠷᠭᠡᠵᠢᠯ ᠢ ᠳᠡᠯᠭᠡᠷᠡᠭᠦᠯᠬᠦ ᠬᠢᠭᠡᠳ ᠬᠤᠲᠠ ᠶᠢᠨ ᠭᠤᠷᠪᠠᠨ ᠳᠡᠰ ᠤᠨ | ᠡᠮᠨᠡᠯᠭᠡ ᠶᠢᠨ ᠬᠤᠷᠢᠶ᠎ᠠ ᠯᠤᠭ᠎ᠠ ᠨᠢᠭᠲᠠ ᠬᠠᠮᠲᠤᠷᠠᠨ ᠠᠵᠢᠯᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ | ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ︶ ᠤ ᠭᠠᠳᠠᠭᠰᠢ | ᠰᠢᠯᠵᠢᠭᠦᠯᠦᠨ ᠡᠮᠨᠡᠬᠦᠯᠬᠦ ᠨᠤᠷᠮ᠎ᠠ ᠶᠢᠨ ᠡᠮᠦᠨ᠎ᠡ 5 — 10 ᠳᠤ ᠵᠢᠭᠰᠠᠭᠠᠭᠳᠠᠭᠰᠠᠨ ᠡᠪᠡᠳᠴᠢᠨ ᠤ ᠵᠦᠢᠯ ᠤᠨ | ᠬᠠᠮᠢᠶ᠎ᠠ ᠪᠦᠬᠦᠢ ᠡᠮᠴᠢᠯᠡᠭᠡᠨ ᠪᠣᠯᠣᠨ ᠲᠤᠰᠠᠯᠠᠬᠤ ᠰᠠᠯᠠᠭ᠎ᠠ ᠲᠠᠰᠤᠭ ᠤᠨ ᠰᠢᠨᠵᠢᠯᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠲᠤᠰᠬᠠᠢ ᠡᠪᠡᠳᠴᠢᠨ ᠤ ᠰᠠᠯᠠᠭ᠎ᠠ ᠶᠢᠨ ᠲᠥᠪ ᠤᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠪᠠᠷ ᠬᠦᠲᠦᠴᠢ ᠪᠣᠯᠭᠠᠭᠰᠠᠨ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ | ᠬᠤᠷᠢᠶ᠎ᠠ ᠪᠠᠷ ᠨᠢᠷᠤᠭᠤᠪᠴᠢ ᠪᠣᠯᠭᠠᠭᠰᠠᠨ᠂ ᠮᠡᠳᠡᠭᠡ ᠵᠠᠩᠬᠢᠵᠢᠯᠠᠭᠰᠠᠨ ᠰᠥᠯᠵᠢᠶ᠎ᠡ ᠪᠠᠷ ᠠᠴᠢᠶᠠᠯᠠᠪᠤᠷᠢ ᠪᠣᠯᠭᠠᠭᠰᠠᠨ | ᠬᠤᠰᠢᠭᠤ ᠰᠢᠶᠠᠨ ᠤ ᠬᠡᠪᠴᠢᠶᠡᠨ ᠳᠠᠬᠢ ᠠᠨᠠᠭᠠᠬᠤ ᠤᠬᠠᠭᠠᠨ ᠤ ᠵᠢᠷᠤᠭ ᠰᠡᠭᠦᠳᠡᠷ ᠢᠶᠠᠷ ᠣᠨᠣᠰᠢᠯᠠᠬᠤ᠂ ᠪᠠᠶᠢᠴᠠᠭᠠᠨ | ᠰᠢᠯᠭᠠᠬᠤ᠂ ᠵᠢᠷᠦᠬᠡᠨ ᠤ ᠯᠤᠭᠰᠢᠯᠲᠠ ᠶᠢᠨ ᠵᠢᠷᠤᠭ᠂ ᠡᠪᠡᠳᠴᠢᠨ ᠤ ᠵᠤᠷ ᠵᠡᠷᠭᠡ ᠶᠢ ᠬᠠᠮᠲᠤ ᠳᠠᠭᠠᠨ ᠡᠳ᠋ᠯᠡᠬᠦ ᠲᠥᠪ | ᠪᠠᠶᠢᠭᠤᠯᠬᠤ ᠶᠢ ᠵᠣᠷᠢᠬᠵᠢᠭᠤᠯᠵᠤ᠂ ᠲᠡᠬᠦᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡ ᠦᠷᠨᠢᠭᠦᠯᠬᠦ ᠬᠡᠷᠡᠭᠴᠡᠭᠡ ᠶᠢ | ᠤᠷᠢᠳᠠᠪᠠᠷ ᠬᠠᠩᠭᠠᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 21. ᠴᠢᠳᠠᠪᠤᠷᠢᠲᠠᠨ ᠬᠦᠮᠦᠵᠢᠭᠦᠯᠬᠦ ᠶᠢ ᠴᠢᠩᠭᠠᠷᠠᠭᠤᠯᠬᠤ ᠬᠡᠷᠡᠭᠲᠡᠢ᠃ ᠡᠮᠨᠡᠯᠭᠡ ᠳᠤ ᠰᠠᠭᠤᠬᠤ ᠶᠡᠭᠡ | ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ 2020 ᠣᠨ | ᠪᠣᠯᠬᠤ ᠳᠤ ᠪᠣᠢ ᠪᠦᠬᠦᠢ ᠡᠮᠴᠢᠯᠡᠭᠡᠨ ᠤ ᠠᠵᠢᠯ ᠤᠨ ᠪᠠᠶᠢᠷᠢ ᠳᠤ ᠰᠢᠨ᠎ᠡ ᠪᠠᠷ ᠭᠠᠷᠬᠤ ᠡᠮᠴᠢᠯᠡᠭᠡᠨ ᠤ ᠶᠡᠭᠡ ᠡᠮᠴᠢ | ᠨᠢᠭᠡᠪᠦᠷᠢ ᠳᠤ ᠴᠦᠮ ᠡᠮᠨᠡᠯᠭᠡ ᠳᠤ ᠰᠠᠭᠤᠬᠤ ᠶᠡᠭᠡ ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠢ ᠬᠦᠷᠲᠡᠭᠡᠬᠦ | ᠴᠢᠬᠤᠯᠠᠲᠠᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠭᠤᠣᠯᠯᠠᠭᠴᠢ ᠪᠣᠯᠬᠤ ᠶᠡᠭᠡ ᠡᠮᠴᠢ ᠶᠢᠨ ᠪᠣᠯᠪᠠᠰᠤᠷᠠᠭᠤᠯᠤᠯ᠂ ᠦᠨᠳᠦᠰᠦᠨ ᠱᠠᠲᠤᠨ ᠤ ᠨᠡᠷᠡᠲᠦ ᠠᠬᠠᠮᠠᠳ ᠡᠮᠴᠢ ᠶᠢᠨ | ᠮᠤᠩᠭᠤᠯ ᠬᠢᠲᠠᠳ ᠡᠮᠴᠢᠯᠡᠭᠡ ᠶᠢ ᠤᠯᠠᠮᠵᠢᠯᠠᠬᠤ ᠪᠠ ᠬᠦᠮᠦᠵᠢᠭᠦᠯᠬᠦ ᠶᠢ ᠴᠢᠩᠭᠠᠳᠬᠠᠨ᠂ ᠲᠤᠰᠬᠠᠢ ᠰᠠᠯᠠᠭ᠎ᠠ ᠳᠤ | ᠣᠨᠴᠣᠭᠤᠢ ᠠᠵᠢᠯ ᠤᠨ ᠪᠠᠶᠢᠷᠢ ᠲᠣᠬᠢᠷᠠᠭᠤᠯᠬᠤ ᠲᠦᠯᠦᠪᠯᠡᠭᠡ ᠶᠢ ᠰᠤᠳᠤᠯᠤᠨ ᠬᠡᠷᠡᠭᠵᠢᠭᠦᠯᠵᠦ᠂ ᠪᠠᠴᠢᠮ | ᠬᠡᠷᠡᠭᠴᠡᠭᠡᠲᠡᠢ ᠳᠡᠭᠡᠳᠦ ᠳᠡᠰ ᠤᠨ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠬᠠᠮᠢᠶᠠᠷᠤᠯᠲᠠ ᠶᠢᠨ ᠺᠠᠳ᠋ᠷ ᠢ | ᠪᠣᠯᠪᠠᠰᠤᠷᠠᠭᠤᠯᠬᠤ ᠪᠠ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠠᠵᠢᠯ ᠢ ᠦᠷᠨᠢᠭᠦᠯᠵᠦ᠂ ᠡᠮᠨᠡᠯᠭᠡ ᠶᠢᠨ | ᠬᠤᠷᠢᠶ᠎ᠠ ᠶᠢᠨ ᠬᠠᠮᠢᠶᠠᠷᠤᠯᠲᠠ ᠶᠢᠨ ᠡᠩᠨᠡᠭᠡ ᠶᠢᠨ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | 2017 ᠣᠨ ᠪᠣᠯᠲᠠᠯ᠎ᠠ ᠭᠤᠷᠪᠠᠨ ᠳᠡᠰ ᠤᠨ ᠡᠮᠨᠡᠯᠭᠡ ᠶᠢᠨ ᠬᠤᠷᠢᠶ᠎ᠠ ᠳᠠᠬᠢ ᠳᠤᠮᠳᠠ ᠳᠡᠰ ᠠᠴᠠ ᠳᠡᠭᠡᠭᠰᠢᠬᠢ | ᠺᠠᠳ᠋ᠷᠴᠤᠳ ᠤᠨ ᠲᠤᠰᠢᠶᠠᠯ ᠳᠤ ᠲᠤᠮᠢᠯᠠᠬᠤ ᠠᠴᠠ ᠡᠮᠦᠨᠡᠬᠢ ᠪᠠ ᠳᠤᠮᠳᠠ ᠳᠡᠰ ᠤᠨ ᠮᠡᠷᠭᠡᠵᠢᠯ ᠤᠨ ᠴᠣᠯᠠ ᠠᠴᠠ | ᠳᠡᠭᠡᠭᠰᠢᠬᠢ ᠠᠵᠢᠯᠲᠠᠨ ᠤ ᠮᠡᠷᠭᠡᠵᠢᠯ ᠤᠨ ᠴᠣᠯᠠ ᠶᠢ ᠨᠢ ᠳᠡᠭᠡᠭᠰᠢᠯᠡᠭᠦᠯᠬᠦ ᠠᠴᠠ ᠡᠮᠦᠨ᠎ᠡ᠂ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠣᠴᠢᠵᠤ ᠲᠤᠰᠢᠶᠠᠯ ᠡᠭᠦᠷᠭᠡᠯᠡᠭᠰᠡᠨ ᠴᠠᠭ | ᠬᠤᠭᠤᠴᠠᠭ᠎ᠠ ᠨᠢ 6 ᠰᠠᠷ᠎ᠠ ᠠᠴᠠ ᠳᠤᠳᠠᠭᠤ ᠦᠭᠡᠢ ᠪᠠᠶᠢᠯᠭᠠᠬᠤ ᠳᠦᠷᠢᠮ ᠢ ᠪᠠᠶᠢᠭᠤᠯᠬᠤ ᠬᠡᠷᠡᠭᠲᠡᠢ᠃ ︵ | ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ | ᠲᠢᠩᠬᠢᠮ᠂ ᠰᠤᠷᠭᠠᠨ ᠬᠦᠮᠦᠵᠢᠯ ᠤᠨ ᠲᠢᠩᠬᠢᠮ ᠠᠴᠠ ᠬᠠᠷᠢᠭᠤᠴᠠᠨ᠎ᠠ︶ | 22. ᠮᠡᠳᠡᠭᠡ ᠵᠠᠩᠬᠢᠵᠢᠯᠠᠬᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ | ᠬᠡᠪᠴᠢᠶᠡᠨ ᠳᠠᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠶᠢ ᠲᠦᠷᠭᠡᠳᠭᠡᠨ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠲᠦᠯᠦᠪᠯᠡᠭᠡᠲᠦ ᠦᠷᠡᠵᠢᠯ᠂ ᠡᠮᠴᠢᠯᠡᠭᠡᠨ ᠤ ᠪᠠᠲᠤᠯᠠᠭ᠎ᠠ᠂ ᠡᠮ ᠤᠨ ᠵᠦᠢᠯᠡᠰ ᠬᠠᠩᠭᠠᠬᠤ ᠪᠠᠲᠤᠯᠠᠭ᠎ᠠ | ᠪᠣᠯᠣᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ᠂ | ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠬᠢᠵᠢᠯᠠᠬᠤ | ᠪᠠᠶᠢᠭᠤᠯᠤᠯᠲᠠ ᠶᠢ ᠲᠦᠷᠭᠡᠳᠭᠡᠨ᠂ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠬᠦᠴᠦᠯᠡᠨ ᠳᠡᠭᠡᠭᠰᠢᠯᠡᠭᠦᠯᠵᠦ | ᠂ ᠠᠷᠠᠳ ᠲᠤ ᠳᠦᠭᠦᠮ ᠦᠵᠡᠭᠦᠯᠵᠦ ᠠᠷᠠᠳ ᠢ ᠬᠠᠷᠠᠭᠠᠯᠵᠠᠬᠤ ᠣᠯᠠᠨ ᠵᠦᠢᠯ ᠤᠨ ᠬᠡᠯᠪᠡᠷᠢ ᠮᠠᠶ᠋ᠢᠭ ᠲᠠᠢ | ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠡᠮᠴᠢᠯᠡᠭᠡᠨ ᠤ ᠠᠷᠭ᠎ᠠ ᠵᠠᠮ ᠤᠨ ᠮᠡᠳᠡᠭᠡ ᠵᠠᠩᠬᠢᠵᠢᠯᠠᠬᠤ ᠪᠠᠶᠢᠭᠤᠯᠤᠯᠲᠠ ᠶᠢ | ᠲᠦᠷᠭᠡᠳᠭᠡᠨ᠂ 2016 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠢᠶᠠᠷ ᠢᠶᠠᠨ ᠡᠮᠴᠢᠯᠡᠭᠡᠨ ᠤ ᠠᠷᠭ᠎ᠠ ᠵᠠᠮ ᠤᠨ ᠮᠡᠳᠡᠭᠡ | ᠵᠠᠩᠬᠢᠵᠢᠯᠠᠬᠤ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠣᠳᠣ ᠶᠢᠨ ᠪᠠᠶᠢᠭ᠎ᠠ ᠡᠬᠢ ᠪᠠᠶᠠᠯᠢᠭ ᠢ ᠭᠦᠢᠴᠡᠳ | ᠠᠰᠢᠭᠯᠠᠵᠤ᠂ ᠠᠯᠤᠰ ᠡᠵᠡᠮᠰᠢᠯᠲᠦ ᠡᠮᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ | ᠴᠢᠬ ᠢ ᠦᠷᠨᠢᠭᠦᠯᠵᠦ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡ ᠶᠢ ᠠᠬᠢᠭᠤᠯᠬᠤ ᠬᠡᠷᠡᠭᠲᠡᠢ᠃ ᠬᠤᠲᠠ ᠶᠢᠨ | ᠡᠮᠨᠡᠯᠭᠡ ᠶᠢᠨ ᠬᠤᠷᠢᠶ᠎ᠠ ᠶᠢᠨ ᠬᠤᠯᠪᠣᠭ᠎ᠠ ᠪᠣᠶᠣ ᠪᠦᠯᠦᠭᠯᠡᠯ ︵ᠡᠮᠴᠢᠯᠡᠭᠡᠨ ᠤ ᠬᠤᠯᠪᠤᠭᠠᠲᠤ ᠴᠣᠭᠴᠠ︶ ᠳᠤ | ᠣᠷᠣᠭᠤᠯᠤᠭᠰᠠᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ | 2016 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠮᠲᠤᠷᠠᠨ ᠤᠨᠤᠰᠢᠯᠠᠬᠤ᠂ ᠰᠢᠯᠵᠢᠭᠦᠯᠦᠨ ᠡᠮᠨᠡᠭᠦᠯᠬᠦ ᠪᠠ | ᠠᠯᠤᠰ ᠡᠵᠡᠮᠰᠢᠯ ᠢᠶᠠᠷ ᠬᠦᠨᠳᠦ ᠡᠪᠡᠳᠴᠢᠨ ᠢ ᠬᠢᠨᠠᠨ ᠠᠩᠬᠠᠷᠴᠤ ᠬᠠᠷᠠᠭᠠᠯᠵᠠᠬᠤ ᠮᠡᠳᠡᠭᠡ ᠵᠠᠩᠭᠢ ᠶᠢ ᠬᠠᠮᠲᠤ ᠳᠠᠭᠠᠨ | ᠬᠦᠷᠲᠡᠬᠦ ᠶᠢ ᠪᠡᠶᠡᠯᠡᠭᠦᠯᠵᠦ᠂ 2017 ᠣᠨ ᠤ ᠵᠢᠯ ᠤᠨ ᠰᠡᠭᠦᠯᠴᠢ ᠠᠴᠠ ᠡᠮᠦᠨ᠎ᠡ ᠡᠮᠨᠡᠯᠭᠡ ᠶᠢᠨ ᠬᠤᠷᠢᠶ᠎ᠠ ᠶᠢᠨ | ᠬᠤᠭᠤᠷᠤᠨᠲᠤ ᠪᠠᠨ ᠮᠡᠳᠡᠭᠡ ᠵᠠᠩᠭᠢ ᠶᠢᠨ ᠰᠢᠰᠲ᠋ᠧᠮ ᠤᠨ ᠭᠤᠣᠯ ᠮᠣᠲᠦ᠋ᠯ ᠤᠨ ᠮᠡᠳᠡᠭᠡ ᠵᠠᠩᠭᠢ ᠶᠢᠨ ᠬᠠᠷᠢᠯᠴᠠᠨ | ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠵᠤ | ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ | ᠬᠠᠷᠢᠭᠤᠴᠠᠨ᠎ᠠ︶ | 23. ᠡᠮᠨᠡᠯᠭᠡ ᠶᠢᠨ ᠬᠤᠷᠢᠶ᠎ᠠ ᠶᠢᠨ ᠳᠤᠲᠤᠭᠠᠲᠤᠬᠢ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠢ᠃ | ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠰᠢᠯᠲᠠ ᠶᠢ ᠴᠢᠩᠭᠠᠳᠬᠠᠵᠤ᠂ ᠡᠮᠨᠡᠯᠭᠡ ᠶᠢᠨ | ᠬᠤᠷᠢᠶ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ | ᠪᠠᠶᠢᠴᠠᠭᠠᠯᠲᠠ᠂ ᠣᠨᠣᠰᠢᠯᠠᠯᠲᠠ᠂ ᠵᠠᠰᠠᠯᠲᠠ ᠶᠢ ᠵᠢᠷᠤᠮᠵᠢᠭᠤᠯᠤᠨ᠂ ᠡᠮ ᠤᠨ ᠵᠦᠢᠯᠡᠰ ᠪᠣᠯᠣᠨ ᠰᠢᠬᠢᠳᠭᠡᠨ | ᠰᠠᠭᠤᠷᠢᠰᠢᠭᠤᠯᠬᠤ ︵ᠣᠷᠤᠭᠤᠯᠬᠤ︶ ᠲᠦᠷᠦᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠬᠡᠷᠡᠭᠯᠡᠬᠦ ᠠᠵᠢᠯᠯᠠᠭ᠎ᠠ ᠶᠢ | ᠵᠢᠷᠤᠮᠵᠢᠭᠤᠯᠵᠤ᠂ ᠡᠮᠴᠢᠯᠡᠭᠡᠨ ᠤ ᠶᠠᠰᠤ ᠴᠢᠨᠠᠷ ᠤᠨ ᠠᠮᠦᠷ ᠲᠥᠪᠰᠢᠨ ᠤ ᠭᠤᠣᠯᠯᠠᠬᠤ ᠳᠦᠷᠢᠮ ᠪᠣᠯᠣᠨ ᠦᠨᠳᠦᠰᠦᠨ | ᠵᠢᠷᠤᠮᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡ ᠶᠢ ᠰᠠᠶᠢᠵᠢᠷᠠᠭᠤᠯᠵᠤ᠂ | ᠪᠣᠯᠵᠤᠭ᠎ᠠ ᠪᠦᠬᠦᠢ ᠡᠮᠴᠢᠯᠡᠭᠡᠨ ᠤ ᠦᠢᠯᠡᠴᠢᠯᠡᠭᠡ ᠶᠢ ᠢᠳᠡᠪᠬᠢᠲᠡᠢ ᠬᠡᠷᠡᠭᠵᠢᠭᠦᠯᠦᠨ᠂ ᠴᠢᠨᠠᠷ ᠰᠠᠶᠢᠲᠠᠢ ᠰᠤᠪᠢᠯᠠᠵᠤ | ᠠᠰᠠᠷᠠᠬᠤ ᠦᠢᠯᠡᠴᠢᠯᠡᠭᠡ ᠶᠢ ᠦᠷᠨᠢᠭᠦᠯᠵᠦ᠂ ᠠᠷᠠᠳ ᠲᠤ ᠳᠦᠭᠦᠮ ᠦᠵᠡᠭᠦᠯᠬᠦ ᠡᠭᠦᠳᠡᠨ ᠡᠮᠨᠡᠯᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠵᠠᠷᠤᠳᠠᠯ ᠢ ᠴᠠᠭ ᠲᠣᠬᠠᠢ ᠳᠤᠨᠢ | ᠳ᠋ᠦᠩᠨᠡᠨ ᠪᠤᠳᠤᠬᠤ ᠶᠢ ᠢᠳᠡᠪᠬᠢᠲᠡᠢ ᠬᠠᠮᠵᠢᠯᠴᠠᠨ ᠰᠠᠶᠢᠲᠤᠷ ᠬᠢᠵᠦ᠂ ᠰᠦᠢᠳᠭᠡᠯ ᠬᠤᠷᠢᠶᠠᠬᠤ ᠲᠦᠷᠦᠯ ᠵᠦᠢᠯ ᠢ | ᠢᠯᠡ ᠪᠠᠷ ᠵᠠᠷᠯᠠᠬᠤ ᠪᠠ ᠵᠠᠷᠤᠳᠠᠯ ᠢᠶᠠᠨ ᠯᠠᠪᠯᠠᠨ ᠠᠰᠠᠭᠤᠬᠤ ᠵᠡᠷᠭᠡ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠡᠪᠡᠳᠴᠢᠲᠡᠨ ᠤ | ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠪᠠᠶᠢᠴᠠᠭᠠᠬᠤ ᠪᠠ ᠡᠮᠨᠡᠯᠭᠡ ᠠᠴᠠ ᠭᠠᠷᠤᠭᠰᠠᠨ ᠡᠪᠡᠳᠴᠢᠲᠠᠨ ᠤ ᠬᠢᠨ ᠳᠤ | ᠰᠤᠷᠪᠤᠯᠵᠢᠯᠠᠬᠤ ᠠᠵᠢᠯᠯᠠᠭ᠎ᠠ ᠶᠢ ᠦᠷᠨᠢᠭᠦᠯᠵᠦ᠂ ᠣᠯᠠᠨ ᠲᠦᠮᠡᠨ ᠤ ᠰᠠᠨᠠᠯ ᠢ ᠬᠢᠨᠠᠭᠠᠮᠠᠢ ᠬᠦᠯᠢᠶᠡᠨ ᠰᠣᠨᠣᠰᠴᠤ᠂ | ᠣᠯᠠᠨ ᠲᠦᠮᠡᠨ ᠤ ᠲᠤᠰᠬᠠᠭᠰᠠᠨ ᠳᠤᠪᠤᠶᠢᠮ᠎ᠠ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠬᠦ ᠬᠡᠷᠡᠭᠲᠡᠢ᠃ | ᠡᠶᠡᠲᠡᠭᠦᠯᠬᠦ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠪᠠᠶᠢᠭᠤᠯᠤᠮᠵᠢ ᠪᠣᠯᠣᠨ ᠶᠡᠭᠡ ᠡᠮᠴᠢ ᠶᠢᠨ ᠬᠤᠪᠢ | ᠬᠦᠮᠦᠨ ᠨᠢ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ ᠵᠡᠷᠭᠡ ᠡᠮᠴᠢᠯᠡᠭᠡᠨ ᠤ ᠠᠵᠢᠯ ᠡᠷᠬᠢᠯᠡᠬᠦ ᠳᠠᠭᠠᠳᠬᠠᠯ | ᠬᠤᠳᠠᠯᠳᠤᠨ ᠠᠪᠬᠤ ᠶᠢ ᠵᠣᠷᠢᠬᠵᠢᠭᠤᠯᠤᠨ᠂ ᠡᠮᠴᠢ ᠪᠣᠯᠣᠨ ᠡᠪᠡᠳᠴᠢᠲᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ | ᠪᠠᠶᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ᠂ ᠦᠪᠦᠷ ᠮᠣᠩᠭᠤᠯ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ᠎ᠠ︶ | ︵ᠨᠠᠢᠮᠠ︶ ᠳᠡᠭᠡᠳᠦ ᠳᠣᠣᠷᠠᠳᠤ ᠱᠠᠲᠤᠨ ᠤ ᠬᠤᠯᠪᠣᠭᠠᠯᠠᠨ ᠦᠢᠯᠡᠳᠦᠯᠴᠡᠬᠦ ᠶᠢ ᠴᠢᠩᠭᠠᠳᠬᠠᠨ᠎ᠠ᠃ | 24. ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠦᠢᠯᠡᠳᠦᠯᠴᠡᠭᠰᠡᠨ ᠠᠵᠢᠯ ᠬᠤᠪᠢᠶᠠᠷᠢᠯᠠᠨ ᠬᠠᠮᠵᠢᠯᠴᠠᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ | ᠬᠢᠭᠡᠳ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ | ᠲᠦᠷᠦᠯ ᠢᠶᠠᠷ ᠢᠶᠠᠨ ᠲᠤᠰᠠᠯᠠᠯᠴᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠨᠢ ᠳᠡᠮᠵᠢᠨ ᠵᠢᠯᠤᠭᠤᠳᠬᠤ ᠪᠠᠨ ᠴᠢᠩᠭᠠᠳᠬᠠᠵᠤ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠶᠡᠷᠦᠩᠬᠡᠢ ᠰᠠᠯᠠᠭ᠎ᠠ ᠶᠢ ᠪᠠᠶᠢᠭᠤᠯᠬᠤ ᠬᠡᠷᠡᠭᠲᠡᠢ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ | ᠤᠳᠤᠷᠢᠳᠤᠮᠵᠢ ᠪᠣᠯᠭᠠᠵᠤ᠂ ᠲᠤᠬᠠᠶᠢᠯᠠᠭᠰᠠᠨ ᠠᠵᠢᠯ᠂ ᠣᠷᠤᠭᠤᠯᠤᠯᠲᠠ᠂ ᠬᠠᠮᠢᠶᠠᠷᠤᠯᠲᠠ᠂ ᠡᠳ᠋ ᠬᠦᠷᠦᠩᠭᠡ | ᠵᠡᠷᠭᠡ ᠪᠠᠷ ᠬᠤᠯᠪᠤᠭᠠᠰᠤ ᠪᠣᠯᠭᠠᠨ᠂ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠤᠯᠪᠣᠭᠠᠲᠤ | ᠴᠣᠭᠴᠠ ᠶᠢ ᠪᠠᠭᠲᠠᠭᠠᠭᠰᠠᠨ ᠠᠵᠢᠯ ᠬᠤᠪᠢᠶᠠᠷᠢᠯᠠᠨ ᠬᠠᠮᠵᠢᠯᠴᠠᠬᠤ ᠡᠯ᠎ᠡ ᠵᠦᠢᠯ ᠤᠨ ᠵᠠᠭᠪᠤᠷ ᠢ ᠰᠦᠪᠡᠭᠴᠢᠯᠡᠨ | ᠪᠠᠶᠢᠭᠤᠯᠵᠤ᠂ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠮᠬᠢ ᠵᠢᠷᠤᠮ ᠲᠠᠢ | ᠦᠷᠢᠰᠦᠯᠳᠦᠭᠡᠨ ᠬᠢᠬᠦ ᠶᠢ ᠬᠦᠲᠦᠯᠦᠨ ᠵᠢᠯᠤᠭᠤᠳᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠪᠠᠷ ᠰᠤᠯᠢᠯᠴᠠᠵᠤ ᠠᠵᠢᠯ ᠤᠨ | ᠪᠠᠶᠢᠷᠢᠨ ᠳᠤ ᠡᠭᠡᠯᠵᠢᠯᠡᠬᠦ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠢᠭᠡᠲᠦᠯᠲᠡᠢ ᠤᠷᠢᠨ ᠬᠡᠷᠡᠭᠯᠡᠬᠦ᠂ | ᠨᠢᠭᠡᠲᠦᠯᠲᠡᠢ ᠬᠠᠮᠢᠶᠠᠷᠬᠤ᠂ ᠨᠢᠭᠡᠲᠦᠯᠲᠡᠢ ᠬᠡᠷᠡᠭᠯᠡᠬᠦ᠂ ᠨᠢᠭᠡᠲᠦᠯᠲᠡᠢ ᠬᠦᠮᠦᠵᠢᠭᠦᠯᠬᠦ ᠠᠵᠢᠯᠲᠠᠨ ᠤ ᠬᠠᠮᠢᠶᠠᠷᠤᠯᠲᠠ ᠶᠢᠨ | ᠪᠠᠶᠢᠭᠤᠯᠤᠯ ᠢ ᠬᠡᠷᠡᠭᠵᠢᠭᠦᠯᠬᠦ ᠬᠡᠷᠡᠭᠲᠡᠢ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ | ᠪᠠᠭᠤᠯᠭᠠᠬᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠦᠷ᠎ᠡ | ᠪᠦᠲᠦᠮᠵᠢ ᠵᠡᠷᠭᠡ ᠲᠠᠯ᠎ᠠ ᠪᠠᠷ ᠬᠢ ᠣᠨ ᠤ ᠰᠢᠯᠭᠠᠨ ᠬᠢᠨᠠᠬᠤ ᠠᠵᠢᠯ ᠵᠢᠴᠢ ᠲᠤᠰᠠᠯᠠᠬᠤ ᠦᠶᠡᠯᠡᠯ ᠤᠨ ᠰᠢᠯᠭᠠᠨ | ᠬᠢᠨᠠᠬᠤ ᠠᠵᠢᠯ ᠢ ᠭᠤᠣᠯᠳᠠᠯᠭ᠎ᠠ ᠲᠠᠢ ᠦᠷᠨᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠡᠳ᠋ ᠤᠨ ᠵᠠᠰᠠᠭ ᠤᠨ | ᠲᠤᠰᠠᠯᠠᠮᠵᠢ ᠥᠭᠬᠦ ᠯᠦᠭᠡ ᠬᠤᠯᠪᠣᠭᠳᠠᠭᠤᠯᠬᠤ ᠶᠢᠨ ᠬᠠᠮᠲᠤ᠂ ᠵᠡᠷᠭᠡ ᠳᠡᠰ ᠲᠠᠢ ᠡᠮᠨᠡᠯᠭᠡ ᠶᠢᠨ ᠬᠤᠷᠢᠶ᠎ᠠ ᠶᠢ ᠬᠢᠨᠠᠨ | ᠲᠣᠭᠲᠠᠭᠠᠬᠤ ᠭᠦᠢᠴᠡᠳᠭᠡᠯ ᠲᠤᠭ᠎ᠠ ᠳᠤ ᠣᠷᠤᠭᠤᠯᠬᠤ ᠬᠡᠷᠡᠭᠲᠡᠢ᠃ ᠡᠮᠴᠢᠯᠡᠭᠡᠨ ᠤ ᠡᠬᠢ ᠪᠠᠶᠠᠯᠢᠭ ᠢ ᠡᠷᠴᠢᠮᠵᠢᠭᠦᠯᠦᠨ | ᠲᠣᠬᠢᠷᠠᠭᠤᠯᠬᠤ ᠶᠢ ᠠᠬᠢᠭᠤᠯᠵᠤ᠂ ᠬᠤᠰᠢᠭᠤ ᠰᠢᠶᠠᠨ ᠤ ᠬᠡᠪᠴᠢᠶᠡᠨ ᠳᠤᠳᠤᠷ᠎ᠠ ᠪᠠᠨ ᠪᠠᠶᠢᠴᠠᠭᠠᠨ ᠰᠢᠯᠭᠠᠭᠰᠠᠨ ᠦᠷ᠎ᠡ | ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠬᠠᠷᠢᠭᠤᠴᠠᠨ᠎ᠠ︶ | 25. ᠱᠠᠲᠤ ᠬᠤᠪᠢᠶᠠᠵᠤ ᠣᠨᠣᠰᠢᠯᠠᠨ ᠡᠮᠨᠡᠬᠦ ᠳᠦᠷᠢᠮ ᠢ ᠪᠠᠶᠢᠭᠤᠯᠬᠤ ᠬᠡᠷᠡᠭᠲᠡᠢ᠃ ᠦᠪᠡᠷᠲᠡᠭᠡᠨ ᠵᠠᠰᠬᠠᠤ | ᠣᠷᠣᠨ ᠠᠴᠠ ᠱᠠᠲᠤ ᠬᠤᠪᠢᠶᠠᠵᠤ ᠣᠨᠣᠰᠢᠯᠠᠨ ᠡᠮᠨᠡᠬᠦ ᠶᠢ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠡᠯ᠎ᠡ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢ ᠲᠣᠳᠤᠷᠬᠠᠶᠢᠯᠠᠨ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ | ᠳᠡᠰ ᠳᠠᠷᠠᠭᠠᠯᠠᠯ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠭᠦᠳᠡᠨ ᠡᠮᠨᠡᠯᠭᠡ ᠪᠠ ᠪᠠᠴᠢᠮ ᠡᠮᠨᠡᠯᠭᠡ ᠶᠢᠨ ᠬᠡᠮᠵᠢᠶ᠎ᠡ ᠶᠢᠨ ᠬᠢᠨ ᠤ ᠡᠭᠦᠳᠡᠨ ᠡᠮᠨᠡᠯᠭᠡ ᠪᠠᠴᠢᠮ | ᠡᠮᠨᠡᠯᠭᠡ ᠶᠢᠨ ᠶᠡᠷᠦᠩᠬᠡᠢ ᠬᠡᠮᠵᠢᠶᠡᠨ ᠳᠠᠬᠢ ᠡᠵᠡᠯᠡᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ᠃ ᠱᠠᠲᠤ ᠬᠤᠪᠢᠶᠠᠵᠤ | ᠣᠨᠣᠰᠢᠯᠠᠨ ᠡᠮᠨᠡᠬᠦ ᠪᠠ ᠰᠢᠯᠵᠢᠭᠦᠯᠦᠨ ᠡᠮᠨᠡᠭᠦᠯᠬᠦ ᠪᠠᠷᠢᠮᠵᠢᠶ᠎ᠠ ᠪᠣᠯᠣᠨ ᠠᠷᠭ᠎ᠠ ᠶᠢ ᠰᠤᠳᠤᠯᠤᠨ ᠲᠣᠭᠲᠠᠭᠠᠵᠤ᠂ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠬᠢᠭᠡᠳ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠤᠨᠳᠤᠬᠢ ᠳᠦᠭᠦᠮ ᠳᠦᠲᠡ | ᠰᠢᠯᠵᠢᠭᠦᠯᠦᠨ ᠡᠮᠨᠡᠭᠦᠯᠬᠦ ᠨᠡᠪᠲᠡᠷᠡᠯ ᠵᠠᠮ ᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ | ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠷᠤᠴᠠᠭᠤᠯᠬᠤ ᠲᠥᠷᠥ ᠶᠢᠨ ᠪᠣᠳᠣᠯᠭ᠎ᠠ ᠶᠢ | ᠦᠨᠳᠦᠰᠦᠨ ᠱᠠᠲᠤ ᠲᠡᠰᠢ ᠤᠯᠠᠮ ᠨᠢᠭᠡ ᠠᠯᠬᠤᠮ ᠬᠡᠯᠪᠠᠶᠢᠯᠭᠡᠨ᠂ ᠦᠨᠳᠦᠰᠦᠨ ᠱᠠᠲᠤᠨ ᠳᠤ ᠠᠩᠬ᠎ᠠ ᠤᠨᠤᠰᠢᠯᠠᠬᠤ᠂ | ᠱᠠᠲᠤ ᠬᠤᠪᠢᠶᠠᠵᠤ ᠤᠨᠤᠰᠢᠯᠠᠨ ᠡᠮᠨᠡᠬᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠶᠢᠨ ᠡᠪᠡᠳᠴᠢᠨ | ᠦᠵᠡᠭᠦᠯᠬᠦ ᠡᠮᠬᠢ ᠲᠢᠭᠯᠢᠮ ᠢ ᠠᠯᠬᠤᠮ ᠠᠯᠬᠤᠮ ᠢᠶᠠᠷ ᠪᠣᠢ ᠪᠣᠯᠭᠠᠵᠤ᠂ ᠬᠦᠩᠭᠡᠨ ᠡᠪᠡᠳᠴᠢᠨ ᠢ ᠦᠨᠳᠦᠰᠦᠨ | ᠱᠠᠲᠤᠨ ᠳᠤ ᠡᠮᠨᠡᠭᠦᠯᠬᠦ᠂ ᠬᠦᠨᠳᠦ ᠡᠪᠡᠳᠴᠢᠨ ᠢ ᠡᠮᠨᠡᠭᠦᠯᠬᠦ ᠳᠤ ᠰᠢᠶᠠᠨ ᠠᠴᠠ ᠭᠠᠷᠬᠤ ᠦᠭᠡᠢ ᠪᠠᠶᠢᠬᠤ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ 2015 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠢᠬ ᠪᠣᠯᠬᠤ ᠬᠤᠲᠠ ᠵᠢᠴᠢ | ᠬᠠᠷᠢᠶᠠᠲᠤ ᠬᠤᠰᠢᠭᠤ ᠰᠢᠶᠠᠨ ︵ᠬᠤᠲᠠ︶ ᠨᠢ ᠱᠠᠲᠤ ᠬᠤᠪᠢᠶᠠᠨ ᠤᠨᠤᠰᠢᠯᠠᠨ ᠡᠮᠨᠡᠬᠦ ᠲᠣᠷᠰᠢᠯᠲᠠ ᠶᠢᠨ ᠴᠢᠬ ᠢ | ᠪᠦᠬᠦᠨ ᠢᠶᠠᠷ ᠢᠶᠠᠨ ᠦᠷᠨᠢᠭᠦᠯᠵᠦ᠂ 2017 ᠣᠨ ᠳᠤ ᠱᠠᠲᠤ ᠬᠤᠪᠢᠶᠠᠵᠤ ᠤᠨᠤᠰᠢᠯᠠᠨ ᠡᠮᠨᠡᠬᠦ ᠠᠵᠢᠯ ᠢ ᠪᠦᠬᠦ | ᠲᠠᠯ᠎ᠠ ᠪᠠᠷ ᠳᠡᠯᠭᠡᠷᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ | ᠦᠷᠡᠵᠢᠯ ᠤᠨ ᠵᠦᠪᠯᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ | ᠬᠠᠷᠢᠭᠤᠴᠠᠨ᠎ᠠ︶ | ︵ᠶᠢᠰᠦ︶ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ | 26. ᠡᠮᠴᠢᠯᠡᠭᠡᠨ ᠤ ᠦᠢᠯᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ | ᠴᠢᠩᠭᠠᠷᠠᠭᠤᠯᠬᠤ ᠬᠡᠷᠡᠭᠲᠡᠢ᠃ ᠬᠢᠨᠠᠯᠲᠠ ᠲᠠᠯᠪᠢᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠮᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠶᠠᠰᠤ ᠴᠢᠨᠠᠷ ᠤᠨ ᠠᠮᠦᠷ | ᠲᠥᠪᠰᠢᠨ᠂ ᠵᠠᠷᠤᠳᠠᠯ ᠤᠨ ᠡᠵᠡᠮᠳᠡᠯ᠂ ᠡᠳ᠋ ᠤᠨ ᠶᠠᠪᠤᠳᠠᠯ ᠤᠨ ᠠᠵᠢᠯᠯᠠᠭᠠᠨ ᠵᠡᠷᠭᠡ ᠲᠠᠯ᠎ᠠ ᠪᠠᠷ ᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠤᠯᠤᠮᠵᠢ᠂ ᠠᠵᠢᠯᠲᠠᠨ᠂ ᠮᠡᠷᠭᠡᠵᠢᠯ᠂ ᠲᠥᠭᠦᠭᠡᠷᠦᠮᠵᠢ ᠶᠢᠨ ᠵᠥᠪᠰᠢᠶᠡᠷᠡᠨ | ᠣᠷᠤᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠮ ᠡᠮᠨᠡᠯᠭᠡ ᠶᠢᠨ | ᠵᠠᠷᠤᠳᠠᠯ ᠤᠨ ᠵᠦᠢ ᠵᠣᠬᠢᠰ ᠦᠭᠡᠢ ᠬᠡᠲᠦᠷᠬᠡᠢ ᠲᠥᠷᠭᠡᠨ ᠨᠡᠮᠡᠭᠳᠡᠬᠦ ᠶᠢ ᠴᠢᠩᠭ᠎ᠠ ᠬᠢᠵᠠᠭᠠᠷᠯᠠᠵᠤ᠂ ᠡᠭᠦᠳᠡᠨ ᠡᠮᠨᠡᠯᠭᠡ | ᠪᠣᠯᠣᠨ ᠡᠮᠨᠡᠯᠭᠡ ᠳᠤ ᠰᠠᠭᠤᠬᠤ ᠤᠳᠠᠭ᠎ᠠ ᠪᠦᠷᠢ ᠶᠢᠨ ᠳᠤᠮᠳᠠᠴᠢ ᠵᠠᠷᠤᠳᠠᠯ᠂ ᠡᠮᠴᠢᠯᠡᠭᠡᠨ ᠤ ᠶᠡᠷᠦᠩᠬᠡᠢ ᠵᠠᠷᠤᠳᠠᠯ᠂ | ᠣᠷᠣᠯᠭ᠎ᠠ ᠵᠠᠷᠤᠯᠭ᠎ᠠ ᠶᠢᠨ ᠪᠦᠲᠦᠴᠡ᠂ ᠲᠣᠮᠤ ᠬᠡᠯᠪᠡᠷᠢ ᠶᠢᠨ ᠲᠥᠭᠦᠭᠡᠷᠦᠮᠵᠢ ᠶᠢᠨ ᠪᠠᠶᠢᠴᠠᠭᠠᠬᠤ ᠠᠷᠭ᠎ᠠ ᠶᠢᠨ ᠨᠤᠷᠮ᠎ᠠ | ᠵᠢᠴᠢ ᠪᠠᠶᠢᠴᠠᠭᠠᠨ ᠰᠢᠯᠭᠠᠭᠰᠠᠨ᠂ ᠬᠤᠪᠢ ᠶᠢᠨ ᠵᠠᠷᠤᠳᠠᠯ ᠤᠨ ᠡᠮ ᠤᠨ ᠵᠦᠢᠯᠡᠰ ︵ᠡᠮᠨᠡᠯᠭᠡ ᠶᠢᠨ ᠬᠤᠷᠢᠶ᠎ᠠ ᠶᠢᠨ | ᠨᠠᠶᠢᠷᠠᠯᠲᠠ ᠶᠢ ᠪᠠᠭᠲᠠᠭᠠᠨ᠎ᠠ︶᠂ ᠡᠮ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠵᠡᠷᠭᠡ ᠶᠢᠨ ᠡᠮᠴᠢᠯᠡᠭᠡᠨ ᠤ | ᠣᠷᠣᠯᠭ᠎ᠠ ᠶᠢᠨ ᠬᠠᠷᠢᠴᠠᠯ ᠳᠠᠬᠢ ᠡᠵᠡᠯᠡᠬᠦ ᠪᠠᠶᠢᠳᠠᠯ ᠢ ᠭᠤᠣᠯᠳᠠᠯᠭ᠎ᠠ ᠲᠠᠢ ᠬᠢᠨᠠᠨ ᠡᠵᠡᠮᠳᠡᠬᠦ ᠬᠡᠷᠡᠭᠲᠡᠢ᠃ 2016 | ᠣᠨ ᠤ ᠵᠢᠯ ᠤᠨ ᠰᠡᠭᠦᠯᠴᠢ ᠪᠣᠯᠲᠠᠯ᠎ᠠ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ᠂ ᠡᠮᠨᠡᠯᠭᠡ ᠳᠤ ᠰᠠᠭᠤᠭᠰᠠᠨ ᠡᠪᠡᠳᠴᠢᠲᠡᠨ ᠤ ᠬᠦᠮᠦᠨ ᠪᠦᠷᠢ ᠶᠢᠨ | ᠳᠤᠮᠳᠠᠴᠢ ᠵᠠᠷᠤᠳᠠᠯ ᠪᠣᠯᠣᠨ ᠶᠡᠷᠦᠩᠬᠡᠢ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠠᠭᠤᠷᠠᠭᠤᠯᠵᠤ᠂ ᠡᠮᠴᠢᠯᠡᠭᠡᠨ ᠤ | ᠦᠢᠯᠡᠴᠢᠯᠡᠭᠡ ᠶᠢᠨ ᠣᠷᠣᠯᠭ᠎ᠠ ︵ᠡᠮ ᠤᠨ ᠵᠦᠢᠯᠡᠰ᠂ ᠬᠤᠷᠤᠭᠳᠠᠯ ᠮᠠᠲ᠋ᠧᠷᠢᠶᠠᠯ ᠪᠣᠯᠣᠨ ᠲᠤᠮᠤ ᠬᠡᠯᠪᠡᠷᠢ ᠶᠢᠨ | ᠲᠥᠭᠦᠭᠡᠷᠦᠮᠵᠢ ᠶᠢᠨ ᠪᠠᠶᠢᠴᠠᠭᠠᠯᠲᠠ ᠶᠢᠨ ᠣᠷᠣᠯᠭ᠎ᠠ ᠶᠢ ᠪᠠᠭᠲᠠᠭᠠᠬᠤ ᠦᠭᠡᠢ︶ ᠶᠢᠨ ᠲᠣᠬᠠᠶᠢᠯᠠᠭᠰᠠᠨ ᠠᠵᠢᠯ ᠤᠨ | ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠬᠦ ᠬᠡᠷᠡᠭᠲᠡᠢ᠃ ᠡᠪᠡᠳᠴᠢᠲᠡᠨ ᠤ ᠦᠪᠡᠷ ᠢᠶᠠᠨ ᠲᠦᠯᠦᠬᠦ | ᠡᠮᠴᠢᠯᠡᠭᠡᠨ ᠤ ᠵᠠᠷᠤᠳᠠᠯ ᠤᠨ ᠶᠡᠷᠦᠩᠬᠡᠢ ᠡᠮᠴᠢᠯᠡᠭᠡᠨ ᠤ ᠵᠠᠷᠤᠳᠠᠯ ᠳᠠᠬᠢ ᠡᠵᠡᠯᠡᠬᠦ ᠬᠠᠷᠢᠴᠠᠯ ᠢ ᠪᠠᠭᠤᠷᠠᠭᠤᠯᠬᠤ ᠬᠡᠷᠡᠭᠲᠡᠢ | ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠬᠠᠷᠢᠭᠤᠴᠠᠨ᠎ᠠ︶ | 27. ᠡᠮᠨᠡᠯᠭᠡ ᠶᠢᠨ ᠠᠵᠢᠯᠲᠠᠨ ᠤ ᠠᠵᠢᠯ ᠡᠷᠬᠢᠯᠡᠬᠦ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠴᠢᠩᠭᠠᠳᠬᠠᠬᠤ | ᠬᠡᠷᠡᠭᠲᠡᠢ᠃ ᠵᠦᠢ ᠵᠣᠬᠢᠰᠲᠠᠢ ᠪᠠᠷ ᠡᠮ ᠬᠡᠷᠡᠭᠯᠡᠬᠦ᠂ ᠵᠦᠢ ᠵᠣᠬᠢᠰᠲᠠᠢ ᠪᠠᠷ ᠮᠠᠲ᠋ᠧᠷᠢᠶᠠᠯ ᠬᠡᠷᠡᠭᠯᠡᠬᠦ᠂ ᠵᠦᠢ | ᠵᠣᠬᠢᠰᠲᠠᠢ ᠪᠠᠷ ᠪᠠᠶᠢᠴᠠᠭᠠᠬᠤ ᠶᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠵᠣᠷ ᠪᠢᠴᠢᠬᠦ ᠠᠵᠢᠯᠯᠠᠭ᠎ᠠ ᠶᠢ ᠬᠢᠨᠠᠨ | ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠪᠠᠺᠲ᠋ᠧᠷᠢ ᠳᠠᠷᠤᠬᠤ ᠡᠮ ᠤᠨ ᠵᠦᠢᠯᠡᠰ ᠢ ᠳᠡᠰ ᠬᠤᠪᠢᠶᠠᠨ ᠬᠠᠮᠢᠶᠠᠷᠬᠤ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠺᠲ᠋ᠧᠷᠢ ᠳᠠᠷᠤᠬᠤ ᠡᠮ ᠤᠨ ᠵᠦᠢᠯᠡᠰ ᠢ ᠢᠯᠡᠭᠦᠦ ᠬᠡᠷᠡᠭᠯᠡᠵᠦ ᠪᠠᠶᠢᠬᠤ | ᠡᠮ ᠤᠨ ᠵᠦᠢᠯᠡᠰ ᠤᠨ ᠬᠡᠮᠵᠢᠶ᠎ᠠ ᠵᠢᠴᠢ ᠡᠮᠴᠢ ᠶᠢ ᠢᠯᠡ ᠪᠠᠷ ᠨᠡᠶᠢᠲᠡᠯᠡᠬᠦ ᠬᠡᠷᠡᠭᠲᠡᠢ᠃ ᠦᠨᠳᠦᠷ ᠥᠷᠳᠡᠭ ᠲᠠᠢ | ᠡᠮ ᠳᠤ ᠬᠡᠷᠡᠭᠯᠡᠬᠦ ᠬᠤᠷᠤᠭᠳᠠᠯ ᠮᠠᠲ᠋ᠧᠷᠢᠶᠠᠯ ᠢ ᠵᠦᠢ ᠵᠣᠬᠢᠰ ᠦᠭᠡᠢ ᠪᠠᠷ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ | ᠡᠭᠡᠭᠦᠯᠦᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠠᠵᠤ ᠠᠬᠤᠢ ᠶᠢᠨ ᠠᠰᠢᠭ ᠲᠤᠰᠠ ᠶᠢ ᠬᠦᠭᠡᠭᠡᠴᠡᠯᠳᠦᠵᠦ | ᠵᠦᠢ ᠵᠣᠬᠢᠰ ᠦᠭᠡᠢ ᠪᠠᠷ ᠡᠮ ᠬᠡᠷᠡᠭᠯᠡᠬᠦ᠂ ᠮᠠᠲ᠋ᠧᠷᠢᠶᠠᠯ ᠬᠡᠷᠡᠭᠯᠡᠬᠦ ᠪᠠ ᠪᠠᠶᠢᠴᠠᠭᠠᠬᠤ ᠰᠢᠯᠭᠠᠨ ᠪᠠᠶᠢᠴᠠᠭᠠᠬᠤ ᠵᠡᠷᠭᠡ | ᠦᠢᠯᠡ ᠠᠵᠢᠯᠯᠠᠭ᠎ᠠ ᠶᠢ ᠴᠠᠭ ᠲᠣᠬᠠᠢ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ︵ᠦᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠬᠠᠷᠢᠭᠤᠴᠠᠨ᠎ᠠ︶ | 28. ᠨᠡᠶᠢᠭᠡᠮ ᠤᠨ ᠬᠢᠨᠠᠯᠲᠠ ᠲᠠᠯᠪᠢᠬᠤ ᠪᠠ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠪᠠᠷ ᠨᠡᠶᠢᠲᠡᠯᠡᠬᠦ ᠳᠦᠷᠢᠮ ᠢ ᠪᠠᠶᠢᠭᠤᠯᠤᠨ᠂ ᠮᠡᠳᠡᠭᠡ | ᠵᠠᠩᠭᠢ ᠶᠢᠨ ᠰᠢᠰᠲ᠋ᠧᠮ ᠢ ᠬᠡᠷᠡᠭᠯᠡᠨ ᠲᠤᠭ᠎ᠠ ᠪᠠᠷᠢᠮᠲᠠ ᠴᠤᠭᠯᠠᠭᠤᠯᠵᠤ᠂ ᠡᠳ᠋ ᠤᠨ ᠶᠠᠪᠤᠳᠠᠯ ᠤᠨ ᠪᠠᠶᠢᠳᠠᠯ᠂ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ᠂ ᠶᠠᠰᠤ ᠴᠢᠨᠠᠷ ᠤᠨ ᠠᠮᠦᠷ ᠲᠥᠪᠰᠢᠨ᠂ ᠦᠨ᠎ᠡ | ᠬᠠᠩᠰᠢ ᠪᠣᠯᠣᠨ ᠡᠮᠴᠢᠯᠡᠭᠡᠨ ᠤ ᠵᠠᠷᠤᠳᠠᠯ ᠵᠡᠷᠭᠡ ᠮᠡᠳᠡᠭᠡ ᠵᠠᠩᠭᠢ ᠶᠢ ᠭᠤᠣᠯᠳᠠᠯᠭ᠎ᠠ ᠲᠠᠢ ᠢᠯᠡ ᠪᠣᠯᠭᠠᠬᠤ ᠬᠡᠷᠡᠭᠲᠡᠢ᠃ | ᠡᠮᠴᠢᠯᠡᠭᠡᠨ ᠤ ᠠᠵᠢᠯ ᠲᠦᠷᠦᠯ ᠤᠨ ᠨᠡᠶᠢᠭᠡᠮᠯᠢᠭ ︵ᠡᠷᠳᠡᠮ ᠰᠢᠨᠵᠢᠯᠡᠭᠡᠨ ᠤ ᠨᠡᠶᠢᠭᠡᠮᠯᠢᠭ︶ ᠵᠡᠷᠭᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠢᠨ ᠤ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ᠂ ᠬᠢᠨᠠᠯᠲᠠ ᠲᠠᠯᠪᠢᠬᠤ ᠪᠠ | ᠠᠵᠢᠯ ᠮᠡᠷᠭᠡᠵᠢᠯ ᠤᠨ ᠶᠤᠰᠤ ᠮᠤᠷᠠᠯ ᠤᠨ ᠪᠠᠶᠢᠭᠤᠯᠤᠯᠲᠠ ᠳᠤᠮᠳᠠᠬᠢ ᠦᠢᠯᠡᠳᠦᠯ ᠢ ᠴᠢᠩᠭᠠᠳᠬᠠᠵᠤ᠂ ᠬᠤᠰᠢᠭᠤ | ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠬᠠᠤᠯᠢ ᠶᠤᠰᠤᠭᠠᠷ ᠡᠵᠡᠩᠨᠡᠬᠦ᠂ | ᠦᠪᠡᠷ ᠢ ᠪᠠᠨ ᠴᠢᠩᠭ᠎ᠠ ᠱᠠᠭᠠᠷᠳᠠᠬᠤ ᠶᠢ ᠬᠦᠲᠦᠯᠦᠨ ᠵᠢᠯᠤᠭᠤᠳᠬᠤ ᠬᠡᠷᠡᠭᠲᠡᠢ᠃ ᠡᠮᠴᠢᠯᠡᠭᠡᠨ ᠤ ᠶᠠᠰᠤ ᠴᠢᠨᠠᠷ᠂ | ᠮᠡᠷᠭᠡᠵᠢᠯ᠂ ᠠᠮᠦᠷ ᠲᠥᠪᠰᠢᠨ ᠪᠣᠯᠣᠨ ᠦᠢᠯᠡᠴᠢᠯᠡᠭᠡ ᠶᠢ ᠦᠨᠡᠯᠡᠨ ᠵᠢᠱᠢᠵᠦ ᠭᠡᠷᠡᠴᠢᠯᠡᠬᠦ ᠳᠦᠷᠢᠮ ᠢ ᠦᠭᠡᠷᠡᠴᠢᠯᠡᠨ | ᠲᠡᠭᠦᠯᠳᠡᠷᠵᠢᠭᠦᠯᠬᠦ ᠬᠡᠷᠡᠭᠲᠡᠢ᠃ ᠭᠤᠷᠪᠠᠳᠡᠬᠢ ᠡᠲᠡᠭᠡᠳ ᠤᠨ ᠦᠨᠡᠯᠡᠯᠲᠡ ᠬᠢᠬᠦ ᠲᠣᠭᠲᠠᠴᠠ ᠶᠢ ᠰᠦᠪᠡᠭᠴᠢᠯᠡᠨ | ᠪᠠᠶᠢᠭᠤᠯᠬᠤ ᠬᠡᠷᠡᠭᠲᠡᠢ᠃ ︵ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ ᠠᠴᠠ ᠬᠠᠷᠢᠭᠤᠴᠠᠨ᠎ᠠ︶ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠤᠭᠤᠳ ᠲᠤᠰ ᠵᠠᠰᠠᠭ ᠵᠠᠬᠢᠷᠭᠠᠨ ᠤ | ᠣᠷᠣᠨ ᠤ ᠳᠤᠲᠤᠷᠠᠬᠢ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠨᠢᠭᠡᠲᠦᠯᠲᠡᠢ ᠲᠦᠯᠦᠪᠯᠡᠬᠦ ᠪᠠ ᠵᠣᠬᠢᠴᠠᠭᠤᠯᠤᠨ ᠠᠬᠢᠭᠤᠯᠵᠤ᠂ ᠲᠤᠰ ᠭᠠᠵᠠᠷ | ᠣᠷᠣᠨ ᠤ ᠪᠤᠲᠠᠲᠠᠢ ᠲᠠᠢ ᠪᠠᠨ ᠤᠶᠠᠯᠳᠤᠭᠤᠯᠤᠨ᠂ ᠲᠥᠷᠥ ᠠᠯᠪᠠᠨ ᠲᠠᠷᠬᠠᠭᠠᠭᠰᠠᠨ ﹇2015﹈ 33 ᠳ᠋ᠤᠭᠠᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠣᠨ ᠲᠤᠰ ᠬᠡᠷᠡᠭᠵᠢᠭᠦᠯᠬᠦ ᠲᠦᠰᠦᠯ ᠤᠨ ᠱᠠᠭᠠᠷᠳᠠᠯᠭ᠎ᠠ | ᠶᠤᠰᠤᠭᠠᠷ᠂ ᠪᠣᠲᠠᠲᠠᠢ ᠬᠡᠷᠡᠭᠵᠢᠭᠦᠯᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠪᠣᠯ | ᠦᠭᠡᠷᠡᠴᠢᠯᠡᠯᠲᠡ ᠶᠢ ᠬᠡᠷᠡᠭᠵᠢᠭᠦᠯᠬᠦ ᠭᠤᠣᠯ ᠴᠣᠭᠴᠠ ᠪᠣᠯᠬᠤᠷ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ | ᠳᠦᠷᠢᠮ ᠢᠶᠠᠨ ᠪᠦᠷᠢᠨᠰᠢᠭᠦᠯᠬᠦ ᠬᠡᠷᠡᠭᠲᠡᠢ᠂ ᠣᠷᠣᠨ ᠪᠦᠰᠡ᠂ ᠰᠠᠯᠠᠭ᠎ᠠ ᠮᠦᠴᠢᠷ᠂ ᠲᠥᠷᠥ ᠶᠢᠨ ᠪᠣᠳᠣᠯᠭ᠎ᠠ ᠪᠠᠷ | ᠬᠤᠯᠪᠤᠭᠠᠯᠠᠨ ᠦᠢᠯᠡᠳᠦᠯᠴᠡᠬᠦ ᠪᠠ ᠪᠣᠲᠠᠲᠠᠢ ᠶᠢ ᠡᠷᠬᠢᠮᠯᠡᠨ ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠬᠤᠰᠢᠭᠤ | ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠤᠨ ᠨᠢ ᠦᠭᠡᠷᠡᠴᠢᠯᠡᠯᠲᠡ ᠶᠢ ᠠᠬᠢᠭᠤᠯᠬᠤ ᠬᠦᠴᠦᠨ ᠲᠡᠭᠦᠯᠳᠡᠷ | ᠤᠳᠤᠷᠢᠳᠤᠯᠭ᠎ᠠ ᠶᠢᠨ ᠲᠣᠭᠲᠠᠴᠠ ᠪᠣᠯᠣᠨ ᠠᠵᠢᠯ ᠤᠨ ᠲᠣᠭᠲᠠᠴᠠ ᠶᠢ ᠪᠠᠶᠢᠭᠤᠯᠵᠤ᠂ ᠭᠤᠣᠯ ᠪᠣᠯᠬᠤ | ᠤᠳᠤᠷᠢᠳᠤᠯᠭ᠎ᠠ ᠨᠢ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠂ ᠬᠤᠪᠢᠳᠠᠨ | ᠬᠠᠮᠢᠶᠠᠷᠬᠤ ᠤᠳᠤᠷᠢᠳᠤᠯᠭ᠎ᠠ ᠨᠢ ᠪᠤᠲᠠᠲᠠᠢ ᠠᠳᠬᠤᠵᠤ᠂ ᠡᠯ᠎ᠡ ᠵᠦᠢᠯ ᠤᠨ ᠦᠭᠡᠷᠡᠴᠢᠯᠡᠯᠲᠡ ᠶᠢᠨ ᠡᠭᠦᠷᠭᠡ ᠶᠢ ᠦᠨᠡᠨᠬᠦ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠰᠠᠯᠠᠭ᠎ᠠ ᠮᠦᠴᠢᠷ ᠤᠳ ᠤᠨ ᠵᠣᠬᠢᠴᠠᠯᠳᠣᠯᠭᠠ ᠶᠢ ᠴᠢᠩᠭᠠᠳᠬᠠᠬᠤ ᠬᠡᠷᠡᠭᠲᠡᠢ᠃ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠤᠰᠤᠭᠠᠷ ᠨᠢᠭᠲᠠ | ᠬᠠᠮᠵᠢᠯᠴᠠᠨ᠂ ᠬᠠᠮᠢᠶ᠎ᠠ ᠪᠦᠬᠦᠢ ᠳᠦᠬᠦᠷᠵᠢᠭᠦᠯᠬᠦ ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠭᠠᠷᠭᠠᠵᠤ᠂ ᠣᠷᠣᠨ | ᠨᠤᠲᠤᠭ ᠲᠤ ᠵᠣᠬᠢᠬᠤ ᠡᠵᠡᠨ ᠮᠡᠳᠡᠬᠦ ᠡᠷᠬᠡ ᠶᠢ ᠣᠯᠭᠤᠨ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ | ᠬᠦᠴᠦᠨ ᠲᠡᠭᠦᠯᠳᠡᠷ ᠪᠠᠲᠤᠯᠠᠭ᠎ᠠ ᠶᠢ ᠬᠠᠩᠭᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠣᠷᠤᠭᠤᠯᠤᠯᠲᠠ ᠬᠢᠬᠦ ᠪᠠ ᠨᠦᠬᠦᠪᠦᠷᠢ ᠥᠭᠬᠦ | ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠤᠰᠠᠯᠠᠮᠵᠢ ᠥᠭᠬᠦ ᠪᠡᠯᠡ | ᠮᠦᠩᠭᠦ ᠶᠢ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠣᠷᠤᠭᠤᠯᠤᠯᠲᠠ ᠶᠢᠨ ᠪᠡᠯᠡ ᠮᠦᠩᠭᠦ ᠳᠠᠬᠢ ᠠᠵᠢᠯ ᠤᠨ | ᠠᠮᠵᠢᠯᠲᠠ ᠪᠦᠲᠦᠮᠵᠢ ᠶᠢ ᠦᠨᠡᠯᠡᠬᠦ ᠪᠠ ᠪᠡᠯᠡ ᠮᠦᠩᠭᠦ ᠶᠢ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ | ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠳ ᠠᠵᠢᠯᠲᠠᠨ ᠤ | ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠪᠣᠯᠣᠨ ᠡᠮᠴᠢᠯᠡᠭᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠡᠪᠴᠡᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠵᠢᠯᠲᠠᠨ ᠤ ᠶᠠᠪᠤᠳᠠᠯ ᠤᠨ ᠳᠦᠷᠢᠮ ᠳᠤ | ᠦᠭᠡᠷᠡᠴᠢᠯᠡᠯᠲᠡ ᠬᠢᠵᠦ᠂ ᠡᠮᠴᠢᠯᠡᠭᠡᠨ ᠤ ᠳᠠᠭᠠᠳᠬᠠᠯ ᠤᠨ ᠮᠦᠩᠭᠦ ᠣᠯᠭᠤᠬᠤ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠢ | ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠣᠷᠣᠨ ᠲᠤᠭ᠎ᠠ ᠶᠢᠨ ᠰᠠᠯᠠᠭ᠎ᠠ ᠮᠦᠴᠢᠷ ᠤᠳ | ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠳᠡᠬᠦ᠂ ᠦᠯᠡᠳᠡᠭᠡᠯ ᠢ ᠴᠢᠯᠦᠭᠡᠲᠡᠢ ᠭᠦᠢᠯᠭᠡᠭᠡᠬᠦ᠂ ᠪᠦᠲᠦᠴᠡ ᠶᠢ | ᠰᠢᠯᠢᠳᠡᠭᠵᠢᠭᠦᠯᠬᠦ᠂ ᠨᠡᠮᠡᠵᠦ ᠬᠠᠰᠤᠬᠤ ᠶᠢ ᠲᠡᠩᠴᠡᠭᠦᠷᠢᠵᠢᠭᠦᠯᠬᠦ ᠵᠠᠷᠴᠢᠮ ᠶᠤᠰᠤᠭᠠᠷ᠂ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠨ ᠲᠤᠭ᠎ᠠ ᠶᠢ ᠰᠢᠨᠵᠢᠯᠡᠬᠦ ᠤᠬᠠᠭᠠᠨᠴᠢ | ᠪᠦᠭᠡᠳ ᠵᠦᠢ ᠵᠣᠬᠢᠰᠲᠠᠢ ᠪᠠᠷ ᠬᠢᠨᠠᠨ ᠲᠣᠭᠲᠠᠭᠠᠬᠤ ᠬᠡᠷᠡᠭᠲᠡᠢ᠃ ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ | ᠮᠦᠴᠢᠷ ᠤᠳ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ | ᠡᠮᠨᠡᠯᠭᠡ ᠶᠢᠨ ᠦᠨ᠎ᠡ ᠬᠠᠩᠰᠢ ᠶᠢ ᠲᠣᠬᠢᠷᠠᠭᠤᠯᠬᠤ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠢᠶ᠎ᠠ | ᠪᠦᠬᠦᠢ ᠦᠨ᠎ᠡ ᠬᠠᠩᠰᠢ ᠶᠢᠨ ᠦᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠬᠢᠨᠠᠨ ᠰᠢᠯᠭᠠᠬᠤ᠂ ᠦᠨᠡᠯᠡᠨ ᠵᠢᠱᠢᠬᠦ | ᠪᠠ ᠬᠢᠨᠠᠨ ᠪᠠᠶᠢᠴᠠᠭᠠᠬᠤ ᠠᠵᠢᠯ ᠢ ᠦᠷᠨᠢᠭᠦᠯᠬᠦ ᠬᠡᠷᠡᠭᠲᠡᠢ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠰᠠᠯᠠᠭ᠎ᠠ ᠮᠦᠴᠢᠷ ᠤᠳ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠯᠲᠠ᠂ ᠰᠢᠯᠭᠠᠨ ᠬᠢᠨᠠᠯᠲᠠ᠂ ᠦᠨᠡᠯᠡᠯᠲᠡ ᠶᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ ᠪᠣᠯᠣᠨ | ᠨᠡᠶᠢᠭᠡᠮ ᠤᠨ ᠳᠠᠰ ᠳᠠᠪᠬᠤᠷᠭ᠎ᠠ ᠳᠤ ᠬᠠᠨᠳᠤᠭᠤᠯᠤᠭᠰᠠᠨ ᠤᠬᠠᠭᠤᠯᠭ᠎ᠠ ᠶᠢᠨ ᠠᠵᠢᠯ ᠢ ᠲᠦᠷᠦᠭᠦᠯᠡᠨ ᠰᠠᠶᠢᠲᠤᠷ ᠬᠢᠬᠦ | ᠬᠡᠷᠡᠭᠲᠡᠢ᠃ | ︵ᠭᠤᠷᠪᠠ︶ ᠡᠮᠨᠡᠯᠭᠡ ᠡᠷᠬᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠣᠷᠣᠯᠴᠠᠭᠴᠢ᠂ ᠬᠡᠷᠡᠭᠵᠢᠭᠦᠯᠦᠭᠴᠢ ᠪᠠ ᠠᠬᠢᠭᠤᠯᠤᠭᠴᠢ ᠪᠣᠯᠬᠤᠷ ᠤᠬᠠᠮᠰᠠᠷ ᠠᠴᠠ ᠪᠠᠨ ᠪᠦᠬᠦ ᠲᠠᠯ᠎ᠠ ᠶᠢᠨ ᠦᠵᠡᠯ | ᠤᠬᠠᠮᠰᠠᠷ ᠪᠣᠯᠣᠨ ᠦᠭᠡᠷᠡᠴᠢᠯᠡᠯᠲᠡ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠪᠠᠶᠢᠳᠠᠯ ᠢ ᠡᠵᠡᠮᠳᠡᠨ᠂ ᠥᠷᠭᠡᠨ | ᠣᠯᠠᠨ ᠡᠮᠨᠡᠯᠭᠡ ᠶᠢᠨ ᠠᠵᠢᠯᠲᠠᠨ ᠤ ᠦᠭᠡᠷᠡᠴᠢᠯᠡᠯᠲᠡ ᠳᠤ ᠢᠳᠡᠪᠬᠢᠲᠡᠢ ᠣᠷᠤᠯᠴᠠᠬᠤ ᠶᠢ ᠳᠠᠶᠢᠴᠢᠯᠠᠬᠤ ᠪᠠ ᠵᠣᠬᠢᠶᠠᠨ | ᠪᠠᠶᠢᠭᠤᠯᠵᠤ᠂ ᠡᠯ᠎ᠡ ᠵᠦᠢᠯ ᠤᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠵᠢᠱᠢᠭᠰᠡᠨ ᠬᠠᠷᠠᠯᠲᠠ ᠶᠢ ᠪᠦᠬᠦ ᠲᠠᠯ᠎ᠠ ᠪᠠᠷ | ᠪᠡᠶᠡᠯᠡᠭᠦᠯᠬᠦ ᠬᠡᠷᠡᠭᠲᠡᠢ᠃ ᠡᠮᠨᠡᠯᠭᠡ ᠡᠷᠬᠢᠯᠡᠬᠦ ᠴᠢᠭᠯᠡᠯ ᠢ ᠲᠥᠪ ᠪᠣᠯᠭᠠᠵᠤ᠂ ᠴᠢᠳᠠᠮᠵᠢ ᠪᠠᠷ ᠪᠠᠶᠢᠷᠢ ᠲᠣᠭᠲᠠᠭᠠᠬᠤ ᠶᠢ | ᠪᠠᠷᠢᠮᠲᠠᠯᠠᠨ᠂ ᠲᠤᠳᠤᠭᠠᠲᠤ ᠶᠢᠨ ᠬᠠᠮᠢᠶᠠᠷᠤᠯᠲᠠ ᠪᠣᠯᠣᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ | ᠴᠢᠩᠭᠠᠳᠬᠠᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠣᠯᠣᠨ ᠠᠵᠢᠯᠯᠠᠭᠠᠨ ᠤ ᠦᠷ᠎ᠡ ᠪᠦᠲᠦᠮᠵᠢ ᠶᠢ ᠦᠨᠡᠨᠬᠦ | ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ᠂ ᠦᠨ᠎ᠡ ᠬᠠᠩᠰᠢ᠂ ᠣᠷᠤᠭᠤᠯᠤᠯᠲᠠ᠂ ᠠᠵᠢᠯᠲᠠᠨ ᠤ ᠶᠠᠪᠤᠳᠠᠯ ᠵᠡᠷᠭᠡ | ᠦᠭᠡᠷᠡᠴᠢᠯᠡᠯᠲᠡ ᠳᠤ ᠨᠦᠬᠦᠴᠡᠯ ᠡᠭᠦᠳᠴᠦ᠂ ᠵᠠᠰᠠᠭ ᠤᠨ ᠣᠷᠳᠣᠨ ᠤ ᠡᠮ ᠡᠮᠨᠡᠯᠭᠡ ᠶᠢᠨ ᠦᠭᠡᠷᠡᠴᠢᠯᠡᠯᠲᠡ ᠶᠢ | ᠠᠬᠢᠭᠤᠯᠤᠭᠰᠠᠨ ᠦᠷ᠎ᠡ ᠪᠦᠲᠦᠭᠡᠯ ᠢ ᠠᠷᠠᠳ ᠣᠯᠠᠨ ᠳᠤ ᠨᠡᠩ ᠢᠯᠡᠭᠦᠦ ᠨᠡᠩ ᠲᠥᠷᠭᠡᠨ ᠬᠦᠷᠲᠡᠭᠡᠬᠦ ᠬᠡᠷᠡᠭᠲᠡᠢ᠃ | ︵ᠳᠥᠷᠪᠡ︶ ᠰᠢᠮᠳᠠᠭᠤᠯᠤᠨ ᠵᠢᠯᠤᠭᠤᠳᠴᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠢ᠃ ᠦᠪᠡᠷᠲᠡᠭᠡᠨ | ᠵᠠᠰᠠᠬᠤ ᠣᠷᠣᠨ ᠪᠣᠯᠣᠨ ᠡᠯ᠎ᠡ ᠠᠶᠢᠮᠠᠭ ᠬᠤᠲᠠ ᠨᠤᠭᠤᠳ ᠰᠢᠮᠳᠠᠭᠤᠯᠤᠨ ᠵᠢᠯᠤᠭᠤᠳᠬᠤ᠂ ᠰᠢᠯᠭᠠᠨ ᠬᠢᠨᠠᠬᠤ᠂ | ᠦᠨᠡᠯᠡᠨ ᠵᠢᠱᠢᠬᠦ᠂ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠰᠢᠭᠤ ᠰᠢᠶᠠᠨ ︵ᠬᠤᠲᠠ︶ | ᠢ ᠰᠢᠮᠳᠠᠭᠤᠯᠤᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠡᠭᠦᠷᠭᠡ ᠶᠢ ᠪᠦᠬᠦᠯᠢ ᠴᠣᠭᠴᠠ ᠪᠠᠷ ᠠᠬᠢᠭᠤᠯᠬᠤ ᠶᠢᠨ ᠬᠠᠮᠲᠤ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠤᠰᠢᠭᠤ | ᠰᠢᠶᠠᠨ ︵ᠬᠤᠲᠠ︶ ᠤ ᠠᠷᠠᠳ ᠤᠨ ᠵᠠᠰᠠᠭ ᠤᠨ ᠣᠷᠳᠤᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠠᠭᠤᠯᠭ᠎ᠠ ᠳᠤ ᠣᠷᠤᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠪᠠᠷᠢᠯ ᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨᠬᠦ | ᠪᠠᠲᠤᠯᠬᠠᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠦᠷ᠎ᠡ ᠳ᠋ᠦᠩ ᠤᠨ ᠦᠨᠡᠯᠡᠯᠲᠡ ᠶᠢᠨ ᠭᠦᠢᠴᠡᠳᠭᠡᠯ | ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠦᠷᠳᠡᠵᠦ ᠦᠨᠡᠯᠡᠨ ᠵᠢᠱᠢᠬᠦ ᠶᠢ ᠴᠢᠩᠭᠠᠳᠬᠠᠨ᠂ | ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ | ᠠᠬᠢᠴᠠ ᠶᠢᠨ ᠪᠠᠶᠢᠳᠠᠯ ᠢ ᠲᠤᠰᠬᠠᠢ ᠰᠢᠮᠳᠠᠭᠤᠯᠤᠨ ᠪᠠᠶᠢᠴᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ | ᠬᠢᠨᠠᠵᠤ᠂ ᠴᠠᠭ ᠲᠤᠨᠢ ᠲᠣᠬᠢᠷᠠᠭᠤᠯᠤᠨ ᠮᠡᠳᠡᠭᠡᠯᠡᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠡᠳ᠋ ᠤᠨ ᠵᠠᠰᠠᠭ ᠤᠨ | ᠲᠤᠰᠠᠯᠠᠮᠵᠢ ᠥᠭᠬᠦ ᠪᠡᠯᠡ ᠮᠦᠩᠭᠦ ᠯᠦᠭᠡ ᠬᠤᠯᠪᠣᠭᠳᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ | ᠦᠭᠡᠷᠡᠴᠢᠯᠡᠯᠲᠡ ᠯᠦᠭᠡ ᠬᠤᠯᠪᠤᠭᠳᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠢᠯᠤᠭᠤᠳᠤᠨ | ᠰᠤᠳᠤᠯᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠬᠦ | ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠦᠭᠡᠷᠡᠴᠢᠯᠡᠯᠲᠡ ᠶᠢ ᠶᠠᠪᠤᠭᠳᠠᠭᠤᠯᠬᠤ ᠶᠠᠪᠤᠴᠠ ᠳᠤᠮᠳᠠ ᠲᠤᠯᠭᠠᠷᠠᠭᠰᠠᠨ | ᠴᠢᠬᠤᠯᠠ ᠪᠠᠶᠢᠳᠠᠯ᠂ ᠴᠢᠬᠤᠯᠠ ᠶᠡᠭᠡ ᠠᠰᠠᠭᠤᠳᠠᠯ ᠵᠢᠴᠢ ᠤᠯᠤᠭᠰᠠᠨ ᠴᠢᠬᠤᠯᠠ ᠶᠡᠭᠡ ᠠᠬᠢᠴᠠ ᠪᠣᠯᠣᠨ ᠴᠢᠬᠤᠯᠠ | ᠲᠣᠷᠰᠢᠯᠭ᠎ᠠ ᠶᠢ ᠦᠪᠡᠷᠲᠡᠭᠡᠨ ᠵᠠᠰᠬᠠᠤ ᠣᠷᠣᠨ ᠤ ᠡᠮ ᠡᠮᠨᠡᠯᠭᠡ ᠶᠢᠨ ᠦᠭᠡᠷᠡᠴᠢᠯᠡᠯᠲᠡ ᠶᠢᠨ ᠠᠯᠪᠠᠨ ᠭᠡᠷ ᠪᠣᠯᠣᠨ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ᠃ | ︵ᠲᠠᠪᠤ︶ ᠤᠬᠠᠭᠤᠯᠭ᠎ᠠ ᠪᠤᠯᠪᠠᠰᠤᠷᠠᠭᠤᠯᠤᠯ ᠢ ᠰᠠᠶᠢᠲᠤᠷ ᠬᠢᠬᠦ ᠬᠡᠷᠡᠭᠲᠡᠢ᠃ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠪᠣᠯᠣᠨ ᠬᠦᠲᠦᠯᠦᠨ ᠵᠢᠯᠤᠭᠤᠳᠬᠤ ᠠᠵᠢᠯ ᠢ ᠴᠢᠩᠭᠠᠳᠬᠠᠵᠤ᠂ ᠬᠤᠰᠢᠭᠤ ᠰᠢᠶᠠᠨ ᠤ ᠱᠠᠲᠤᠨ ᠤ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠯᠦᠭᠡ | ᠬᠤᠯᠪᠤᠭᠳᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠮᠡᠳᠡᠭᠦᠯᠬᠦ ᠶᠢ ᠰᠠᠶᠢᠲᠤᠷ ᠬᠢᠵᠦ᠂ ᠦᠭᠡᠷᠡᠴᠢᠯᠡᠯᠲᠡ ᠶᠢᠨ | ᠨᠡᠶᠢᠲᠡᠯᠢᠭ ᠲᠣᠷᠰᠢᠯᠭ᠎ᠠ ᠪᠣᠯᠣᠨ ᠠᠬᠢᠴᠠ ᠶᠢᠨ ᠦᠷ᠎ᠡ ᠪᠦᠲᠦᠮᠵᠢ ᠶᠢ ᠶᠡᠬᠡᠪᠡᠷ ᠤᠬᠠᠭᠤᠯᠤᠨ᠂ ᠨᠡᠶᠢᠭᠡᠮ ᠤᠨ | ᠬᠠᠯᠠᠮᠵᠢᠯᠠᠵᠤ ᠪᠠᠶᠢᠭ᠎ᠠ ᠵᠦᠢᠯᠡᠰ ᠢ ᠴᠠᠭ ᠲᠣᠬᠠᠢ ᠳᠤᠨᠢ ᠬᠠᠷᠢᠭᠤ ᠲᠤᠰᠬᠠᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠪᠠ | ᠣᠯᠠᠨ ᠲᠦᠮᠡᠨ ᠤ ᠵᠢᠱᠢᠯᠲᠡ ᠪᠣᠳᠣᠯ ᠢ ᠵᠦᠢ ᠵᠣᠬᠢᠰᠲᠠᠢ ᠬᠦᠲᠦᠯᠦᠨ ᠵᠢᠯᠤᠭᠤᠳᠴᠤ᠂ ᠦᠭᠡᠷᠡᠴᠢᠯᠡᠯᠲᠡ ᠶᠢᠨ ᠰᠠᠶᠢᠨ | ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠨᠡᠶᠢᠲᠡᠯᠢᠭ | ᠲᠣᠷᠰᠢᠯᠭ᠎ᠠ ᠶᠢ ᠴᠠᠭ ᠲᠣᠬᠠᠢ ᠳᠤᠨᠢ ᠳ᠋ᠦᠩᠨᠡᠨ ᠳᠡᠯᠭᠡᠷᠡᠭᠦᠯᠵᠦ᠂ ᠦᠭᠡᠷᠡᠴᠢᠯᠡᠯᠲᠡ ᠶᠢᠨ ᠵᠢᠱᠢᠶ᠎ᠡ ᠦᠵᠡᠭᠦᠯᠵᠦ | ᠬᠦᠲᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠤᠯᠤᠰ ᠪᠠ ᠦᠪᠡᠷᠲᠡᠭᠡᠨ ᠵᠠᠰᠬᠠᠤ ᠣᠷᠣᠨ ᠤ | ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠦᠭᠡᠷᠡᠴᠢᠯᠡᠯᠲᠡ ᠶᠢᠨ ᠠᠵᠢᠯ ᠤᠨ ᠭᠠᠷ ᠠᠪᠤᠯᠭ᠎ᠠ ᠶᠢ ᠲᠣᠭᠲᠠᠭᠠᠵᠤ᠂ | ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠠᠷᠭ᠎ᠠ ᠵᠠᠮ ᠢ ᠨᠠᠷᠢᠯᠢᠬᠵᠢᠭᠤᠯᠤᠨ᠂ ᠲᠥᠷᠥ ᠶᠢᠨ ᠪᠣᠳᠣᠯᠭ᠎ᠠ ᠶᠢᠨ | ᠪᠣᠯᠪᠠᠰᠤᠷᠠᠭᠤᠯᠤᠯ ᠢ ᠢᠳᠡᠪᠬᠢᠲᠡᠢ ᠦᠷᠨᠢᠭᠦᠯᠵᠦ᠂ ᠪᠤᠯᠪᠠᠰᠤᠷᠠᠭᠤᠯᠤᠯ ᠢᠶᠠᠷ ᠳᠠᠮᠵᠢᠨ ᠬᠠᠮᠲᠤ ᠶᠢᠨ ᠲᠠᠨᠢᠯᠲᠠ ᠶᠢ | ᠤᠯᠠᠮ ᠨᠢᠭᠡ ᠠᠯᠬᠤᠮ ᠨᠢᠭᠲᠠᠷᠠᠭᠤᠯᠤᠨ᠂ ᠲᠥᠷᠥ ᠶᠢ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠵᠤ᠂ | ᠭᠤᠣᠯᠳᠠᠯᠭ᠎ᠠ ᠶᠢ ᠲᠤᠳᠤᠷᠬᠠᠶᠢᠯᠠᠨ᠂ ᠡᠯ᠎ᠡ ᠱᠠᠲᠤᠨ ᠤ ᠺᠠᠳ᠋ᠷᠴᠤᠳ ᠪᠣᠯᠣᠨ ᠡᠮᠨᠡᠯᠭᠡ ᠶᠢᠨ ᠬᠤᠷᠢᠶ᠎ᠠ ᠶᠢᠨ | ᠬᠠᠮᠢᠶᠠᠷᠤᠭᠴᠢᠳ ᠤᠨ ᠲᠥᠷᠥ ᠶᠢᠨ ᠪᠣᠳᠣᠯᠭ᠎ᠠ ᠶᠢᠨ ᠬᠢᠷᠢ ᠬᠡᠮᠵᠢᠶ᠎ᠡ ᠪᠣᠯᠣᠨ ᠬᠡᠷᠡᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠳᠠᠭᠠᠯᠳᠤᠭᠤᠯᠤᠯ᠄ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠬᠤ ᠭᠤᠣᠯᠳᠠᠯᠭ᠎ᠠ ᠲᠠᠢ ᠡᠭᠦᠷᠭᠡ | ᠠᠵᠢᠯ ᠤᠨ ᠬᠤᠪᠢᠶᠠᠷᠢᠯᠠᠯ ᠪᠣᠯᠣᠨ ᠠᠬᠢᠴᠠ ᠶᠢᠨ ᠲᠣᠬᠢᠷᠠᠭᠤᠯᠤᠯᠲᠠ ᠶᠢᠨ ᠬᠦᠰᠦᠨᠦᠭᠲᠦ | | | | |