| | ᠥᠪᠥᠷ ᠵᠠᠰᠠᠭ ᠠᠯᠪᠠᠨ ᠲᠠᠷᠬᠠᠭᠠᠭᠰᠠᠨ ﹇2015﹈ 101 ᠳ᠋ᠤᠭᠡᠷ ᠲᠤᠭᠠᠳᠤ | 2015 ᠣᠨ ᠤ 9 ᠳ᠋ᠤᠭᠡᠷ ᠰᠠᠷ᠎ᠠ ᠶᠢᠨ 28 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠵᠦᠢᠯ ︽ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠦᠨᠳᠦᠰᠦᠨ | ᠳᠠᠭᠠᠳᠬᠠᠯ ᠤᠨ ᠳᠦᠷᠢᠮ ᠢ ᠲᠣᠭᠲᠠᠭᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ | ᠲᠥᠷᠥ ᠲᠠᠷᠬᠠᠭᠠᠭᠰᠠᠨ ﹇1998﹈ 44 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠤᠨ ︽︿ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠠᠴᠠ ᠪᠠᠨ | ᠠᠮᠠᠷᠠᠭᠰᠠᠨ ᠵᠠᠷᠤᠳᠠᠯ᠂ ᠡᠮ ᠡᠮᠨᠡᠯᠭᠡ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠲᠣᠬᠠᠢ ᠲᠥᠪ ᠤᠨ ᠵᠣᠬᠢᠶᠠᠨ | ᠪᠠᠶᠢᠭᠤᠯᠬᠤ ᠭᠡᠯᠲᠡᠰ᠂ ᠤᠯᠤᠰ ᠤᠨ ᠠᠵᠤ ᠠᠬᠤᠢ ᠠᠷᠠᠯᠵᠢᠶ᠎ᠠ ᠶᠢᠨ ᠵᠦᠪᠯᠡᠯ᠂ ᠡᠳ᠋ ᠤᠨ ᠵᠠᠰᠠᠭ ᠤᠨ ᠶᠠᠮᠦᠨ᠂ | ᠠᠵᠢᠯᠲᠠᠨ ᠤ ᠶᠠᠮᠦᠨ᠂ ᠬᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠶᠠᠮᠦᠨ᠂ ᠡᠷᠡᠭᠦᠯ ᠬᠠᠮᠠᠭᠠᠯᠠᠯ ᠤᠨ ᠶᠠᠮᠤᠨ ᠤ | ᠰᠠᠨᠠᠯ﹀ ᠢ ᠤᠯᠠᠮᠵᠢᠯᠠᠨ ᠶᠠᠪᠤᠭᠤᠯᠬᠤ ᠲᠣᠬᠠᠢ ᠮᠡᠳᠡᠭᠳᠡᠯ︾ ︵ᠲᠥᠪ ᠠᠯᠪᠠᠨ ᠲᠢᠩᠬᠢᠮ ᠦᠰᠦᠭ ﹇2006﹈ 61 | ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ︽ᠬᠡᠷᠡᠭᠴᠡᠭᠡ ᠶᠢ ᠪᠠᠲᠤᠯᠠᠵᠤ᠂ ᠡᠮᠨᠡᠭᠦᠯᠬᠦ ᠳᠤ ᠳᠦᠭᠦᠮ᠂ | ᠬᠠᠮᠢᠶᠠᠷᠤᠯᠲᠠ ᠶᠢ ᠴᠢᠩᠭᠠᠳᠬᠠᠵᠤ᠂ ᠪᠦᠷᠢᠯᠭᠡᠬᠦ ᠶᠢ ᠰᠡᠷᠭᠡᠶᠢᠯᠡᠬᠦ︾ ᠵᠠᠷᠴᠢᠮ ᠢᠶᠠᠷ ᠮᠠᠨ ᠤ ᠣᠷᠣᠨ ᠤ ᠪᠤᠲᠠᠲᠠᠢ ᠲᠠᠢ | ᠤᠶᠠᠯᠳᠤᠭᠤᠯᠤᠨ᠂ ᠣᠨᠴᠤᠭᠤᠶᠢᠯᠠᠨ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠦᠬᠡᠬᠤᠲᠠ | ᠣᠷᠣᠨ ᠳᠤ ᠰᠠᠭᠤᠭ᠎ᠠ ᠣᠣᠯ ᠤᠨ ᠠᠯᠪᠠᠨ ᠵᠠᠷᠤᠳᠠᠯ ᠤᠨ ᠡᠮᠴᠢᠯᠡᠭᠡ ᠶᠢ ᠬᠦᠷᠲᠡᠵᠦ ᠪᠠᠶᠢᠭ᠎ᠠ ᠨᠢᠭᠡᠴᠡ ᠶᠢᠨ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠠ ᠡᠳ᠋ ᠤᠨ ᠵᠠᠰᠠᠭ ᠠᠴᠠ ᠡᠮ ᠡᠮᠨᠡᠯᠭᠡ ᠶᠢᠨ ᠵᠠᠷᠤᠳᠠᠯ ᠢ ᠪᠦᠬᠦ | ᠲᠤᠭ᠎ᠠ ᠪᠠᠷ ᠨᠢ ᠡᠬᠦᠷᠬᠡᠯᠡᠵᠦ ᠪᠠᠶᠢᠭ᠎ᠠ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠᠶᠢᠬᠤ ᠦᠭᠡᠢ ᠬᠠᠭᠠᠵᠤ᠂ | ᠵᠣᠭᠰᠣᠭᠠᠨ᠂ ᠲᠠᠮᠫᠤᠷᠠᠭᠰᠠᠨ ᠠᠵᠤ ᠠᠬᠤᠶᠢᠯᠠᠯ ᠤᠳ ᠤᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ︵ᠳᠣᠷᠤᠭᠰᠢ | ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠭᠡᠵᠦ ᠲᠣᠪᠴᠢᠯᠠᠨ᠎ᠠ︶ ᠲᠤ ᠬᠡᠷᠡᠭᠯᠡᠭᠳᠡᠨ᠎ᠡ᠃ ᠲᠤᠰ | ᠣᠯᠭᠤᠮᠵᠢ ᠶᠢ ᠬᠦᠷᠲᠡᠭᠡᠬᠦ ᠪᠤᠲᠠᠲᠠᠢ ᠬᠦᠮᠦᠰ ᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠲᠣᠭᠲᠠᠭᠠᠬᠤ ᠬᠡᠷᠡᠭᠲᠡᠢ᠃ | ᠭᠤᠷᠪᠠᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ | ᠪᠠᠲᠤᠯᠠᠭ᠎ᠠ ᠶᠢᠨ ᠵᠠᠷᠤᠳᠠᠯ ᠢ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠳᠡᠭᠡᠷ᠎ᠡ ᠵᠢᠯ ᠤᠨ | ᠪᠣᠲᠠᠲᠠᠢ ᠵᠠᠷᠤᠯᠭ᠎ᠠ ᠶᠢᠨ ᠪᠠᠶᠢᠳᠠᠯ ᠢᠶᠠᠷ ᠯᠠᠪᠯᠠᠯᠲᠠ ᠪᠣᠯᠭᠠᠵᠤ᠂ ᠲᠣᠬᠠᠢ ᠶᠢᠨ ᠵᠢᠯ ᠤᠨ ᠨᠡᠮᠡᠭᠳᠡᠵᠦ ᠬᠠᠰᠤᠭᠳᠠᠬᠤ | ᠬᠦᠴᠦᠨ ᠵᠦᠢᠯ ᠢ ᠪᠤᠳᠤᠯᠬᠢᠯᠠᠨ᠂ ᠲᠦᠰᠦᠪ ᠲᠤ ᠪᠦᠬᠦ ᠲᠤᠭ᠎ᠠ ᠪᠠᠷ ᠵᠢᠭᠰᠠᠭᠠᠨ ᠣᠷᠤᠭᠤᠯᠵᠤ᠂ ᠤᠯᠤᠰ ᠤᠨ | ᠬᠦᠮᠦᠷᠭᠡ ᠠᠴᠠ ᠲᠦᠪᠯᠡᠷᠡᠭᠦᠯᠦᠨ ᠵᠠᠷᠤᠴᠠᠭᠤᠯᠬᠤ ᠶᠢ ᠬᠡᠷᠡᠭᠵᠢᠭᠦᠯᠦᠨ᠎ᠡ︔ ᠦᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠲᠣᠬᠠᠶᠢᠯᠠᠭᠰᠠᠨ ᠠᠵᠢᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ | ᠳᠥᠷᠪᠡᠳᠦᠭᠡᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠡᠮᠨᠡᠭᠦᠯᠵᠦ ᠡᠮ | ᠬᠤᠳᠠᠯᠳᠤᠨ ᠠᠪᠬᠤ ᠳᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠤᠨ ᠵᠦᠢᠯ ᠤᠨ ᠭᠠᠷᠴᠠᠭ᠂ ᠣᠨᠣᠰᠢᠯᠠᠨ ᠡᠮᠨᠡᠬᠦ ᠲᠦᠷᠦᠯ ᠵᠦᠢᠯ᠂ | ᠡᠮᠴᠢᠯᠡᠭᠡᠨ ᠤ ᠦᠢᠯᠡᠴᠢᠯᠡᠭᠡ ᠶᠢᠨ ᠪᠡᠯᠡᠳᠭᠡᠮᠵᠢ ᠶᠢᠨ ᠬᠡᠪᠴᠢᠶ᠎ᠡ ᠪᠣᠯᠣᠨ ᠵᠠᠷᠤᠴᠠᠭᠤᠯᠬᠤ ᠪᠠᠷᠢᠮᠵᠢᠶ᠎ᠠ ᠵᠡᠷᠭᠡ ᠭᠤᠷᠪᠠᠨ | ᠭᠠᠷᠴᠠᠭ ᠢ ᠬᠡᠷᠡᠭᠵᠢᠭᠦᠯᠬᠦ ᠬᠡᠷᠡᠭᠲᠡᠢ᠃ ᠭᠠᠷᠴᠠᠭ ᠲᠤ ᠲᠣᠬᠢᠷᠠᠭᠤᠯᠤᠯᠲᠠ ᠬᠢᠬᠦ ᠳᠤ ᠦᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠰᠠᠨᠠᠯ ᠳᠤᠷᠠᠳᠴᠤ᠂ ᠦᠪᠡᠷᠲᠡᠭᠡᠨ ᠵᠠᠰᠠᠬᠤ | ᠣᠷᠣᠨ ᠤ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ | ᠬᠠᠮᠢᠶᠠᠷᠤᠯᠲᠠ ᠶᠢᠨ ᠤᠳᠤᠷᠢᠳᠬᠤ ᠳᠤᠭᠤᠶᠢᠯᠠᠩ ︵ᠳᠤᠷᠤᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ | ᠤᠨ ᠠᠯᠪᠠᠨ ᠭᠡᠷ ᠠᠴᠠ ᠬᠢᠨᠠᠨ ᠲᠣᠭᠲᠠᠭᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ | ᠲᠠᠪᠤᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ | ᠵᠠᠷᠤᠳᠠᠯ ᠳᠤ ᠬᠤᠪᠢ ᠬᠦᠮᠦᠨ ᠤ ᠳᠠᠩᠰᠠᠨ ᠡᠷᠦᠬᠡ ᠬᠢᠭᠡᠳ ᠨᠢᠭᠡᠲᠦᠯᠲᠡᠢ ᠲᠦᠯᠦᠪᠯᠡᠬᠦ ᠰᠠᠭᠤᠷᠢ ᠮᠦᠩᠭᠦ ᠶᠢ | ᠬᠠᠷᠢᠯᠴᠠᠨ ᠤᠶᠠᠯᠳᠤᠭᠤᠯᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠬᠡᠷᠡᠭᠲᠡᠢ᠃ | ︵ᠨᠢᠭᠡ︶ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠠᠴᠠ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠡᠷᠡᠰ ᠢ ᠬᠠᠩᠭᠠᠵᠤ᠂ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠶᠠᠷ ᠳᠠᠬᠢᠵᠤ ᠬᠢᠨᠠᠭᠤᠯᠤᠭᠰᠠᠨ ᠤ ᠳᠠᠷᠠᠭ᠎ᠠ᠂ ᠲᠤᠰ | ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠤ ᠳᠠᠩᠰᠠᠨ ᠡᠷᠦᠬᠡ ᠶᠢᠨ ᠪᠡᠯᠡ | ᠮᠦᠩᠭᠦ ᠶᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠳᠤᠨᠢ ᠴᠠᠭ | ᠲᠣᠬᠠᠢ ᠳᠤᠨᠢ ᠰᠢᠯᠵᠢᠭᠦᠯᠦᠨ ᠥᠭᠬᠦ ᠬᠡᠷᠡᠭᠲᠡᠢ᠃ ᠵᠢᠯ ᠪᠦᠷᠢ ᠶᠢᠨ ᠬᠤᠪᠢ ᠬᠦᠮᠦᠨ ᠤ ᠳᠠᠩᠰᠠᠨ ᠡᠷᠦᠬᠡ ᠳᠤ | ᠰᠢᠯᠵᠢᠬᠦᠯᠦᠨ ᠤᠯᠭᠤᠬᠤ ᠪᠡᠯᠡ ᠮᠦᠩᠭᠦ ᠶᠢᠨ ᠲᠤᠭ᠎ᠠ ᠨᠢ ᠪᠤᠯ᠄ | 1. 80 ᠨᠠᠰᠤᠨ ᠠᠴᠠ ᠳᠡᠭᠡᠭᠰᠢᠬᠢ᠂ ︽ᠰᠤᠶᠤᠯ ᠤᠨ ᠬᠤᠪᠢᠰᠬᠠᠯ︾ ᠳᠤ ᠪᠦᠷᠢᠨ ᠵᠡᠮᠳᠡᠭ ᠪᠣᠯᠣᠭᠰᠠᠨ ᠪᠠ | ᠳᠡᠳ᠋ ᠮᠤᠵᠢ ᠶᠢᠨ ᠳᠡᠰ ᠠᠴᠠ ᠳᠡᠭᠡᠭᠰᠢᠬᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯ ᠪᠦᠬᠦ | ᠵᠢᠯ ᠳᠤ 8000 ᠲᠦᠭᠦᠷᠢᠭ ᠪᠤᠯᠤᠨ᠎ᠠ᠃ | 2. 80 ᠨᠠᠰᠤ ᠬᠦᠷᠦᠭᠡᠳᠦᠢ ︽ᠰᠤᠶᠤᠯ ᠤᠨ ᠬᠤᠪᠢᠰᠬᠠᠯ︾ ᠳᠤ ᠦᠨᠳᠦᠰᠦᠨ ᠳᠡᠭᠡᠨ ᠵᠡᠮᠳᠡᠭ ᠪᠣᠯᠣᠭᠰᠠᠨ | ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯ ᠪᠦᠬᠦ ᠵᠢᠯ ᠳᠤ 7000 ᠲᠦᠭᠦᠷᠢᠭ ᠪᠤᠯᠤᠨ᠎ᠠ᠃ | 3. ᠪᠤᠰᠤᠳ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯ ᠪᠦᠬᠦ ᠵᠢᠯ ᠳᠤ 6000 | ᠲᠦᠭᠦᠷᠢᠭ ᠪᠤᠯᠤᠨ᠎ᠠ᠃ | ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠤ ᠳᠠᠩᠰᠠᠨ | ᠡᠷᠦᠬᠡ ᠶᠢᠨ ᠪᠡᠯᠡ ᠮᠦᠩᠭᠦ ᠶᠢ ᠰᠢᠯᠵᠢᠭᠦᠯᠦᠨ ᠥᠭᠬᠦ ᠶᠠᠪᠤᠴᠠ ᠳᠤ ᠶᠠᠮᠠᠷᠪᠠ ᠨᠢᠭᠡᠴᠡ ᠪᠣᠶᠣ ᠬᠤᠪᠢ ᠬᠦᠮᠦᠨ ᠶᠠᠮᠠᠷᠪᠠ | ᠰᠢᠯᠲᠠᠭᠠᠨ ᠢᠶᠠᠷ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠤ ᠳᠠᠩᠰᠠᠨ | ᠡᠷᠦᠬᠡ ᠶᠢᠨ ᠰᠠᠭᠤᠷᠢ ᠮᠦᠩᠭᠦ ᠶᠢ ᠰᠢᠬᠠᠨ ᠡᠵᠡᠯᠡᠵᠦ᠂ ᠰᠢᠯᠵᠢᠭᠦᠯᠦᠨ ᠬᠡᠷᠡᠭᠯᠡᠵᠦ ᠪᠣᠯᠬᠤ ᠦᠭᠡᠢ᠂ ᠣᠯᠵᠤ ᠮᠡᠳᠡᠪᠡᠯ | ᠴᠢᠩᠭ᠎ᠠ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠬᠤᠪᠢ ᠬᠦᠮᠦᠨ ᠤ ᠳᠠᠩᠰᠠᠨ ᠡᠷᠦᠬᠡ ᠳᠠᠬᠢ ᠪᠡᠯᠡ ᠮᠦᠩᠭᠦ ᠪᠠᠨ ᠲᠤᠰ ᠠᠷᠭ᠎ᠠ ᠶᠢᠨ | ᠵᠥᠪᠰᠢᠶᠡᠷᠡᠬᠦ ᠬᠡᠪᠴᠢᠶᠡᠨ ᠳᠤᠲᠤᠷ᠎ᠠ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠦᠪᠡᠷ ᠢᠶᠠᠨ | ᠡᠵᠡᠨ ᠮᠡᠳᠡᠵᠦ ᠲᠣᠬᠢᠷᠠᠭᠤᠯᠤᠨ ᠡᠪᠡᠳᠴᠢᠨ ᠢᠶᠠᠨ ᠦᠵᠡᠭᠦᠯᠦᠨ᠎ᠡ᠃ ᠲᠣᠬᠠᠶᠢᠯᠠᠪᠠᠯ᠄ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠬᠠᠮᠢᠶᠠᠷᠤᠯᠲᠠ ᠶᠢᠨ ᠲᠣᠪᠴᠢᠶ᠎ᠠ ᠠᠴᠠ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠵᠦ | ᠪᠣᠯᠣᠨ᠎ᠠ᠂ ᠪᠠᠰᠠ ᠨᠢᠭᠡ ᠪᠦᠯᠦᠭ ᠬᠢᠷᠢ ᠭᠡᠮ ᠲᠠᠢ ᠨᠡᠶᠢᠭᠡᠮ ᠲᠣᠭᠤᠷᠢᠭ ᠤᠨ ᠡᠭᠦᠳᠡᠨ ᠡᠮᠨᠡᠯᠭᠡ ᠶᠢ ᠰᠤᠩᠭᠤᠨ | ᠡᠮᠨᠡᠭᠦᠯᠵᠦ ᠪᠣᠯᠣᠨ᠎ᠠ᠂ ᠪᠠᠰᠠ ᠵᠢᠭᠠᠨ ᠲᠣᠭᠲᠠᠭᠠᠭᠰᠠᠨ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠴᠤ ᠪᠣᠯᠣᠨ᠎ᠠ᠃ | ︵ᠭᠤᠷᠪᠠ︶ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠵᠠᠷᠤᠴᠠᠭᠤᠯᠤᠭᠰᠠᠨ ᠡᠮ | ᠡᠮᠨᠡᠯᠭᠡ ᠶᠢᠨ ᠪᠦᠬᠦ ᠵᠠᠷᠤᠳᠠᠯ ᠢ ᠴᠦᠮ ᠲᠣᠭᠲᠠᠭᠠᠯ ᠶᠤᠰᠤᠭᠠᠷ ᠤᠷᠢᠳᠠᠪᠠᠷ ᠬᠤᠪᠢ ᠬᠦᠮᠦᠨ ᠤ ᠳᠠᠩᠰᠠᠨ | ᠡᠷᠦᠬᠡ ᠠᠴᠠ ᠵᠠᠷᠤᠴᠠᠭᠤᠯᠵᠤ᠂ ᠬᠤᠪᠢ ᠬᠦᠮᠦᠨ ᠤ ᠳᠠᠩᠰᠠᠨ ᠡᠷᠦᠬᠡ ᠳᠠᠬᠢ ᠵᠢᠯ ᠤᠨ ᠰᠡᠭᠦᠯᠴᠢ ᠶᠢᠨ | ᠦᠯᠡᠳᠡᠪᠦᠷᠢ ᠨᠢ ᠬᠤᠪᠢ ᠬᠦᠮᠦᠨ ᠳᠤ ᠬᠠᠷᠢᠶᠠᠯᠠᠭᠳᠠᠨ᠎ᠠ᠃ ᠲᠣᠬᠠᠢ ᠶᠢᠨ ᠵᠢᠯ ᠤᠨ ᠬᠤᠪᠢ ᠬᠦᠮᠦᠨ ᠤ ᠳᠠᠩᠰᠠᠨ | ᠡᠷᠦᠬᠡ ᠠᠴᠠ ᠬᠡᠲᠦᠷᠡᠭᠰᠡᠨ ᠬᠡᠰᠡᠭ ᠢ ᠨᠢ ᠲᠣᠭᠲᠠᠭᠠᠯ ᠶᠤᠰᠤᠭᠠᠷ ᠨᠢᠭᠡᠲᠦᠯᠲᠡᠢ ᠲᠦᠯᠦᠪᠯᠡᠬᠦ ᠰᠠᠭᠤᠷᠢ ᠮᠦᠩᠭᠦ ᠠᠴᠠ | ᠬᠡᠳᠦᠢ ᠵᠠᠷᠤᠭᠰᠠᠨ ᠪᠣᠯ ᠲᠡᠳᠦᠢ ᠶᠢ ᠨᠢ ᠳᠠᠩᠰᠠᠨ ᠠᠴᠠ ᠲᠠᠶᠢᠯᠬᠤ ᠬᠡᠷᠡᠭᠲᠡᠢ᠃ | ︵ᠳᠥᠷᠪᠡ︶ ᠬᠤᠶᠠᠳᠤᠭᠠᠷ ᠵᠡᠷᠭᠡ ᠶᠢᠨ ᠬᠦᠭᠡᠭᠴᠢᠨ ᠳᠡᠰ ᠠᠴᠠ ᠳᠡᠭᠡᠭᠰᠢᠬᠢ ᠠᠷᠠᠳ ᠤᠨ ᠰᠢᠷᠠᠭᠲᠤᠭᠰᠠᠨ | ᠵᠡᠮᠳᠡᠭ ᠴᠠᠭᠳᠠᠭ᠎ᠠ ᠶᠢᠨ ᠲᠤᠳᠤᠷᠠᠬᠢ ᠲᠤᠰ ᠱᠠᠲᠤᠨ ᠤ ᠪᠤᠰᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠣᠯ | ᠬᠤᠪᠢ ᠬᠦᠮᠦᠨ ᠤ ᠳᠠᠩᠰᠠᠨ ᠡᠷᠦᠬᠡ ᠪᠠᠶᠢᠭᠤᠯᠬᠤ ᠦᠭᠡᠢ︔ ᠦᠮᠡᠨ ᠡᠪᠡᠳᠴᠢᠲᠡᠨ ᠪᠠ ᠣᠨᠴᠤᠭᠤᠢ ᠠᠷᠬᠠᠭ | ᠡᠪᠡᠳᠴᠢᠨ ᠳᠤ ᠨᠡᠷᠪᠡᠭᠳᠡᠵᠦ ᠵᠢᠯ ᠤᠨ ᠲᠣᠷᠰᠢ ᠡᠮᠨᠡᠯᠭᠡ ᠳᠤ ᠰᠠᠭᠤᠵᠤ ᠡᠮᠨᠡᠭᠦᠯᠬᠦ ᠴᠢᠬᠤᠯᠠᠲᠠᠢ ᠡᠪᠡᠳᠴᠢᠲᠡᠨ ᠪᠣᠯ | ᠬᠤᠪᠢ ᠬᠦᠮᠦᠨ ᠢᠶᠠᠷ ᠨᠢ ᠵᠥᠪᠰᠢᠶᠡᠷᠡᠭᠦᠯᠦᠭᠡᠳ ᠬᠤᠪᠢ ᠬᠦᠮᠦᠨ ᠤ ᠳᠠᠩᠰᠠᠨ ᠡᠷᠦᠬᠡ ᠪᠠᠶᠢᠭᠤᠯᠬᠤ ᠦᠭᠡᠢ ᠪᠠᠶᠢᠵᠤ | ᠪᠣᠯᠣᠨ᠎ᠠ᠃ ᠳᠡᠭᠡᠷ᠎ᠡ ᠳᠤᠷᠠᠳᠤᠭᠰᠠᠨ ᠬᠤᠪᠢ ᠬᠦᠮᠦᠨ ᠤ ᠳᠠᠩᠰᠠᠨ ᠡᠷᠦᠬᠡ ᠪᠠᠶᠢᠭᠤᠯᠬᠤ ᠦᠭᠡᠢ ᠬᠦᠮᠦᠰ ᠤᠨ | ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠢ ᠰᠠᠷ᠎ᠠ ᠳᠠᠷᠠᠭᠠᠯᠠᠨ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ᠂ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠢᠶᠠᠷ ᠳᠠᠬᠢᠵᠤ ᠬᠢᠨᠠᠭᠤᠯᠤᠭᠰᠠᠨ ᠤ ᠳᠠᠷᠠᠭ᠎ᠠ᠂ ᠳᠠᠩᠰᠠᠨ ᠠᠴᠠ ᠲᠠᠶᠢᠯᠠᠭᠤᠯᠬᠤ ᠡᠮ | ᠡᠮᠨᠡᠯᠭᠡ ᠶᠢᠨ ᠵᠠᠷᠤᠳᠠᠯ ᠢ ᠪᠠᠶᠢᠭ᠎ᠠ ᠨᠢᠭᠡᠴᠡ ᠳᠤᠨᠢ ᠲᠦᠪᠯᠡᠷᠡᠭᠦᠯᠦᠨ ᠥᠭᠴᠦ᠂ ᠨᠢᠭᠡᠴᠡ ᠠᠴᠠ ᠨᠢ ᠬᠤᠪᠢ | ᠬᠦᠮᠦᠨ ᠳᠤ ᠮᠦᠩᠭᠦ ᠶᠢ ᠨᠢ ᠰᠢᠯᠵᠢᠭᠦᠯᠦᠨ ᠥᠭᠬᠦ ᠬᠡᠷᠡᠭᠲᠡᠢ᠃ | ᠵᠢᠷᠭᠤᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠡᠮᠨᠡᠭᠦᠯᠵᠦ ᠡᠮ | ᠬᠤᠳᠠᠯᠳᠤᠵᠤ ᠠᠪᠤᠭᠰᠠᠨ ᠤ ᠳᠠᠷᠠᠭᠠᠬᠢ ᠠᠷᠪᠠᠨ ᠡᠳᠦᠷ ᠤᠨ ᠳᠣᠲᠤᠷ᠎ᠠ ᠬᠦᠴᠦᠨ ᠲᠠᠢ ᠫᠢᠶᠤᠤ ᠪᠠᠷᠢᠮᠲᠠ᠂ ᠵᠣᠷ | ᠪᠣᠯᠣᠨ ᠬᠤᠪᠢ ᠬᠦᠮᠦᠨ ᠤ ᠳᠠᠩᠰᠠᠨ ᠡᠷᠦᠬᠡ ᠶᠢᠨ ᠳᠡᠪᠲᠡᠷ ᠢᠶᠠᠨ ᠨᠢᠭᠡᠴᠡ ᠶᠢᠨ ᠲᠤᠰᠬᠠᠢ ᠬᠠᠮᠢᠶᠠᠷᠤᠭᠴᠢ ᠳᠤ | ᠲᠤᠰᠢᠶᠠᠵᠤ ᠲᠡᠭᠦᠨ ᠢᠶᠠᠷ ᠣᠷᠤᠯᠠᠨ ᠬᠤᠷᠢᠶᠠᠯᠭᠠᠵᠤ ᠪᠠᠶᠢᠴᠠᠭᠠᠨ ᠰᠢᠯᠭᠠᠭᠤᠯᠬᠤ ᠶᠢᠨ ᠬᠠᠮᠲᠤ᠂ ᠰᠠᠷ᠎ᠠ ᠰᠠᠷ᠎ᠠ ᠳᠠᠭᠠᠨ | ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠲᠤᠰᠢᠶᠠᠵᠤ | ᠬᠢᠨᠠᠨ ᠬᠠᠷᠭᠤᠭᠤᠯᠬᠤ ᠬᠡᠷᠡᠭᠲᠡᠢ᠃ ᠡᠭᠦᠨ ᠤ ᠬᠠᠮᠲᠤ᠂ ᠦᠪᠡᠷᠲᠡᠭᠡᠨ ᠵᠠᠰᠬᠠᠤ ᠣᠷᠣᠨ ᠤ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠵᠠᠷᠤᠴᠠᠭᠤᠯᠤᠭᠰᠠᠨ ᠵᠠᠷᠤᠳᠠᠯ ᠤᠨ ᠲᠤᠭ᠎ᠠ ᠶᠢ ᠬᠤᠪᠢ | ᠬᠦᠮᠦᠨ ᠤ ᠳᠠᠩᠰᠠᠨ ᠡᠷᠦᠬᠡ ᠶᠢᠨ ᠳᠡᠪᠲᠡᠷ ᠲᠤ ᠲᠡᠮᠲᠡᠭᠯᠡᠬᠦ ᠶᠢ ᠬᠠᠷᠢᠭᠤᠴᠠᠬᠤ ᠶᠢᠨ ᠬᠠᠮᠲᠤ᠂ ᠬᠤᠪᠢ ᠬᠦᠮᠦᠨ ᠤ | ᠳᠠᠩᠰᠠᠨ ᠡᠷᠦᠬᠡ ᠶᠢᠨ ᠦᠯᠡᠳᠡᠪᠦᠷᠢ ᠠᠴᠠ ᠬᠠᠷᠭᠤᠭᠤᠯᠵᠤ ᠬᠠᠰᠤᠬᠤ ᠬᠡᠷᠡᠭᠲᠡᠢ᠃ ᠳᠠᠩᠰᠠᠨ ᠠᠴᠠ ᠲᠠᠶᠢᠯᠬᠤ | ᠬᠡᠪᠴᠢᠶᠡᠨ ᠳᠤ ᠦᠯᠦ ᠨᠡᠶᠢᠴᠡᠬᠦ ᠫᠢᠶᠤᠤ ᠪᠠᠷᠢᠮᠲᠠ ᠶᠢ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠦᠯᠦ ᠳᠠᠩᠰᠠ ᠲᠠᠶᠢᠯᠬᠤ ᠲᠠᠮᠠᠭ᠎ᠠ ᠶᠢ ᠳᠠᠷᠤᠭᠰᠠᠨ ᠤ | ᠳᠠᠷᠠᠭ᠎ᠠ ᠨᠢᠭᠡᠴᠡ ᠶᠢᠨ ᠲᠤᠰᠬᠠᠢ ᠬᠠᠮᠢᠶᠠᠷᠤᠭᠴᠢ ᠳᠤ ᠰᠢᠯᠵᠢᠭᠦᠯᠦᠨ ᠬᠤᠪᠢ ᠬᠦᠮᠦᠨ ᠳᠤᠨᠢ ᠪᠤᠴᠠᠭᠠᠯᠭᠠᠬᠤ ᠬᠡᠷᠡᠭᠲᠡᠢ᠃ | ᠬᠤᠪᠢ ᠬᠦᠮᠦᠨ ᠤ ᠳᠠᠩᠰᠠᠨ ᠡᠷᠦᠬᠡ ᠶᠢᠨ ᠪᠡᠯᠡ ᠮᠦᠩᠭᠦ ᠶᠢᠨ ᠲᠤᠭ᠎ᠠ ᠠᠴᠠ ᠬᠡᠲᠦᠷᠡᠭᠰᠡᠨ ᠪᠣᠯ ᠵᠠᠷᠤᠯᠭ᠎ᠠ | ᠬᠡᠲᠦᠷᠡᠭᠰᠡᠨ ᠲᠣᠬᠠᠢ ᠶᠢᠨ ᠰᠠᠷ᠎ᠠ ᠠᠴᠠ ᠡᠬᠢᠯᠡᠨ᠂ ᠨᠢᠭᠡᠴᠡ ᠶᠢᠨ ᠲᠤᠰᠬᠠᠢ ᠬᠠᠮᠢᠶᠠᠷᠤᠭᠴᠢ ᠠᠴᠠ ᠬᠦᠴᠦᠨ ᠲᠠᠢ | ᠫᠢᠶᠤᠤ ᠪᠠᠷᠢᠮᠲᠠ ᠶᠢ ᠠᠪᠴᠤ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠳᠤ ᠬᠦᠷᠴᠦ ᠬᠢᠨᠠᠨ ᠬᠠᠷᠭᠤᠭᠤᠯᠵᠤ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠳᠠᠬᠢᠵᠤ ᠬᠢᠨᠠᠭᠰᠠᠨ ᠤ ᠳᠠᠷᠠᠭ᠎ᠠ᠂ ᠰᠠᠷ᠎ᠠ ᠰᠠᠷ᠎ᠠ ᠪᠠᠷ ᠳᠠᠩᠰᠠᠨ ᠠᠴᠠ ᠲᠠᠶᠢᠯᠬᠤ ᠡᠮ ᠡᠮᠨᠡᠯᠭᠡ ᠶᠢᠨ | ᠪᠦᠬᠦ᠋ᠢᠯᠡ ᠵᠠᠷᠤᠳᠠᠯ ᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠪᠠᠶᠢᠭ᠎ᠠ ᠨᠢᠭᠡᠴᠡ ᠳᠤ | ᠲᠦᠪᠯᠡᠷᠡᠭᠦᠯᠦᠨ ᠥᠭᠴᠦ᠂ ᠨᠢᠭᠡᠴᠡ ᠠᠴᠠ ᠨᠢ ᠬᠤᠪᠢ ᠬᠦᠮᠦᠨ ᠳᠤ ᠮᠦᠩᠭᠦ ᠶᠢ ᠨᠢ ᠰᠢᠯᠵᠢᠭᠦᠯᠦᠨ ᠥᠭᠬᠦ ᠬᠡᠷᠡᠭᠲᠡᠢ᠃ | ᠲᠣᠭᠲᠠᠭᠠᠭᠰᠠᠨ ᠬᠤᠭᠤᠴᠠᠭ᠎ᠠ ᠶᠤᠰᠤᠭᠠᠷ ᠬᠦᠴᠦᠨ ᠲᠠᠢ ᠫᠢᠶᠤᠤ ᠪᠠᠷᠢᠮᠲᠠ ᠬᠠᠩᠭᠠᠵᠤ ᠳᠡᠶᠢᠯᠬᠦ ᠦᠭᠡᠢ ᠪᠣᠯ᠂ | ᠤᠷᠢᠳᠴᠢᠯᠠᠨ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ | ᠰᠢᠯᠲᠠᠭᠠᠨ ᠢᠶᠠᠨ ᠲᠤᠳᠤᠷᠬᠠᠶᠢᠯᠠᠬᠤ ᠬᠡᠷᠡᠭᠲᠡᠢ᠂ ᠡᠰᠡ ᠲᠡᠭᠡᠪᠡᠰᠦ᠂ ᠲᠠᠶᠢᠯᠬᠤ ᠬᠤᠭᠤᠴᠠᠭ᠎ᠠ ᠶᠢ ᠨᠢ ᠤᠷᠲᠤᠳᠬᠠᠬᠤ | ᠦᠭᠡᠢ᠃ ᠳᠣᠣᠷᠠᠬᠢ ᠪᠠᠶᠢᠳᠠᠯ ᠢ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠳᠠᠩᠰᠠᠨ ᠠᠴᠠ ᠲᠠᠶᠢᠯᠤᠨ᠎ᠠ᠄ | ︵ᠨᠢᠭᠡ︶ ᠰᠠᠷ᠎ᠠ ᠶᠢᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠨᠢ 5000 ᠲᠦᠭᠦᠷᠢᠭ ᠠᠴᠠ | ᠳᠡᠭᠡᠭᠰᠢ᠃ | ︵ᠬᠤᠶᠠᠷ︶ ᠫᠢᠶᠤᠤ ᠪᠠᠷᠢᠮᠲᠠ ᠶᠢᠨ ᠦᠨᠡᠨ ᠪᠣᠳᠠᠳᠤ ᠬᠦᠴᠦᠨ ᠪᠦᠬᠦᠢ ᠴᠢᠨᠠᠷ ᠨᠢ ᠮᠠᠷᠭᠤᠭᠠᠨ ᠲᠠᠢ᠃ | ︵ᠭᠤᠷᠪᠠ︶ ᠲᠥᠷᠥ ᠶᠢᠨ ᠪᠣᠳᠣᠯᠭ᠎ᠠ ᠳᠤ ᠳᠤᠲᠤᠷᠬᠠᠶᠢᠯᠠᠭᠰᠠᠨ ᠦᠭᠡᠢ᠃ | ︵ᠳᠥᠷᠪᠡ︶ ᠪᠤᠰᠤᠳ ᠴᠢᠬᠤᠯᠠ ᠶᠡᠭᠡ ᠬᠦᠴᠢᠷ ᠲᠦᠪᠡᠭᠲᠡᠢ ᠠᠰᠠᠭᠤᠳᠠᠯ᠃ | ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠤ ᠳᠠᠩᠰᠠᠨ ᠡᠷᠦᠬᠡ ᠶᠢᠨ | ᠳᠡᠪᠲᠡᠷ ᠪᠣᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠤ ᠳᠠᠩᠰᠠᠨ | ᠡᠷᠦᠬᠡ ᠶᠢᠨ ᠪᠡᠯᠡ ᠮᠦᠩᠭᠦ ᠶᠢᠨ ᠠᠵᠢᠯᠯᠠᠭᠠᠨ ᠤ ᠪᠠᠶᠢᠳᠠᠯ ᠢ ᠲᠤᠰᠬᠠᠬᠤ ᠬᠦᠴᠦᠨ ᠲᠠᠢ ᠪᠠᠷᠢᠮᠲᠠ ᠪᠣᠯᠣᠨ᠎ᠠ᠃ | ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠡᠷᠬᠡᠪᠰᠢ | ᠲᠤᠰᠬᠠᠢ ᠬᠦᠮᠦᠨ ᠲᠣᠬᠢᠷᠠᠭᠤᠯᠤᠨ ᠬᠠᠮᠢᠶᠠᠷᠤᠭᠤᠯᠵᠤ᠂ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠪᠣᠯᠭᠠᠨ ᠢ | ᠴᠠᠭ ᠲᠣᠬᠠᠢ ᠳᠤᠨᠢ᠂ ᠦᠨᠡᠨ ᠪᠣᠲᠠᠲᠠᠢ ᠪᠠᠷ ᠲᠡᠮᠲᠡᠭᠯᠡᠨ᠂ ᠭᠠᠷᠳᠠᠨ ᠭᠦᠢᠴᠡᠳᠭᠡᠭᠴᠢ ᠠᠴᠠ ᠲᠡᠮᠲᠡᠭᠯᠡᠭᠰᠡᠨ ᠤ ᠳᠠᠷᠠᠭ᠎ᠠ | ︽ᠭᠠᠷᠳᠠᠨ ᠭᠦᠢᠴᠡᠳᠭᠡᠭᠴᠢ ᠠᠴᠠ ᠲᠠᠮᠠᠭ᠎ᠠ ᠳᠠᠷᠤᠬᠤ︾ ᠪᠣᠯᠣᠩ ᠳᠤ ᠭᠠᠷᠳᠠᠨ ᠭᠦᠢᠴᠡᠳᠭᠡᠭᠴᠢ ᠶᠢᠨ ᠲᠠᠮᠠᠭ᠎ᠠ ᠪᠠᠨ | ᠳᠠᠷᠤᠬᠤ ᠬᠡᠷᠡᠭᠲᠡᠢ᠃ ᠨᠢᠭᠡᠴᠡ ᠪᠣᠯᠣᠨ ᠬᠤᠪᠢ ᠬᠦᠮᠦᠨ ᠨᠢ ᠬᠤᠪᠢ ᠬᠦᠮᠦᠨ ᠤ ᠳᠠᠩᠰᠠᠨ ᠡᠷᠦᠬᠡ ᠶᠢᠨ | ᠳᠡᠪᠲᠡᠷ ᠢᠶᠠᠨ ᠲᠣᠬᠢᠲᠠᠢ ᠰᠠᠶᠢᠲᠤᠷ ᠬᠠᠳᠠᠭᠠᠯᠠᠵᠤ᠂ ᠲᠡᠮᠲᠡᠭᠯᠡᠭᠰᠡᠨ ᠦᠰᠦᠭ ᠪᠣᠯᠣᠨ ᠲᠤᠭ᠎ᠠ ᠪᠠᠷᠢᠮᠲᠠ ᠶᠢ | ᠰᠦᠢᠳᠬᠡᠬᠦ ᠪᠣᠶᠣ ᠳᠤᠷ᠎ᠠ ᠪᠠᠷ ᠪᠠᠯᠠᠯᠤᠨ ᠵᠠᠰᠠᠵᠤ ᠪᠣᠯᠬᠤ ᠦᠭᠡᠢ︔ ᠭᠠᠷᠳᠠᠨ ᠭᠦᠢᠴᠡᠳᠭᠡᠭᠴᠢ ᠠᠴᠠ ᠪᠤᠷᠤᠭᠤ | ᠪᠢᠴᠢᠵᠦ ᠵᠠᠯᠠᠷᠠᠭᠤᠯᠬᠤ ᠴᠢᠬᠤᠯᠠᠲᠠᠢ ᠪᠠᠶᠢᠪᠠᠯ᠂ ᠡᠷᠬᠡᠪᠰᠢ ᠬᠠᠯᠠᠨ ᠦᠭᠡᠷᠡᠴᠢᠯᠡᠭᠰᠡᠨ ᠭᠠᠵᠠᠷ ᠲᠤ ᠬᠤᠪᠢ ᠬᠦᠮᠦᠨ ᠤ | ᠲᠠᠮᠠᠭ᠎ᠠ ᠪᠠᠨ ᠳᠠᠷᠤᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠬᠠᠮᠢᠶᠠᠷᠤᠯᠲᠠ ᠶᠢᠨ ᠲᠣᠪᠴᠢᠶ᠎ᠠ ᠨᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠬᠤᠪᠢ ᠬᠦᠮᠦᠨ ᠤ ᠳᠠᠩᠰᠠ ᠡᠪᠬᠡᠮᠡᠯ ᠤᠨ ᠺᠠᠷᠲ ᠲᠤᠨᠢ ᠪᠦᠬᠦ ᠲᠠᠯ᠎ᠠ ᠪᠠᠷ ᠲᠡᠮᠲᠡᠭᠯᠡᠬᠦ ᠬᠡᠷᠡᠭᠲᠡᠢ᠃ | ᠳᠤᠯᠤᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠡᠮᠨᠡᠯᠭᠡ ᠳᠤ ᠰᠠᠭᠤᠵᠤ | ᠡᠮᠴᠢᠯᠡᠭᠦᠯᠬᠦ ᠴᠢᠬᠤᠯᠠᠲᠠᠢ ᠪᠠᠶᠢᠪᠠᠯ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ | ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠣᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ᠂ ᠦᠪᠦᠷ | ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ | ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ | ᠡᠮᠨᠡᠯᠭᠡ ᠶᠢᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ 253 ᠡᠮᠨᠡᠯᠭᠡ ᠶᠢᠨ | ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠦᠪᠦᠷ ᠮᠣᠩᠭᠤᠯ ᠤᠨ ᠶᠡᠷᠦᠩᠬᠡᠢ | ᠠᠩᠭᠢ ᠶᠢᠨ ᠡᠮᠨᠡᠯᠭᠡ ᠶᠢᠨ ᠬᠤᠷᠢᠶ᠎ᠠ ᠶᠢᠨ ᠠᠯᠢ ᠨᠢᠭᠡᠨ ᠡᠮᠨᠡᠯᠭᠡ ᠶᠢᠨ ᠬᠤᠷᠢᠶ᠎ᠠ ᠶᠢ ᠰᠤᠩᠭᠤᠨ ᠡᠮᠨᠡᠯᠭᠡ ᠳᠤ ᠰᠠᠭᠤᠨ | ᠡᠮᠨᠡᠭᠦᠯᠵᠦ ᠪᠣᠯᠣᠨ᠎ᠠ᠃ ᠡᠮᠨᠡᠯᠭᠡ ᠳᠤ ᠣᠷᠤᠭᠰᠠᠨ ᠨᠢᠭᠡ ᠭᠠᠷᠠᠭ ᠤᠨ ᠳᠤᠲᠤᠷ᠎ᠠ ᠦᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠶᠢᠨ ᠬᠠᠮᠲᠤ ᠡᠮᠨᠡᠯᠭᠡ ᠳᠤ | ᠰᠠᠭᠤᠭᠰᠠᠨ ᠮᠡᠳᠡᠭᠳᠡᠯ ᠤᠨ ᠪᠢᠴᠢᠭ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠡᠮᠨᠡᠯᠭᠡ ᠳᠤ ᠰᠠᠭᠤᠭᠰᠠᠨ ᠬᠤᠭᠤᠴᠠᠭᠠᠨ ᠳᠤ ᠡᠭᠦᠳᠡᠨ ᠡᠮᠨᠡᠯᠭᠡ ᠶᠢᠨ | ᠵᠠᠷᠤᠳᠠᠯ ᠢ ᠵᠡᠷᠭᠡᠪᠡᠷ ᠵᠠᠷᠤᠴᠠᠭᠤᠯᠵᠤ ᠪᠣᠯᠬᠤ ᠦᠭᠡᠢ᠂ ᠮᠦᠨ ᠴᠦ ᠭᠠᠳᠠᠨ᠎ᠠ ᠠᠴᠠ ᠡᠮ ᠠᠪᠴᠤ ᠪᠣᠯᠬᠤ ᠦᠭᠡᠢ᠃ | ᠨᠠᠢᠮᠠᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠭᠠᠳᠠᠷ ᠣᠷᠣᠨ ᠳᠤ | ᠲᠥᠷᠭᠡᠨ ᠴᠢᠨᠠᠷᠳᠠᠢ ᠡᠪᠡᠳᠴᠢᠨ ᠣᠯᠵᠤ ᠡᠮᠨᠡᠭᠦᠯᠵᠦ ᠡᠮ ᠬᠤᠳᠠᠯᠳᠤᠨ ᠠᠪᠬᠤ ᠴᠢᠬᠤᠯᠠᠲᠠᠢ ᠪᠠᠶᠢᠪᠠᠯ᠂ ᠬᠠᠷᠢᠵᠤ | ᠢᠷᠡᠭᠰᠡᠨ ᠤ ᠳᠠᠷᠠᠭᠠᠬᠢ ᠠᠷᠪᠠᠨ ᠡᠳᠦᠷ ᠤᠨ ᠳᠤᠲᠤᠷ᠎ᠠ ᠡᠪᠡᠳᠴᠢᠨ ᠤ ᠪᠠᠶᠢᠳᠠᠯ ᠤᠨ ᠣᠨᠣᠰᠢᠯᠠᠭᠰᠠᠨ ᠪᠢᠴᠢᠭ᠂ | ᠬᠦᠴᠦᠨ ᠲᠠᠢ ᠫᠢᠶᠤᠤ ᠪᠠᠷᠢᠮᠲᠠ ᠪᠠᠨ ᠨᠢᠭᠡᠴᠡ ᠶᠢᠨ ᠲᠤᠰᠬᠠᠢ ᠬᠠᠮᠢᠶᠠᠷᠤᠭᠴᠢ ᠳᠠᠭᠠᠨ ᠲᠤᠰᠢᠶᠠᠵᠤ ᠪᠠᠶᠢᠴᠠᠭᠠᠨ | ᠰᠢᠯᠭᠠᠭᠤᠯᠵᠤ ᠬᠠᠳᠠᠭᠠᠯᠠᠭᠤᠯᠤᠨ᠂ ᠲᠤᠰ ᠠᠷᠭ᠎ᠠ ᠶᠢᠨ ᠶᠤᠰᠤᠭᠠᠷ ᠳᠠᠩᠰᠠᠨ ᠠᠴᠠ ᠲᠠᠶᠢᠯᠬᠤ ᠬᠡᠷᠡᠭᠲᠡᠢ᠃ ᠠᠶᠤᠯ ᠲᠠᠢ | ᠪᠠᠴᠢᠮ ᠡᠪᠡᠳᠴᠢᠲᠡᠨ ᠭᠠᠳᠠᠷ ᠣᠷᠣᠨ ᠳᠤ ᠡᠮᠨᠡᠯᠭᠡ ᠳᠤ ᠰᠠᠭᠤᠵᠤ ᠪᠠᠶᠢᠴᠠᠭᠠᠯᠭᠠᠨ ᠡᠮᠴᠢᠯᠡᠭᠦᠯᠬᠦ ᠴᠢᠬᠤᠯᠠᠲᠠᠢ | ᠪᠠᠶᠢᠪᠠᠯ᠂ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ | ᠵᠥᠪᠰᠢᠶᠡᠷᠡᠯ ᠢ ᠣᠯᠬᠤ ᠬᠡᠷᠡᠭᠲᠡᠢ᠃ | ᠶᠢᠰᠦᠳᠦᠭᠡᠷ ᠵᠦᠢᠯ ᠲᠣᠬᠠᠢ ᠶᠢᠨ ᠭᠠᠵᠠᠷ ᠤᠨ ᠡᠮᠨᠡᠯᠭᠡ ᠶᠢᠨ ᠬᠤᠷᠢᠶ᠎ᠠ ᠠᠴᠠ ᠣᠨᠣᠰᠢᠯᠠᠨ ᠡᠮᠨᠡᠬᠦ ᠳᠤ | ᠦᠨᠡᠨᠬᠦ ᠬᠦᠴᠢᠷᠲᠡᠢ ᠪᠠᠶᠢᠬᠤ ᠬᠦᠴᠢᠷ ᠲᠦᠪᠡᠭᠲᠡᠢ ᠬᠦᠨᠳᠦ ᠡᠪᠡᠳᠴᠢᠲᠡᠨ ᠢ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠠᠮᠲᠤᠷᠠᠨ ᠣᠨᠣᠰᠢᠯᠠᠭᠰᠠᠨ ᠤ ᠳᠠᠷᠠᠭ᠎ᠠ ᠡᠮᠨᠡᠯᠭᠡ | ᠰᠢᠯᠵᠢᠬᠦ ᠰᠠᠨᠠᠭᠤᠯᠭ᠎ᠠ ᠶᠢ ᠳᠤᠷᠠᠳᠬᠤ ᠶᠢᠨ ᠬᠠᠮᠲᠤ᠂ ᠡᠪᠡᠳᠴᠢᠨ ᠤ ᠪᠠᠶᠢᠳᠠᠯ ᠤᠨ ᠲᠠᠨᠢᠯᠴᠠᠭᠤᠯᠭ᠎ᠠ ᠶᠢ ᠳᠤᠷᠠᠳᠴᠤ᠂ | ᠡᠮᠨᠡᠯᠭᠡ ᠶᠢᠨ ᠰᠠᠯᠠᠭ᠎ᠠ ᠶᠢᠨ ᠡᠷᠬᠢᠯᠡᠭᠴᠢ᠂ ᠬᠤᠪᠢᠳᠠᠨ ᠬᠠᠮᠢᠶᠠᠷᠬᠤ ᠬᠤᠷᠢᠶ᠎ᠠ ᠶᠢᠨ ᠳᠠᠷᠤᠭ᠎ᠠ ᠪᠠᠷ ᠭᠠᠷ ᠤᠨ ᠦᠰᠦᠭ | ᠵᠢᠷᠤᠭᠤᠯᠤᠭᠰᠠᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠡᠮᠨᠡᠯᠭᠡ ᠰᠢᠯᠵᠢᠬᠦ ᠶᠢ ᠨᠢ ᠵᠥᠪᠰᠢᠶᠡᠷᠡᠭᠰᠡᠨ | ᠡᠪᠡᠳᠴᠢᠲᠡᠨ ᠤ ᠭᠠᠳᠠᠷ ᠣᠷᠣᠨ ᠤ ᠡᠭᠦᠳᠡᠨ ᠡᠮᠨᠡᠯᠭᠡ ᠳᠤ ᠪᠠᠶᠢᠴᠠᠭᠠᠬᠤ ᠴᠠᠭ ᠬᠤᠭᠤᠴᠠᠭ᠎ᠠ ᠨᠢ 10 ᠡᠳᠦᠷ᠂ | ᠡᠮᠨᠡᠯᠭᠡ ᠳᠤ ᠰᠠᠭᠤᠬᠤ ᠨᠢ 30 ᠡᠳᠦᠷ ᠪᠣᠯᠣᠨ᠎ᠠ᠃ ᠤᠷᠲᠤᠳᠬᠠᠬᠤ ᠴᠢᠬᠤᠯᠠᠲᠠᠢ ᠪᠠᠶᠢᠪᠠᠯ᠂ ᠬᠤᠭᠤᠴᠠᠭ᠎ᠠ ᠨᠢ | ᠳᠠᠭᠤᠰᠬᠤ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠵᠥᠪᠰᠢᠶᠡᠷᠡᠯ ᠢ ᠣᠯᠬᠤ ᠬᠡᠷᠡᠭᠲᠡᠢ᠃ ᠬᠠᠷᠢᠵᠤ ᠢᠷᠡᠭᠰᠡᠨ ᠤ ᠳᠠᠷᠠᠭᠠᠬᠢ 10 ᠡᠳᠦᠷ ᠤᠨ ᠲᠤᠳᠤᠷ᠎ᠠ | ᠬᠦᠴᠦᠨ ᠲᠠᠢ ᠫᠢᠶᠤᠤ ᠪᠠᠷᠢᠮᠲᠠ ᠪᠠᠨ ᠨᠢᠭᠡᠴᠡ ᠶᠢᠨ ᠲᠤᠰᠬᠠᠢ ᠬᠠᠮᠢᠶᠠᠷᠤᠭᠴᠢ ᠳᠠᠭᠠᠨ ᠲᠤᠰᠢᠶᠠᠭᠠᠳ ᠪᠠᠶᠢᠴᠠᠭᠠᠵᠤ | ᠰᠢᠯᠭᠠᠭᠤᠯᠤᠨ ᠬᠠᠳᠠᠭᠠᠯᠠᠭᠤᠯᠵᠤ᠂ ᠲᠤᠰ ᠠᠷᠭ᠎ᠠ ᠶᠢᠨ ᠶᠤᠰᠤᠭᠠᠷ ᠳᠠᠩᠰᠠᠨ ᠠᠴᠠ ᠲᠠᠶᠢᠯᠬᠤ ᠬᠡᠷᠡᠭᠲᠡᠢ᠃ | ᠬᠠᠯᠳᠠᠪᠤᠷᠢᠲᠤ ᠡᠪᠡᠳᠴᠢᠨ᠂ ᠤᠶᠤᠨ ᠮᠡᠳᠡᠷᠡᠯ ᠤᠨ ᠡᠪᠡᠳᠴᠢᠨ ᠢ ᠪᠣᠯ ᠲᠣᠬᠠᠢ ᠶᠢᠨ ᠭᠠᠵᠠᠷ ᠤᠨ | ᠲᠣᠭᠲᠠᠭᠠᠭᠰᠠᠨ ᠲᠤᠰᠬᠠᠢ ᠡᠮᠨᠡᠯᠭᠡ ᠶᠢᠨ ᠬᠤᠷᠢᠶ᠎ᠠ ᠳᠤ ᠡᠮᠨᠡᠭᠦᠯᠵᠦ᠂ ᠵᠠᠷᠴᠢᠮ ᠳᠡᠭᠡᠷ᠎ᠡ ᠪᠠᠨ ᠭᠠᠳᠠᠭᠰᠢ ᠰᠢᠯᠵᠢᠭᠦᠯᠬᠦ | ᠦᠭᠡᠢ᠃ | ᠠᠷᠪᠠᠳᠤᠭᠠᠷ ᠵᠦᠢᠯ ᠳᠤᠤᠷᠠᠬᠢ ᠡᠮᠴᠢᠯᠡᠭᠡᠨ ᠤ ᠪᠠᠶᠢᠴᠠᠭᠠᠯᠲᠠ ᠬᠢᠬᠦ ᠪᠠ ᠵᠠᠰᠠᠯᠲᠠ ᠶᠢᠨ ᠲᠦᠷᠦᠯ ᠵᠦᠢᠯ ᠢ | ᠤᠷᠢᠳᠴᠢᠯᠠᠨ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | ︵ᠨᠢᠭᠡ︶ ᠨᠢᠭᠡ ᠯᠡ ᠤᠳᠠᠭ᠎ᠠ ᠶᠢᠨ ᠴᠢᠨᠠᠷᠲᠠᠢ ᠭᠠᠭᠴᠠ ᠵᠦᠢᠯ ᠤᠨ ᠡᠮᠴᠢᠯᠡᠭᠡᠨ ᠤ ᠪᠠᠶᠢᠴᠠᠭᠠᠯᠲᠠ ᠨᠢ | 200 ᠲᠦᠭᠦᠷᠢᠭ ᠠᠴᠠ ᠬᠡᠲᠦᠷᠡᠭᠰᠡᠨ ᠲᠦᠷᠦᠯ ᠵᠦᠢᠯ ᠢ ᠪᠣᠯ ᠳᠤᠯᠤᠳᠤᠭᠠᠷ ᠵᠦᠢᠯ ᠳᠤ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠳᠤ ᠪᠠᠶᠢᠴᠠᠭᠠᠵᠤ᠂ ᠭᠤᠣᠯᠴᠢᠯᠠᠨ ᠬᠠᠮᠢᠶᠠᠷᠬᠤ ᠡᠮᠴᠢ ᠠᠴᠠ ᠰᠠᠨᠠᠭᠤᠯᠭ᠎ᠠ ᠳᠤᠷᠠᠳᠴᠤ᠂ | ᠡᠮᠨᠡᠯᠭᠡ ᠶᠢᠨ ᠰᠠᠯᠠᠭ᠎ᠠ ᠶᠢᠨ ᠡᠷᠬᠢᠯᠡᠭᠴᠢ ᠪᠠᠷ ᠵᠥᠪᠰᠢᠶᠡᠷᠡᠭᠦᠯᠵᠦ᠂ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ 2000 | ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ ᠪᠣᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠢ᠃ | ︵ᠬᠤᠶᠠᠷ︶ ᠬᠢᠮᠡᠯ ᠡᠷᠬᠡᠲᠡᠨ ᠤᠭᠰᠠᠷᠠᠬᠤ᠂ ᠡᠷᠬᠡᠲᠡᠨ ᠤ ᠰᠢᠯᠵᠢᠭᠦᠯᠦᠯᠲᠡ ᠬᠢᠬᠦ᠂ ᠨᠡᠭᠡᠳᠡᠰᠦ ᠶᠢᠨ | ᠰᠢᠯᠵᠢᠭᠦᠯᠦᠯᠲᠡ ᠬᠢᠬᠦ ᠳᠤ ᠭᠤᠣᠯᠴᠢᠯᠠᠨ ᠬᠠᠮᠢᠶᠠᠷᠬᠤ ᠡᠮᠴᠢ ᠠᠴᠠ ᠰᠠᠨᠠᠭᠤᠯᠭ᠎ᠠ ᠳᠤᠷᠠᠳᠴᠤ᠂ ᠡᠮᠨᠡᠯᠭᠡ ᠶᠢᠨ | ᠰᠠᠯᠠᠭ᠎ᠠ ᠶᠢᠨ ᠡᠷᠬᠢᠯᠡᠭᠴᠢ᠂ ᠬᠤᠪᠢᠳᠠᠨ ᠬᠠᠮᠢᠶᠠᠷᠬᠤ ᠬᠤᠷᠢᠶ᠎ᠠ ᠶᠢᠨ ᠳᠠᠷᠤᠭ᠎ᠠ ᠪᠠᠷ ᠵᠥᠪᠰᠢᠶᠡᠷᠡᠭᠦᠯᠵᠦ᠂ ᠦᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠵᠥᠪᠰᠢᠶᠡᠷᠡᠭᠦᠯᠵᠦ᠂ ᠳᠠᠩᠰᠠᠨ ᠠᠴᠠ ᠲᠠᠶᠢᠯᠬᠤ ᠳᠤ | ᠤᠨᠤᠰᠢᠯᠠᠨ ᠡᠮᠨᠡᠬᠦ ᠲᠦᠷᠦᠯ ᠵᠦᠢᠯ ᠤᠨ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠲᠤᠰ ᠠᠷᠭ᠎ᠠ ᠶᠢᠨ ᠬᠤᠶᠠᠳᠤᠭᠠᠷ ᠵᠦᠢᠯ ᠤᠨ ᠲᠣᠭᠲᠠᠭᠠᠯ ᠤᠨ ᠬᠡᠪᠴᠢᠶᠡᠨ ᠳᠤ | ᠨᠡᠶᠢᠴᠡᠬᠦ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠪᠤᠰᠤᠳ ᠭᠠᠵᠠᠷ ᠲᠤ ᠲᠣᠬᠢᠷᠠᠭᠤᠯᠤᠭᠰᠠᠨ | ᠪᠠᠶᠢᠪᠠᠯ᠂ ᠣᠶᠢᠷ᠎ᠠ ᠬᠠᠪᠢ ᠶᠢᠨ ᠨᠢᠭᠡ ᠶᠡᠷᠦᠩᠬᠡᠶᠢᠯᠡᠭᠰᠡᠨ ᠴᠢᠨᠠᠷᠲᠠᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢ ᠰᠣᠩᠭᠤᠨ ᠲᠣᠭᠲᠠᠭᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠪᠣᠯᠭᠠᠬᠤ ᠶᠢᠨ ᠬᠠᠮᠲᠤ᠂ | ᠦᠪᠡᠷᠲᠡᠭᠡᠨ ᠵᠠᠰᠠᠬᠤ ᠣᠷᠣᠨ ᠤ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ | ᠪᠦᠷᠢᠳᠭᠡᠨ ᠳᠠᠩᠰᠠᠯᠠᠭᠤᠯᠬᠤ ᠬᠡᠷᠡᠭᠲᠡᠢ᠃ ᠡᠮᠨᠡᠯᠭᠡ ᠳᠤ ᠰᠠᠭᠤᠵᠤ ᠡᠮᠴᠢᠯᠡᠭᠦᠯᠬᠦ ᠴᠢᠬᠤᠯᠠᠲᠠᠢ ᠪᠠᠶᠢᠪᠠᠯ᠂ ᠡᠮᠨᠡᠯᠭᠡ ᠳᠤ | ᠣᠷᠤᠭᠰᠠᠨ ᠨᠢᠭᠡ ᠭᠠᠷᠠᠭ ᠤᠨ ᠳᠤᠲᠤᠷ᠎ᠠ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ | ᠬᠠᠮᠢᠶᠠᠷᠤᠯᠲᠠ ᠶᠢᠨ ᠲᠣᠪᠴᠢᠶ᠎ᠠ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ᠃ ᠪᠦᠬᠦ ᠵᠢᠯ ᠤᠨ ᠡᠮ ᠡᠮᠨᠡᠯᠭᠡ ᠶᠢᠨ | ᠵᠠᠷᠤᠳᠠᠯ ᠨᠢ ᠬᠤᠪᠢ ᠬᠦᠮᠦᠨ ᠤ ᠳᠠᠩᠰᠠᠨ ᠡᠷᠦᠬᠡ ᠶᠢᠨ ᠪᠡᠯᠡ ᠮᠦᠩᠭᠦ ᠶᠢᠨ ᠲᠤᠭ᠎ᠠ ᠠᠴᠠ ᠬᠡᠲᠦᠷᠡᠭᠰᠡᠨ ᠪᠠᠶᠢᠪᠠᠯ᠂ | ᠪᠠᠶᠢᠭ᠎ᠠ ᠨᠢᠭᠡᠴᠡ ᠠᠴᠠ ᠨᠢ ᠫᠢᠶᠤᠤ ᠪᠠᠷᠢᠮᠲᠠ ᠶᠢ ᠪᠠᠶᠢᠴᠠᠭᠠᠨ ᠰᠢᠯᠭᠠᠵᠤ᠂ ᠳᠠᠷᠠᠭ᠎ᠠ ᠵᠢᠯ ᠤᠨ 2 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠪᠠᠷ ᠬᠢᠨᠠᠨ ᠬᠠᠷᠭᠤᠭᠤᠯᠤᠭᠠᠳ᠂ ᠲᠤᠰ ᠠᠷᠭ᠎ᠠ ᠶᠢᠨ ᠶᠤᠰᠤᠭᠠᠷ ᠳᠠᠩᠰᠠᠨ ᠠᠴᠠ ᠲᠠᠶᠢᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠲᠤᠰ ᠠᠷᠭ᠎ᠠ ᠶᠢᠨ ᠬᠤᠶᠠᠳᠤᠭᠠᠷ ᠵᠦᠢᠯ ᠤᠨ ᠲᠣᠭᠲᠠᠭᠠᠯ ᠤᠨ | ᠬᠡᠪᠴᠢᠶᠡᠨ ᠳᠤ ᠨᠡᠶᠢᠴᠡᠬᠦ ︽ᠰᠤᠶᠤᠯ ᠤᠨ ᠬᠤᠪᠢᠰᠬᠠᠯ︾ ᠳᠤ ᠪᠦᠷᠢᠨ ᠵᠡᠮᠳᠡᠭ ᠪᠣᠯᠣᠭᠰᠠᠨ ᠬᠦᠮᠦᠰ ᠲᠤ ᠲᠤᠰ | ᠠᠷᠭ᠎ᠠ ᠶᠢᠨ ᠲᠠᠪᠤᠳᠤᠭᠠᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠢ ᠬᠡᠷᠡᠭᠵᠢᠭᠦᠯᠦᠨ᠎ᠡ︔ ᠬᠤᠶᠠᠳᠤᠭᠠᠷ | ᠵᠡᠷᠭᠡ ᠶᠢᠨ ᠬᠦᠭᠡᠭᠴᠢᠨ ᠳᠡᠰ ᠠᠴᠠ ᠳᠡᠭᠡᠭᠰᠢᠬᠢ ᠠᠷᠠᠳ ᠤᠨ ᠰᠢᠷᠠᠭᠲᠤᠭᠰᠠᠨ ᠵᠡᠮᠳᠡᠭ ᠴᠠᠭᠳᠠᠭ᠎ᠠ ᠶᠢᠨ ᠳᠣᠲᠤᠷᠠᠬᠢ | ᠲᠤᠰ ᠱᠠᠲᠤᠨ ᠤ ᠪᠤᠰᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ ᠳᠤ ᠲᠤᠰ ᠠᠷᠭ᠎ᠠ ᠶᠢᠨ ᠲᠠᠪᠤᠳᠤᠭᠠᠷ ᠵᠦᠢᠯ ᠤᠨ ᠲᠠᠪᠤᠳᠤᠭᠠᠷ ᠵᠣᠷᠪᠤᠰ ᠤᠨ ᠲᠣᠭᠲᠠᠭᠠᠯ ᠢ ᠬᠡᠷᠡᠭᠵᠢᠭᠦᠯᠬᠦ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ | ᠡᠮᠨᠡᠯᠭᠡ ᠶᠢᠨ ᠵᠠᠷᠤᠳᠠᠯ ᠳᠤ ᠡᠳ᠋ ᠤᠨ ᠵᠠᠰᠠᠭ ᠤᠨ ᠲᠣᠭᠲᠠᠭᠰᠠᠨ ᠨᠤᠷᠮ᠎ᠠ ᠪᠠᠷ ᠨᠦᠬᠦᠪᠦᠷᠢᠯᠡᠬᠦ ᠶᠢ ᠬᠡᠷᠡᠭᠵᠢᠭᠦᠯᠳᠡᠭ | ᠨᠢᠭᠡᠴᠡ ᠪᠣᠯ ᠡᠮ ᠡᠮᠨᠡᠯᠭᠡ ᠶᠢᠨ ᠵᠠᠷᠤᠳᠠᠯ ᠤᠨ ᠵᠦᠷᠢᠶᠡᠲᠦ ᠲᠣᠭᠠᠨ ᠤ ᠬᠡᠰᠡᠭ ᠢ ᠨᠢ ᠨᠢᠭᠡᠴᠡ ᠨᠦᠭᠦᠳ ᠦᠪᠡᠷ ᠢᠶᠠᠨ | ᠬᠤᠷᠠᠮᠳᠤᠭᠤᠯᠬᠤ ᠶᠢᠨ ᠬᠠᠮᠲᠤ᠂ ᠲᠣᠭᠲᠠᠭᠠᠯ ᠶᠤᠰᠤᠭᠠᠷ ᠬᠡᠳᠦᠢ ᠵᠠᠷᠤᠭᠰᠠᠨ ᠪᠣᠯ ᠲᠡᠳᠦᠢ ᠶᠢ ᠨᠢ ᠳᠠᠩᠰᠠᠨ ᠠᠴᠠ | ᠲᠠᠶᠢᠯᠬᠤ ᠶᠢ ᠪᠠᠲᠤᠯᠠᠬᠤ ᠬᠡᠷᠡᠭᠲᠡᠢ᠃ | ᠠᠷᠪᠠᠨ ᠳᠦᠷᠪᠡᠳᠦᠭᠡᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠶᠢᠨ ᠲᠤᠰᠠᠳᠠ᠂ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠬᠠᠷᠢᠭᠤᠴᠠᠵᠤ᠂ ᠦᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠬᠢᠨᠠᠨ ᠪᠤᠳᠤᠬᠤ ᠲᠢᠩᠬᠢᠮ᠂ ᠦᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠬᠠᠮᠠᠳ ᠺᠠᠳ᠋ᠷ ᠤᠨ ᠲᠣᠪᠴᠢᠶ᠎ᠠ ᠠᠴᠠ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠤᠳᠤᠷᠢᠳᠬᠤ | ᠳᠤᠭᠤᠶᠢᠯᠠᠩ ᠢ ᠪᠦᠷᠢᠯᠳᠦᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠤᠨ᠂ ᠲᠤᠰ | ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠤᠯᠪᠤᠭᠳᠠᠯ ᠪᠦᠬᠦᠢ | ᠵᠦᠢᠯᠡᠰ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠪᠠᠶᠢᠷᠢᠯᠠᠭᠤᠯᠤᠨ᠎ᠠ᠃ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ | ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ | ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ | ︵ᠨᠢᠭᠡ︶ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ ᠵᠠᠷᠤᠳᠠᠯ ᠢ ᠬᠤᠷᠠᠮᠳᠤᠭᠤᠯᠬᠤ ᠪᠠ ᠲᠣᠭᠲᠠᠭᠠᠭᠰᠠᠨ | ᠬᠤᠭᠤᠴᠠᠭ᠎ᠠ ᠳᠤᠨᠢ ᠲᠤᠭ᠎ᠠ ᠶᠤᠰᠤᠭᠠᠷ ᠭᠦᠢᠴᠡᠳ ᠥᠭᠬᠦ ᠶᠢ ᠬᠠᠷᠢᠭᠤᠴᠠᠵᠤ᠂ ᠲᠦᠰᠥᠪ ᠪᠠ ᠲᠦᠰᠥᠪ ᠤᠨ | ᠭᠦᠢᠴᠡᠳᠭᠡᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠬᠡᠷᠡᠭᠲᠡᠢ︔ ᠡᠮ ᠡᠮᠨᠡᠯᠭᠡ ᠶᠢᠨ ᠵᠠᠷᠤᠳᠠᠯ ᠤᠨ | ᠳᠠᠩᠰᠠᠨ ᠠᠴᠠ ᠲᠠᠶᠢᠯᠬᠤ ᠬᠠᠭᠤᠳᠠᠰᠤ ᠪᠠᠷᠢᠮᠲᠠ ᠶᠢᠨ ᠳᠠᠬᠢᠨ ᠬᠢᠨᠠᠬᠤ ᠶᠢ ᠬᠠᠷᠢᠭᠤᠴᠠᠬᠤ ᠬᠡᠷᠡᠭᠲᠡᠢ᠃ | ︵ᠬᠤᠶᠠᠷ︶ ᠦᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠨᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ | ᠪᠠᠲᠤᠯᠠᠭ᠎ᠠ ᠶᠢᠨ ᠲᠣᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠪᠣᠯᠣᠨ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠲᠤᠰᠬᠠᠢ ᠬᠠᠮᠢᠶᠠᠷᠤᠭᠴᠢᠳ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠬᠤ ᠶᠢᠨ ᠬᠠᠮᠲᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠤᠰ ᠠᠷᠭ᠎ᠠ ᠶᠢ ᠲᠡᠭᠦᠯᠳᠡᠷᠵᠢᠭᠦᠯᠬᠦ ᠳᠤ ᠵᠠᠰᠠᠪᠤᠷᠢ | ᠣᠷᠤᠭᠤᠯᠬᠤ ᠰᠠᠨᠠᠯ ᠳᠤᠷᠠᠳᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠨᠢ ᠲᠤᠰ | ᠠᠷᠭ᠎ᠠ ᠶᠢ ᠦᠨᠳᠦᠰᠦᠯᠡᠨ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠤᠪᠢ ᠬᠦᠮᠦᠨ ᠤ | ᠡᠮᠴᠢᠯᠡᠭᠡᠨ ᠤ ᠳᠠᠩᠰᠠ ᠡᠪᠬᠡᠮᠡᠯ ᠢ ᠪᠠᠶᠢᠭᠤᠯᠬᠤ ᠶᠢ ᠬᠠᠷᠢᠭᠤᠴᠠᠵᠤ᠂ ᠬᠤᠪᠢ ᠬᠦᠮᠦᠨ ᠤ ᠳᠠᠩᠰᠠᠨ ᠡᠷᠦᠬᠡ ᠶᠢᠨ | ᠳᠡᠪᠲᠡᠷ ᠢ ᠳᠠᠷᠤᠮᠠᠯᠯᠠᠨ ᠲᠠᠷᠬᠠᠭᠠᠬᠤ ᠬᠡᠷᠡᠭᠲᠡᠢ︔ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ | ᠭᠤᠶᠤᠴᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ︔ ᠲᠤᠰ ᠱᠠᠲᠤᠨ ᠤ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠡᠮᠬᠢᠳᠭᠡᠯ ᠢ | ᠨᠠᠶᠢᠷᠠᠭᠤᠯᠤᠨ ᠳᠠᠷᠤᠮᠠᠯᠯᠠᠵᠤ᠂ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠬᠦᠮᠦᠨ ᠪᠦᠷᠢ ᠳᠤ | ᠨᠢᠭᠡ ᠳᠡᠪᠲᠡᠷ ᠣᠯᠭᠤᠬᠤ ᠶᠢ ᠪᠠᠲᠤᠯᠠᠬᠤ ᠬᠡᠷᠡᠭᠲᠡᠢ︔ ᠲᠣᠭᠲᠠᠭᠠᠭᠰᠠᠨ ᠴᠢᠬ ᠤᠨ ᠡᠮᠨᠡᠯᠭᠡ ᠶᠢᠨ ᠬᠤᠷᠢᠶ᠎ᠠ ᠪᠣᠯᠣᠨ | ᠡᠮ ᠤᠨ ᠳᠡᠯᠭᠡᠭᠦᠷ ᠲᠠᠢ ᠬᠡᠯᠡᠯᠴᠡᠭᠡᠷ ᠲᠣᠭᠲᠠᠬᠤ ᠶᠢ ᠬᠠᠷᠢᠭᠤᠴᠠᠵᠤ᠂ ᠲᠤᠰ ᠱᠠᠲᠤᠨ ᠤ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠡᠷᠬᠢᠯᠡᠳᠡᠭ ᠡᠮᠴᠢ ᠨᠠᠷ ᠤᠨ ᠬᠢᠷᠢ ᠭᠡᠮ ᠢ | ᠨᠤᠲᠠᠯᠠᠬᠤ ᠶᠢᠨ ᠬᠠᠮᠲᠤ᠂ ᠲᠡᠳᠡᠨ ᠳᠤ ᠲᠥᠷᠥ ᠶᠢᠨ ᠪᠣᠳᠣᠯᠭ᠎ᠠ ᠶᠢᠨ ᠵᠢᠯᠤᠭᠤᠳᠤᠯᠭ᠎ᠠ ᠪᠠ ᠦᠢᠯᠡᠴᠢᠯᠡᠭᠡᠨ ᠤ | ᠬᠢᠨᠠᠯᠲᠠ ᠲᠠᠯᠪᠢᠬᠤ ᠬᠡᠷᠡᠭᠲᠡᠢ︔ ᠲᠣᠭᠲᠠᠭᠠᠭᠰᠠᠨ ᠴᠢᠬ ᠤᠨ ᠡᠮᠨᠡᠯᠭᠡ ᠶᠢᠨ ᠬᠤᠷᠢᠶ᠎ᠠ ᠳᠤ ᠬᠤᠯᠪᠣᠭᠠᠴᠢᠨ ᠲᠣᠮᠢᠯᠠᠨ | ᠰᠠᠭᠤᠯᠭᠠᠵᠤ᠂ ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠡᠷᠬᠡ ᠣᠯᠭᠤᠭᠰᠠᠨ ᠵᠦᠢᠯᠡᠰ ᠢ ᠲᠣᠬᠠᠢ ᠶᠢᠨ ᠭᠠᠵᠠᠷ ᠲᠤᠨᠢ ᠭᠦᠢᠴᠡᠳᠭᠡᠬᠦ ᠬᠡᠷᠡᠭᠲᠡᠢ︔ | ᠡᠮᠴᠢᠯᠡᠭᠡᠨ ᠤ ᠲᠥᠷᠥ ᠶᠢᠨ ᠪᠣᠳᠣᠯᠭ᠎ᠠ ᠶᠢᠨ ᠲᠣᠬᠠᠶᠢᠯᠠᠭᠰᠠᠨ ᠠᠵᠢᠯ ᠤᠨ ᠯᠠᠪᠯᠠᠯᠭ᠎ᠠ ᠪᠣᠯᠣᠨ ᠡᠮᠴᠢ ᠡᠪᠡᠳᠴᠢᠲᠡᠨ ᠤ | ᠵᠢᠭᠤᠷᠠᠯᠳᠤᠭᠠᠨ ᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ | ︵ᠭᠤᠷᠪᠠ︶ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ | ᠵᠦᠪᠯᠡᠯ ᠨᠢ ᠬᠠᠷᠢᠶ᠎ᠠ ᠡᠮᠨᠡᠯᠭᠡ ᠶᠢᠨ ᠬᠤᠷᠢᠶ᠎ᠠ ᠪᠣᠯᠣᠨ ᠡᠮᠴᠢ ᠰᠣᠪᠢᠯᠠᠭᠴᠢᠳ ᠲᠤ ᠲᠥᠷᠥ ᠶᠢᠨ ᠪᠣᠳᠣᠯᠭ᠎ᠠ ᠪᠣᠯᠣᠨ | ᠲᠣᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠬᠦ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠠᠵᠢᠯ | ᠮᠡᠷᠭᠡᠵᠢᠯ ᠤᠨ ᠶᠤᠰᠤ ᠮᠤᠷᠠᠯ ᠤᠨ ᠬᠦᠮᠦᠵᠢᠯ ᠢ ᠴᠢᠩᠭᠠᠷᠠᠭᠤᠯᠤᠨ᠂ ᠦᠢᠯᠡᠴᠢᠯᠡᠭᠡᠨ ᠤ ᠣᠪᠣᠷ ᠢ ᠰᠠᠶᠢᠵᠢᠷᠠᠭᠤᠯᠵᠤ᠂ | ᠡᠮᠴᠢᠯᠡᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠮᠨᠡᠯᠭᠡ ᠶᠢ ᠠᠰᠢᠭᠯᠠᠨ ᠠᠮᠢ ᠪᠠᠨ ᠪᠤᠷᠳᠤᠬᠤ | ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ︵ᠳᠥᠷᠪᠡ︶ ᠦᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠨᠢ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮ ᠡᠮᠨᠡᠯᠭᠡ ᠶᠢᠨ ᠵᠠᠷᠤᠳᠠᠯ ᠤᠨ ᠬᠠᠮᠢᠶᠠᠷᠴᠤ ᠬᠡᠷᠡᠭᠯᠡᠭᠰᠡᠨ ᠪᠠᠶᠢᠳᠠᠯ ᠢ | ᠬᠢᠨᠠᠨ ᠪᠤᠳᠤᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ | ︵ᠲᠠᠪᠤ︶ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ ᠠᠵᠢᠯ ᠤᠨ | ᠲᠣᠪᠴᠢᠶ᠎ᠠ ᠨᠢ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠡᠮᠴᠢᠯᠡᠭᠡᠨ ᠤ ᠺᠠᠳ᠋ᠷᠴᠤᠳ ᠤᠨ ᠪᠠᠲᠤᠯᠠᠭ᠎ᠠ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠪᠠ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ | ᠵᠣᠬᠢᠴᠠᠭᠤᠯᠬᠤ ᠳᠤ ᠤᠷᠤᠯᠴᠠᠵᠤ᠂ ᠲᠤᠰ ᠠᠷᠭ᠎ᠠ ᠪᠣᠯᠣᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠭᠰᠡᠨ ᠪᠠᠶᠢᠳᠠᠯ ᠢ ᠵᠢᠯᠤᠭᠤᠳᠬᠤ ᠪᠠ ᠬᠢᠨᠠᠨ ᠬᠠᠮᠢᠶᠠᠷᠬᠤ ᠳᠤ ᠣᠷᠤᠯᠴᠠᠵᠤ᠂ ᠲᠤᠰ ᠱᠠᠲᠤᠨ ᠤ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠠᠨᠠᠯ ᠢ ᠴᠠᠭ ᠲᠣᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠯ᠎ᠡ ᠲᠣᠭᠲᠠᠭᠠᠭᠰᠠᠨ ᠴᠢᠬ ᠤᠨ ᠡᠮᠨᠡᠯᠭᠡ ᠶᠢᠨ ᠬᠤᠷᠢᠶ᠎ᠠ ︵ᠨᠡᠶᠢᠭᠡᠮ | ᠲᠣᠭᠤᠷᠢᠭ ᠤᠨ ᠡᠭᠦᠳᠡᠨ ᠡᠮᠨᠡᠯᠭᠡ ᠶᠢ ᠪᠠᠭᠲᠠᠭᠠᠨ᠎ᠠ︶ ᠪᠣᠯᠣᠨ ᠡᠮ ᠤᠨ ᠳᠡᠯᠭᠡᠭᠦᠷ ᠤᠳ ᠡᠷᠬᠡᠪᠰᠢ ᠲᠤᠰ ᠠᠷᠭ᠎ᠠ | ᠪᠣᠯᠣᠨ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ︔ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠡᠪᠡᠳᠴᠢᠲᠡᠨ ᠳᠤ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠢ︔ ᠡᠪᠡᠳᠴᠢᠨ ᠤ | ᠵᠢᠱᠢᠶ᠎ᠡ ᠪᠣᠯᠣᠨ ᠵᠣᠷ ᠢ ᠦᠨᠡᠨ ᠪᠤᠲᠠᠲᠠᠢ ᠪᠠᠷ ᠲᠠᠭᠯᠠᠨ ᠪᠢᠴᠢᠵᠦ᠂ ᠬᠡᠯᠡᠯᠴᠡᠭᠡᠷ ᠲᠤ ᠲᠣᠭᠲᠠᠭᠠᠭᠰᠠᠨ ᠬᠤᠯᠪᠤᠭᠳᠠᠯ | ᠪᠦᠬᠦᠢ ᠵᠦᠢᠯ ᠢ ᠴᠢᠩᠭ᠎ᠠ ᠭᠦᠢᠴᠡᠳᠭᠡᠬᠦ ᠶᠢᠨ ᠬᠠᠮᠲᠤ ᠬᠡᠯᠡᠯᠴᠡᠭᠡᠷ ᠢ ᠵᠦᠷᠢᠴᠡᠭᠰᠡᠨ ᠠᠴᠠ ᠪᠣᠢ ᠪᠣᠯᠣᠭᠰᠠᠨ ᠠᠵᠤ | ᠠᠬᠤᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ᠨᠦᠬᠦᠴᠡᠯ ᠲᠠᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠤᠭᠤᠳ ᠲᠤᠰ ᠱᠠᠲᠤᠨ ᠤ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠲᠤ ᠲᠤᠳᠤᠷ᠂ ᠭᠠᠳᠠᠷ ᠡᠮᠨᠡᠯᠭᠡ ᠶᠢᠨ ᠲᠤᠰᠬᠠᠢ ᠡᠭᠦᠳᠡᠨ ᠡᠮᠨᠡᠯᠭᠡ ᠶᠢ ᠪᠠᠶᠢᠭᠤᠯᠵᠤ᠂ ᠲᠤᠰ | ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠪᠡᠳᠴᠢᠨ ᠢᠶᠠᠨ ᠡᠮᠨᠡᠭᠦᠯᠬᠦ ᠳᠤ ᠳᠦᠭᠦᠮ ᠦᠵᠡᠭᠦᠯᠬᠦ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠪᠠᠶᠢᠭ᠎ᠠ | ᠨᠢᠭᠡᠴᠡ ᠶᠢᠨ ᠠᠬᠠᠮᠠᠳ ᠺᠠᠳ᠋ᠷ ᠤᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠪᠣᠶᠣ ᠲᠤᠰᠬᠠᠢ | ᠬᠠᠮᠢᠶᠠᠷᠤᠭᠴᠢ ᠨᠠᠷ ᠰᠠᠨᠠᠭᠠᠴᠢᠯᠠᠭ᠎ᠠ ᠠᠴᠠ ᠪᠠᠨ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠲᠤ | ᠡᠮᠴᠢᠯᠡᠭᠡᠨ ᠤ ᠪᠠᠲᠤᠯᠠᠭ᠎ᠠ ᠶᠢᠨ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ | ᠡᠪᠡᠳᠴᠢᠨ ᠢᠶᠠᠨ ᠡᠮᠨᠡᠭᠦᠯᠬᠦ ᠳᠤ ᠦᠢᠯᠡᠴᠢᠯᠡᠬᠦ ᠠᠵᠢᠯ ᠢ ᠬᠠᠯᠠᠭᠤᠨ ᠰᠡᠳᠬᠢᠯᠭᠡ ᠪᠠᠷ ᠰᠠᠶᠢᠲᠤᠷ ᠬᠢᠵᠦ᠂ ᠲᠣᠭᠲᠠᠭᠰᠠᠨ | ᠬᠤᠭᠤᠴᠠᠭ᠎ᠠ ᠶᠤᠰᠤᠭᠠᠷ ᠲᠤᠰ ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ | ᠳᠠᠩᠰᠠᠨ ᠠᠴᠠ ᠲᠠᠶᠢᠯᠬᠤ ᠫᠢᠶᠤᠤ ᠪᠠᠷᠢᠮᠲᠠ ᠶᠢ ᠦᠨᠡᠨ ᠪᠣᠲᠠᠲᠠᠢ ᠪᠠᠷ ᠪᠠᠶᠢᠴᠠᠭᠠᠨ ᠰᠢᠯᠭᠠᠵᠤ ᠮᠡᠳᠡᠭᠦᠯᠬᠦ ᠶᠢᠨ ᠬᠠᠮᠲᠤ᠂ | ᠲᠣᠭᠲᠠᠭᠠᠯ ᠵᠦᠷᠢᠴᠡᠭᠰᠡᠨ ᠠᠴᠠ ᠪᠤᠯᠤᠬᠰᠠᠨ ᠪᠠᠶᠢᠴᠠᠭᠠᠵᠤ ᠰᠢᠯᠭᠠᠬᠤ ᠪᠠ ᠮᠡᠳᠡᠭᠦᠯᠦᠭᠰᠡᠨ ᠠᠵᠤ ᠠᠬᠤᠢ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠠᠷᠪᠠᠨ ᠳᠤᠯᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ | ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ︵ᠦᠪᠦᠷ ᠵᠠᠰᠠᠭ ᠠᠯᠪᠠᠨ ᠦᠰᠦᠭ ﹇2003﹈ 92 ᠳ᠋ᠤᠭᠠᠷ ᠲᠣᠭᠠᠲᠤ ᠪᠢᠴᠢᠭ | ᠮᠠᠲ᠋ᠧᠷᠢᠶᠠᠯ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | |