ᠪᠦᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠠᠢ ᠤᠷᠤᠯᠠᠬᠤ ᠨᠤᠮᠧᠷ ᠤᠯᠭᠤᠬᠤ ᠠᠵᠢᠯ ᠤᠨ ᠬᠤᠷᠠᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2016/1/28
     ︽︿ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠠᠢ ᠤᠷᠤᠯᠠᠬᠤ ᠨᠤᠮᠧᠷ ᠤᠯᠭᠤᠬᠤ ᠶᠢ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶﹀᠎ ᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠠᠢ ᠤᠷᠤᠯᠠᠬᠤ ᠨᠤᠮᠧᠷ ᠣᠯᠭᠤᠬᠤ ᠪᠠ ᠦᠨᠡᠮᠯᠡᠯ ᠰᠤᠯᠢᠬᠤ ᠠᠵᠢᠯ ᠢ ᠰᠠᠶᠢᠲᠤᠷ ᠬᠢᠬᠦ ᠶᠢᠨ ᠲᠤᠯᠠᠳᠠ᠂ 2016 ᠤᠨ ᠤ 1 ᠳ᠋ᠤᠭᠡᠷ ᠰᠠᠷ᠎ᠠ ᠶᠢᠨ 22᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠬᠠᠮᠲᠤᠷᠠᠨ ᠪᠦᠬᠦ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠠᠢ ᠤᠷᠤᠯᠠᠬᠤ ᠨᠤᠮᠧᠷ ᠣᠯᠭᠤᠬᠤ ᠠᠵᠢᠯ ᠤᠨ  ᠬᠤᠷᠠᠯ ᠵᠢᠴᠢ ᠪᠥᠬᠦ ᠤᠯᠤᠰ ᠤᠨ ᠲᠡᠷᠢᠭᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠤᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠤᠷᠤᠨ ᠳᠤ ᠢᠯᠡᠷᠭᠡᠶᠢᠯᠡᠯ ᠤᠯᠭᠤᠬᠤ ᠶᠣᠰᠣᠯᠠᠯ ᠢ ᠡᠷᠬᠢᠯᠡᠪᠡ᠃ ᠡᠯ᠎ᠡ ᠠᠶᠢᠮᠠᠭ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠠᠷᠠᠳ ᠤᠨ ᠬᠠᠮᠢᠶᠠᠷᠤᠯᠲᠠ ᠶᠢᠨ ᠰᠠᠯᠠᠭ᠎ᠠ ︵ᠲᠣᠪᠴᠢᠶ᠎ᠠ︶᠎ ᠶᠢᠨ ᠳᠠᠷᠤᠭ᠎ᠠ᠂ ᠡᠯ᠎ᠡ ᠠᠶᠢᠮᠠᠭ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠬᠦᠷᠢᠶᠡᠯᠡᠩ ᠤᠨ ᠦᠨᠡᠮᠯᠡᠯ ᠤᠯᠭᠤᠬᠤ ᠴᠤᠩᠬᠤᠨ ᠤ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠪᠦᠬᠦ ᠤᠯᠤᠰ ᠤᠨ ᠲᠡᠷᠢᠭᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠲᠠᠪᠢ ᠭᠠᠷᠤᠶ ᠬᠥᠮᠦᠨ ᠬᠤᠷᠠᠯ ᠳᠤ ᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠠᠷᠠᠳ ᠤᠨ ᠳᠤᠮᠳᠠᠬᠢ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠶᠢᠨ ᠬᠦᠷᠢᠶᠡᠯᠡᠩ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠴᠤᠯᠠ ᠬᠦᠷᠲᠡᠭᠰᠡᠨ ᠤᠷᠳᠤᠰ ᠬᠤᠳᠠ᠂ ᠪᠤᠭᠤᠲᠤ ᠬᠤᠳᠠ ᠶᠢᠨ ᠬᠦᠨᠳᠡᠯᠡᠨ ᠲᠤᠭᠤᠷᠢᠭ ᠤᠨ ᠲᠥᠯᠥᠭᠡᠯᠡᠭᠴᠢ ᠳᠤ ᠢᠯᠡᠷᠭᠡᠶᠢᠯᠡᠯ ᠤᠯᠭᠤᠵᠤ᠂ ᠪᠦᠬᠦ ᠤᠯᠤᠰ ᠤᠨ ᠲᠡᠷᠢᠭᠦᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠤᠯᠠ ᠬᠦᠷᠲᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠤᠨ ᠠᠵᠢᠯ ᠲᠦᠷᠦᠯ ᠤᠨ ᠨᠡᠶᠢᠭᠡᠮᠯᠢᠭ᠂ ᠯᠣᠣ ᠨᠢᠤ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠠᠯᠤᠰ ᠡᠵᠡᠮᠰᠢᠯ ᠪᠤᠯᠤᠨ ᠦᠷᠬᠦᠯᠵᠢᠯᠡᠯ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ᠂ ᠤᠷᠳᠤᠰ ᠬᠤᠳᠠ ᠶᠢᠨ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠡᠷᠲᠡ ᠴᠢᠯᠦᠭᠡᠯᠡᠭᠳᠡᠭᠰᠡᠨ ᠤᠷᠤᠨ ᠤ ᠪᠦᠳᠤᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠲᠥᠯᠥᠭᠡᠯᠡᠭᠴᠢ ᠳᠤ ᠱᠠᠩᠨᠠᠯ ᠤᠯᠭᠤᠭᠰᠠᠨ ᠤ ᠬᠠᠮᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠨᠢᠨ ᠮᠡᠳᠡᠭᠡᠯᠡᠯ ᠤᠨ ᠤᠬᠠᠭᠤᠯᠭ᠎ᠠ ᠶᠢᠨ ᠠᠵᠢᠯ ᠤᠨ ᠲᠡᠷᠢᠭᠦᠨ ᠤ ᠨᠢᠢᠭᠡᠴᠡ ᠶᠢᠨ ᠴᠤᠯᠠ ᠬᠦᠷᠲᠡᠭᠰᠡᠨ ᠪᠤᠭᠤᠲᠤ ᠶᠢᠨ ᠬᠦᠨᠳᠡᠯᠡᠨ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠳᠤ ᠱᠠᠩᠨᠠᠯ ᠭᠠᠷᠳᠠᠭᠤᠯᠤᠭᠰᠠᠨ ᠪᠠᠶᠢᠨ᠎ᠠ᠃      ᠬᠤᠷᠠᠯ ᠦᠨᠳᠦᠷᠯᠡᠭᠰᠡᠨ ᠤ ᠳᠠᠷᠠᠭ᠎ᠠ᠂ ᠬᠤᠷᠠᠯ ᠳᠤ ᠤᠷᠤᠯᠴᠠᠭᠰᠠᠳ ᠡᠨᠡ ᠤᠳᠠᠭᠠᠨ ᠤ ᠬᠤᠷᠠᠯ ᠨᠢ ᠴᠠᠭ ᠎ ᠲᠠᠭᠠᠨ ᠮᠠᠰᠢ ᠲᠤᠬᠢᠷᠠᠵᠤ᠂ ᠦᠵᠡᠯ ᠰᠠᠨᠠᠭ᠎ᠠ ᠪᠠᠨ ᠨᠢᠭᠡᠳᠭᠡᠵᠤ᠂ ᠨᠤᠮᠧᠷ ᠣᠯᠭᠤᠬᠤ ᠪᠠ ᠦᠨᠡᠮᠯᠡᠯ ᠰᠣᠯᠢᠬᠤ ᠠᠵᠢᠯ ᠤᠨ ᠠᠯᠬᠤᠮ ᠲᠠᠷᠠᠭ᠎ᠠ ᠪᠤᠯᠤᠨ ᠠᠷᠭ᠎ᠠ ᠬᠡᠮᠵᠢᠶ᠎ᠡ ᠶᠢ ᠡᠵᠡᠮᠰᠢᠬᠦᠯᠵᠤ᠂ 2016 ᠣᠨ ᠤ ᠳᠠᠩᠰᠠᠯᠠᠨ ᠬᠠᠮᠢᠶᠠᠷᠬᠤ ᠠᠵᠢᠯ ᠳᠤ ᠭᠤᠣᠯᠳᠠᠯᠭ᠎ᠠ ᠲᠠᠢ ᠲᠠᠨᠢᠯᠲᠠ ᠲᠠᠢ ᠪᠤᠯᠤᠯ᠎ᠠ ᠬᠡᠵᠤ ᠨᠡᠶᠢᠳᠡᠮ ᠦᠵᠡᠭᠰᠡᠨ ᠤ ᠬᠠᠮᠲᠤ ᠠᠵᠢᠯ ᠢᠶᠠᠨ ᠲᠤᠭᠲᠠᠭᠰᠠᠨ ᠴᠠᠭ ᠲᠤᠨᠢ ᠲᠤᠭ᠎ᠠ ᠴᠢᠨᠠᠷ ᠢ ᠪᠠᠲᠤᠯᠠᠨ ᠥᠨᠳᠥᠷ ᠪᠠᠷᠢᠮᠵᠢᠶ᠎ᠠ ᠪᠠᠷ ᠪᠡᠶᠡᠯᠡᠬᠦᠯᠦᠨ᠎ᠡ ᠭᠡᠵᠦ ᠰᠠᠨᠠᠯ ᠨᠢᠭᠡᠲᠡᠶ ᠢᠯᠡᠷᠭᠡᠶᠢᠯᠡᠵᠡᠭᠡᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号