︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠦᠢᠯᠡᠰ ᠥᠷᠨᠢᠨ ᠬᠥᠭᠵᠢᠵᠦ᠂ ᠢᠯᠡᠳᠲᠡ ᠠᠮᠵᠢᠯᠲᠠ ᠪᠦᠲᠦᠮᠵᠢ ᠣᠯᠤᠭᠰᠠᠨ | ᠪᠠᠶᠢᠨ᠎ᠠ᠃ | — ᠪᠦᠬᠦ ᠨᠡᠶᠢᠭᠡᠮ ᠤᠨ ᠤᠰᠤᠨ ᠠᠰᠢᠭᠯᠠᠯᠲᠠ ᠳᠠᠬᠢ ᠣᠷᠣᠭᠤᠯᠤᠯᠲᠠ ᠨᠡᠶᠢᠳᠡ 664.58 ᠳ᠋ᠦᠡᠭᠰᠢᠭᠤᠷ | ᠲᠥᠭᠦᠷᠢᠭ ᠲᠤ ᠬᠦᠷᠴᠦ᠂ ︽11·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠬᠢ ᠠᠴᠠ 227.4% | ︵︽11·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠦᠬᠦ ᠨᠡᠶᠢᠭᠡᠮ ᠤᠨ ᠤᠰᠤᠨ ᠠᠰᠢᠭᠯᠠᠯᠲᠠ ᠳᠠᠬᠢ | ᠤᠷᠤᠭᠤᠯᠤᠯᠲᠠ ᠨᠡᠶᠢᠲᠡ 203 ᠳ᠋ᠦᠡᠭᠰᠢᠭᠤᠷ ᠲᠥᠭᠦᠷᠢᠭ ᠪᠤᠯᠤᠨ᠎ᠠ︶ ᠪᠠᠷ ᠨᠡᠮᠡᠭᠳᠡᠪᠡ᠃ | — 501.7 ᠲᠦᠮᠡᠨ ᠮᠠᠯᠴᠢᠨ ᠲᠠᠷᠢᠶᠠᠴᠢᠳ ᠪᠤᠯᠤᠨ 34.8 ᠲᠦᠮᠡᠨ ᠰᠤᠷᠭᠠᠭᠤᠯᠢ ᠶᠢᠨ ᠪᠠᠭᠰᠢ | ᠰᠤᠷᠤᠭᠴᠢᠳ ᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠬᠥᠳᠡᠭᠡ | ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯ ᠤᠨ ᠨᠤᠷᠮ᠎ᠠ ᠨᠢ ︽11·5︾ ᠶᠢᠨ ᠲᠥᠯᠥᠪᠵᠢᠭᠦᠯᠭᠡ ᠶᠢᠨ | ᠰᠡᠭᠦᠯᠴᠢ ᠶᠢᠨ ᠬᠤᠭᠤᠴᠠᠭᠠᠨ ᠳᠤ 60.8% ᠪᠠᠶᠢᠭᠰᠠᠨ ᠠᠴᠠ ᠳᠡᠭᠡᠭᠰᠢᠯᠡᠭᠡᠳ 70% ᠳᠤ ᠬᠦᠷᠦᠭᠰᠡᠨ | ᠪᠠᠶᠢᠨ᠎ᠠ᠃ | — ᠪᠦᠲᠦᠮᠵᠢᠲᠡᠶ ᠤᠰᠤᠯᠠᠯᠲᠠ ᠶᠢᠨ ᠲᠠᠯᠠᠪᠠᠢ ᠶᠢ 417 ᠲᠦᠮᠡ ᠮᠤ᠋ ᠰᠢᠨ᠎ᠡ ᠪᠠᠷ ᠨᠡᠮᠡᠭᠳᠡᠭᠦᠯᠵᠦ᠂ ︽ | 11·5︾ ᠶᠢᠨ ᠲᠦᠯᠦᠪᠵᠢᠬᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ︔ | ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 2118 ᠲᠦᠮᠡᠨ ᠮᠤ᠋ ᠰᠢᠨ᠎ᠡ ᠪᠠᠷ ᠨᠡᠮᠡᠭᠳᠡᠬᠦᠯᠵᠤ᠂ ︽11·5︾ | ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 60.6% ᠪᠠᠷ ᠨᠡᠮᠡᠭᠳᠡᠪᠡ᠂ ᠡᠭᠦᠨ ᠳᠤ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 1325 ᠲᠦᠮᠡᠨ ᠮᠦ ᠰᠢᠨ᠎ᠡ ᠪᠠᠷ | ᠨᠡᠮᠡᠭᠳᠡᠬᠦᠯᠵᠤ᠂ ︽11·5︾ ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ 55. | 8% ᠪᠠᠷ ᠨᠡᠮᠡᠭᠳᠡᠪᠡ᠃ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠭᠯᠠᠬᠤ ᠢᠯᠡᠳᠬᠡᠮᠵᠢ | ᠨᠢ ︽11·5︾ ᠶᠢᠨ ᠲᠥᠯᠥᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠳᠤ 0.50 ᠪᠠᠶᠢᠭᠰᠠᠨ ᠠᠴᠠ | ᠳᠡᠭᠡᠭᠰᠢᠯᠡᠭᠡᠳ 0.52 ᠳᠤ ᠬᠦᠷᠦᠭᠰᠡᠨ ᠪᠠᠶᠢᠨ᠎ᠠ᠃ | — ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠭᠡᠢ | ᠦᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ | ᠤᠰᠤ ᠬᠡᠷᠡᠭᠯᠡᠬᠦ ᠬᠡᠮᠵᠢᠶ᠎ᠡ ᠨᠢ ᠲᠤᠰ ᠲᠤᠰ ︽11·5︾ ᠶᠢᠨ ᠲᠥᠯᠥᠪᠵᠢᠭᠦᠯᠭᠡ ᠶᠢᠨ ᠰᠡᠬᠦᠯᠴᠢ ᠶᠢᠨ | ᠬᠤᠭᠤᠴᠠᠭᠠᠨ ᠤ ᠬᠢ ᠠᠴᠠ 46%᠂ 27% ᠪᠠᠷ ᠪᠠᠭᠤᠷᠠᠪᠠ᠃ | — ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠲᠠᠯᠠᠪᠠᠢ ᠶᠢ 3450 ᠲᠦᠮᠡᠨ ᠮᠤ᠋ ︵︽11·5︾ | ᠶᠢᠨ ᠲᠦᠯᠦᠪᠵᠢᠬᠦᠯᠭᠡ ᠶᠢᠨ ᠬᠤᠭᠤᠴᠠᠭᠠᠨ ᠳᠤ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠲᠠᠯᠠᠪᠠᠢ ᠶᠢ 3435 | ᠲᠦᠮᠡᠨ ᠮᠤ᠋ ᠪᠡᠶᠡᠯᠡᠬᠦᠯᠪᠡ︶ ᠪᠡᠶᠡᠯᠡᠬᠦᠯᠪᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠢ ᠶᠡᠬᠡᠪᠡᠷ ᠬᠥᠭᠵᠢᠭᠦᠯᠬᠦ ᠶᠢᠨ | ᠲᠤᠯᠠᠳᠠ᠂ ᠤᠰᠤᠨ ᠠᠰᠢᠭᠯᠠᠯᠲᠠ ᠶᠢᠨ ᠲᠢᠩᠬᠢᠮ ᠠᠴᠠ ︽13·5︾ ᠶᠢᠨ ᠲᠥᠯᠥᠪᠵᠢᠭᠦᠯᠭᠡ ᠶᠢᠨ ᠭᠤᠣᠯ | ᠬᠠᠷᠠᠯᠲᠠ ᠶᠢ ᠲᠣᠭᠲᠠᠭᠠᠭᠰᠠᠨ ᠪᠠᠶᠢᠨ᠎ᠠ᠃ | — ᠪᠦᠬᠦ ᠨᠡᠶᠢᠭᠡᠮ ᠤᠨ ᠤᠰᠤᠨ ᠠᠰᠢᠭᠯᠠᠯᠲᠠ ᠳᠠᠬᠢ ᠣᠷᠣᠭᠤᠯᠤᠯᠲᠠ ᠶᠢ 1500 ᠳ᠋ᠦᠩᠰᠢᠭᠤᠷ | ᠲᠥᠭᠦᠷᠢᠭ ᠲᠤ ᠬᠦᠷᠦᠬᠦᠯᠬᠦ ᠪᠤᠯᠤᠨ᠎ᠠ᠃ | — ᠶᠡᠭᠡ ᠭᠤᠣᠯ ᠮᠥᠷᠡᠨ ᠤ ᠦᠶᠡᠷ ᠢ ᠰᠡᠷᠭᠡᠶᠢᠯᠡᠬᠦ ᠭᠤᠣᠯᠳᠠᠯᠭᠠᠲᠤ ᠬᠠᠮᠠᠭᠠᠯᠠᠯᠲᠠ ᠶᠢᠨ ᠣᠷᠣᠨ ᠢ | ᠤᠷᠤᠰᠬᠠᠯ ᠤᠨ ᠤᠷᠤᠨ ᠤ ᠲᠥᠯᠥᠪᠵᠢᠭᠦᠯᠭᠡ ᠳᠤ ᠲᠣᠭᠲᠠᠭᠠᠭᠰᠠᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠳᠤ | ᠬᠦᠷᠦᠬᠦᠯᠵᠤ᠂ ᠬᠠᠲᠤᠨ ᠭᠤᠣᠯ ᠤᠨ ᠭᠤᠣᠯ ᠤᠷᠤᠰᠬᠠᠯ ᠢ ᠪᠦᠬᠦᠨ ᠢ ᠨᠢ ᠲᠥᠯᠥᠪᠵᠢᠭᠦᠯᠭᠡ ᠶᠢᠨ ᠪᠠᠷᠢᠮᠵᠢᠶ᠎ᠠ ᠳᠤ | ᠬᠦᠷᠦᠬᠦᠯᠵᠤ᠂ ᠯᠢᠶᠣᠤ ᠡᠾᠧ ᠭᠤᠣᠯ᠂ ᠨᠤᠨ ᠮᠥᠷᠡᠨ ᠤ ᠭᠤᠣᠯ ᠤᠷᠤᠰᠬᠠᠯ ᠢ ᠵᠠᠰᠠᠬᠤ ᠬᠡᠰᠡᠭ ᠤᠨ ᠳᠠᠯᠠᠩ ᠢ | ᠲᠥᠯᠥᠪᠵᠢᠭᠦᠯᠭᠡ ᠶᠢᠨ ᠪᠠᠷᠢᠮᠵᠢᠶ᠎ᠠ ᠳᠤ ᠬᠦᠷᠦᠬᠦᠯᠬᠦ ᠪᠤᠯᠤᠨ᠎ᠠ᠃ ᠵᠠᠰᠠᠬᠤ ᠶᠡᠭᠡ ᠭᠤᠣᠯ ᠮᠥᠷᠡᠨ ᠤ ᠭᠤᠤᠯ ᠪᠤᠯᠬᠤ | ᠭᠤᠣᠯ ᠤᠷᠤᠰᠬᠠᠯ ︵ ᠤᠷᠤᠰᠬᠠᠯ ᠤᠨ ᠲᠠᠯᠠᠪᠠᠶ ᠨᠢ 3000 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ | ᠭᠤᠣᠯ ᠮᠥᠷᠡᠨ︶ ᠤᠨ ᠴᠢᠬᠤᠯᠠ ᠬᠡᠰᠡᠭ ᠤᠨ ᠲᠠᠯᠠᠩ ᠢ ᠦᠨᠳᠦᠰᠦᠨ ᠳᠡᠭᠡᠨ ᠪᠠᠷᠢᠮᠵᠢᠶ᠎ᠠ ᠳᠤ ᠬᠦᠷᠦᠬᠦᠯᠵᠤ᠂ | ᠦᠶᠡᠷ ᠢ ᠰᠡᠷᠭᠡᠶᠢᠯᠡᠬᠦ ᠪᠠᠷᠢᠮᠵᠢᠶ᠎ᠠ ᠶᠢ 20-50 ᠵᠢᠯ ᠳᠤ ᠨᠢᠭᠡ ᠤᠳᠠᠭ᠎ᠠ ᠦᠶᠡᠷ ᠲᠤᠬᠢᠶᠠᠯᠳᠤᠬᠤ ᠪᠠᠷᠢᠮᠵᠢᠶ᠎ᠠ ᠳᠤ | ᠬᠦᠷᠦᠬᠦᠯᠵᠤ᠂ ᠳᠤᠮᠳᠠ ᠵᠢᠵᠢᠭ ᠭᠤᠣᠯ ᠤᠨ ᠤᠷᠤᠰᠬᠠᠯ ︵ᠤᠷᠤᠰᠬᠠᠯ ᠤᠨ ᠳᠠᠯᠠᠪᠠᠢ ᠨᠢ 200 ᠲᠡᠭᠰᠢ | ᠳᠥᠷᠪᠡᠯᠵᠢᠨ ᠺᠢᠯᠣᠮᠧᠲᠷ ᠠᠴᠠ 3000 ᠲᠡᠭᠰᠢ ᠳᠥᠷᠪᠡᠯᠵᠢᠨ ᠺᠢᠯᠣᠮᠧᠲᠷ ᠬᠦᠷᠬᠦ ᠭᠤᠣᠯ ᠮᠥᠷᠡᠨ︶ ᠤᠨ | ᠭᠤᠣᠯᠳᠠᠯᠭ᠎ᠠ ᠲᠠᠢ ᠬᠡᠰᠡᠭ ᠢ ᠦᠨᠳᠦᠰᠦᠨ ᠳᠡᠭᠡᠨ ᠪᠠᠷᠢᠮᠵᠢᠶ᠎ᠠ ᠳᠤ ᠬᠦᠷᠦᠬᠦᠯᠵᠤ᠂ ᠦᠶᠡᠷ ᠰᠡᠷᠭᠡᠶᠢᠯᠡᠬᠦ ᠪᠠᠷᠢᠮᠵᠢᠶ᠎ᠠ ᠶᠢ | 10-20 ᠵᠢᠯ ᠳᠤ ᠨᠢᠭᠡ ᠤᠳᠠᠭ᠎ᠠ ᠦᠶᠡᠷ ᠲᠤᠬᠢᠶᠠᠯᠳᠤᠬᠤ ᠪᠠᠷᠢᠮᠵᠢᠶ᠎ᠠ ᠪᠠᠷ ᠳᠡᠭᠡᠭᠰᠢᠯᠡᠭᠦᠯᠦᠨ᠎ᠡ᠃ | — ᠤᠰᠤ ᠬᠠᠩᠭᠠᠬᠤ ᠴᠢᠳᠠᠪᠤᠷᠢ ᠶᠢ 20 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ | ᠨᠡᠮᠡᠭᠳᠡᠭᠦᠯᠦᠨ᠎ᠡ᠃ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 211.57 ᠳ᠋ᠦᠡᠭᠰᠢᠭᠤᠷ ᠪᠣᠰᠤᠭ᠎ᠠ | ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠤᠰ ᠲᠤᠰ 2015 ᠣᠨ ᠤ ᠬᠢ ᠠᠴᠠ | 25% ᠪᠤᠯᠤᠨ 20% ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ | ᠠᠰᠢᠭᠯᠠᠬᠤ ᠢᠯᠡᠳᠬᠡᠮᠵᠢ ᠶᠢ 0.55 ᠠᠴᠠ ᠳᠡᠭᠡᠭᠰᠢ ᠳᠤ ᠬᠦᠷᠦᠬᠦᠯᠦᠨ᠎ᠡ᠃ | — ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠨᠭ᠍ᠭᠠᠯᠭ᠎ᠠ ᠶᠢᠨ ᠲᠠᠯ᠎ᠠ ᠪᠠᠷ ᠠᠰᠢᠭ ᠬᠦᠷᠲᠡᠬᠦ ᠬᠦᠮᠦᠨ | ᠠᠮᠠ ᠶᠢ 736.9 ᠲᠦᠮᠡ ᠳᠤ ᠬᠦᠷᠦᠬᠦᠯᠵᠤ᠂ ᠡᠭᠦᠨ ᠳᠤ ᠦᠭᠡᠷᠡᠴᠢᠯᠡᠭᠰᠡᠨ ᠤ ᠳᠠᠷᠠᠭ᠎ᠠ ᠠᠰᠢᠭ ᠬᠦᠷᠲᠡᠬᠦ | ᠬᠦᠮᠦᠨ ᠠᠮᠠ ᠶᠢ 536.3 ᠲᠦᠮᠡᠨ ᠬᠥᠮᠦᠨ ᠳᠤ ᠬᠦᠷᠦᠬᠦᠯᠵᠤ᠂ 200.6 ᠲᠦᠮᠡᠨ ᠬᠥᠮᠦᠨ ︵ᠤᠰᠤᠨ | ᠠᠰᠢᠭᠯᠠᠯᠲᠠ ᠶᠢᠨ ᠶᠠᠮᠤᠨ ᠲᠣᠭᠲᠠᠭᠠᠳᠤᠶ︶ ᠳᠤ ᠰᠢᠨ᠎ᠡ ᠪᠠᠷ ᠠᠰᠢᠭ ᠬᠦᠷᠲᠡᠭᠡᠬᠦ ᠪᠤᠯᠤᠨ᠎ᠠ᠃ ᠪᠦᠬᠦ ᠣᠷᠣᠨ ᠤ | ᠲᠦᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠬᠦᠯᠵᠤ᠂ ᠬᠥᠳᠡᠭᠡ ᠲᠣᠰᠬᠤᠨ ᠤ | ᠲᠦᠭᠡᠭᠡᠯ ᠤᠰᠤᠨ ᠤ ᠲᠦᠭᠡᠮᠡᠯᠵᠢᠯ ᠤᠨ ᠨᠤᠷᠮ᠎ᠠ ᠶᠢ 75% ᠠᠴᠠ ᠳᠡᠭᠡᠭᠰᠢ ᠳᠤ ᠬᠦᠷᠦᠬᠦᠯᠵᠤ᠂ ᠤᠰᠤ ᠬᠠᠩᠭᠠᠬᠤ | ᠪᠠᠲᠤᠯᠠᠭ᠎ᠠ ᠶᠢᠨ ᠨᠤᠷᠮ᠎ᠠ ᠤᠨ ᠲᠠᠯ᠎ᠠ ᠪᠠᠷ ᠵᠢᠵᠢᠭ ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠶᠢ | 90% ᠠᠴᠠ ᠳᠡᠭᠡᠭᠰᠢ ᠳᠤ ᠬᠦᠷᠦᠬᠦᠯᠵᠤ᠂ ᠪᠤᠰᠤᠳ ᠪᠠᠷᠢᠯᠭ᠎ᠠ ᠶᠢ 95% ᠠᠴᠠ ᠳᠡᠭᠡᠭᠰᠢ ᠳᠤ ᠬᠦᠷᠦᠬᠦᠯᠦᠨ᠎ᠡ᠃ | — ᠲᠠᠷᠢᠶᠠᠨ ᠭᠠᠵᠠᠷ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ ᠶᠢ 1000 ᠲᠦᠮᠡᠨ ᠮᠤ᠋ ᠰᠢᠨ᠎ᠡ ᠪᠠᠷ | ᠨᠡᠮᠡᠭᠳᠡᠭᠦᠯᠵᠤ᠂ ᠲᠡᠷᠢᠶᠠᠨ ᠭᠠᠵᠠᠷ ᠤᠨ ᠪᠦᠲᠦᠮᠵᠢᠲᠡᠶ ᠤᠰᠤᠯᠠᠯᠲᠠ ᠶᠢᠨ ᠲᠠᠯᠠᠪᠠᠢ ᠶᠢ 5500 ᠲᠦᠮᠡᠨ ᠮᠦ ᠳᠤ | ᠬᠦᠷᠦᠬᠦᠯᠦᠨ᠎ᠡ᠃ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 1300 ᠲᠦᠮᠡᠨ ᠮᠦ ᠰᠢᠨ᠎ᠡ ᠪᠠᠷ | ᠨᠡᠮᠡᠭᠳᠡᠭᠦᠯᠵᠤ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 5000 ᠲᠦᠮᠡᠨ ᠮᠦ ᠳᠤ ᠬᠦᠷᠦᠬᠦᠯᠵᠤ᠂ | ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ 3500 ᠲᠦᠮᠡᠨ ᠮᠦ ᠳᠤ | ᠬᠦᠷᠦᠬᠦᠯᠦᠨ᠎ᠡ᠃ | — ᠪᠦᠬᠦ ᠣᠷᠣᠨ ᠤ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠳᠠᠮᠵᠢᠲᠦ | ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠨᠤᠷᠮ᠎ᠠ ᠶᠢ 71% ᠳᠤ ᠬᠦᠷᠲᠡᠯ᠎ᠡ ᠳᠡᠭᠡᠭᠰᠢᠯᠡᠭᠦᠯᠦᠨ᠎ᠡ᠃ | ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠲᠠᠯᠠᠪᠠᠢ ᠶᠢ 3250 ᠲᠦᠮᠡᠨ ᠮᠤ᠋ ᠰᠢᠨ᠎ᠡ ᠪᠠᠷ | ᠨᠡᠮᠡᠭᠳᠡᠭᠦᠯᠦᠨ᠎ᠡ᠃ |