ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠠᠴᠠ | ᠮᠡᠳᠡᠭᠰᠡᠨ ᠨᠢ᠂ ᠤᠳᠤ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ | ᠠᠯᠪᠠᠨ ᠭᠡᠷ ᠪᠤᠯᠤᠨ ᠲᠠᠷᠢᠶᠠᠯᠠᠩ ᠤᠨ ᠪᠠᠩᠬᠢ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠬᠠᠮᠲᠤᠷᠠᠨ | ᠦᠷᠨᠢᠭᠦᠯᠵᠦ ᠪᠠᠶᠢᠭ᠎ᠠ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ | ᠨᠢᠭᠡᠨᠲᠡ ᠪᠦᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠨᠡᠶᠢᠲᠡ154.56 ᠳ᠋ᠦᠩᠰᠢᠭᠤᠷ | ᠲᠦᠬᠦᠷᠢᠭ ᠤᠨ ᠵᠢᠭᠡᠯᠡᠯᠭᠡ ᠲᠠᠯᠪᠢᠪᠠ᠃ | ᠥᠪᠥᠷ ᠮᠣᠩᠭᠤᠯ ᠤᠨ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠵᠦ ᠠᠷᠠᠳ ᠢ ᠪᠠᠶᠠᠵᠢᠭᠤᠯᠬᠤ | ᠢᠨᠵᠧᠨᠧᠷᠢᠩ ᠢ ᠬᠡᠷᠡᠭᠵᠢᠭᠦᠯᠬᠦ ᠳᠤᠮᠳᠠ᠂ ᠨᠢᠭᠡᠨᠲᠡ ᠲᠠᠷᠬᠠᠭᠠᠭᠰᠠᠨ ︽ᠠᠯᠳᠠᠨ ᠲᠦᠷᠦᠭᠦᠦ ᠲᠠᠷᠢᠶᠠᠴᠢᠨ ᠢ | ᠪᠠᠶᠠᠵᠢᠭᠤᠯᠬᠤ ᠵᠢᠭᠡᠯᠡᠯᠭᠡ︾ ᠶᠢᠨ18 ᠳ᠋ᠦᠩᠰᠢᠭᠤᠷ ᠲᠦᠬᠦᠷᠢᠭ ᠢ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ᠂ ᠷᠠᠳᠢᠣ᠋ ᠨᠡᠪᠲᠡᠷᠡᠭᠦᠯᠭᠡ ᠲᠧᠯᠸᠢᠰ ᠢ ᠭᠠᠴᠠᠭ᠎ᠠ ᠪᠣᠯᠭᠠᠨ ᠳᠤ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ | ᠵᠡᠷᠭᠡ ᠶᠢ ᠳᠡᠮᠵᠢᠬᠦ ᠳᠤ ᠭᠡᠷᠡᠭᠯᠡᠪᠡ︔ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠵᠤ ᠦᠢᠯᠡᠰ ᠤᠨ | ᠰᠠᠭᠤᠷᠢ ᠮᠥᠩᠭᠦ︾ ᠶᠢᠨ ᠬᠡᠪ ᠵᠠᠭᠪᠤᠷ ᠠᠴᠠ ᠪᠤᠭᠤᠲᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠲᠠ | ᠳᠤ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠳᠡᠮᠵᠢᠬᠦ 60 | ᠳ᠋ᠦᠩᠰᠢᠭᠤᠷ ᠲᠦᠬᠦᠷᠢᠭ ᠤᠨ ᠤᠷᠤᠭᠤᠯᠤᠯᠲᠠ ᠬᠢᠵᠡᠢ᠃ ᠡᠭᠦᠨ ᠤ ᠬᠠᠮᠲᠤ᠂ ︽ᠶᠠᠳᠠᠭᠤ ᠶᠢ ᠣᠨᠣᠴᠢᠲᠠᠶ ᠲᠡᠳᠬᠦᠬᠦ︾ | ᠡᠷᠴᠢᠮ ᠢᠶᠠᠨ ᠴᠢᠩᠭᠠᠷᠠᠭᠤᠯᠵᠤ᠂ 11 ᠲᠦᠮᠡᠨ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠨ ᠶᠠᠳᠠᠭᠤ | ᠬᠦᠴᠢᠷᠳᠡᠯ ᠲᠠᠢ ᠡᠷᠦᠬᠡ ᠶᠢ 53.1 ᠳ᠋ᠦᠩᠰᠢᠭᠤᠷ ᠲᠥᠭᠦᠷᠢᠭ ᠢᠶᠠᠷ ᠰᠢᠭᠤᠳ ᠳᠡᠮᠵᠢᠪᠡ᠃ | 2016 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ | ᠭᠡᠷ ᠪᠤᠯᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠮᠥᠩᠭᠦᠨ ᠭᠦᠢᠯᠭᠡᠭᠡᠨ ᠤ | ᠳᠡᠮᠵᠢᠯᠭᠡ ᠶᠢ ᠬᠠᠷᠠᠬᠠᠨ ᠣᠯᠵᠤ ᠴᠢᠳᠠᠭᠠᠳᠤᠶ ᠲᠠᠩᠰᠠ ᠡᠪᠬᠡᠮᠡᠯ ᠤᠨ ᠺᠠᠷᠲ ᠪᠠᠶᠢᠭᠤᠯᠤᠭᠰᠠᠨ ᠶᠠᠳᠠᠭᠤ ᠬᠦᠴᠢᠷᠲᠡᠶ | ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ ᠭᠤᠣᠯᠳᠠᠯᠭ᠎ᠠ ᠲᠠᠢ ᠨᠡᠮᠡᠭᠳᠡᠭᠦᠯᠵᠦ᠂ | ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠤᠭᠡ ᠶᠢᠨ ᠦᠢᠯᠡᠳᠪᠦᠷᠢᠯᠡᠯ ᠢ ᠬᠦᠭᠵᠢᠭᠦᠯᠬᠦ ᠪᠠᠷ ᠳᠠᠮᠵᠢᠨ | ᠶᠠᠳᠠᠭᠤ ᠠᠴᠠ ᠠᠩᠭᠢᠵᠢᠷᠠᠬᠤ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠪᠠ᠃ |