1 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠦᠪᠯᠡᠯ ᠠᠴᠠ ᠤᠶᠢᠯᠭᠠᠭᠰᠠᠨ ᠨᠢ᠂ ︽13.5︾ ᠶᠢᠨ ᠬᠤᠭᠤᠴᠠᠭᠠᠨ ᠳᠤ᠂ ᠮᠠᠨ ᠤ ᠣᠷᠣᠨ | ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠳᠡ ᠲᠠᠢ᠂ ᠬᠠᠮᠲᠤ ᠪᠠᠷ ᠡᠳ᠋ᠯᠡᠬᠦ | ᠬᠥᠭᠵᠢᠯᠲᠡ ᠶᠢᠨ ᠦᠵᠡᠯᠲᠡ ᠶᠢ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠥᠭᠡᠷᠡᠴᠢᠯᠡᠯᠲᠡ | ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠵᠠᠩᠭᠢᠯᠠᠭ᠎ᠠ ᠳᠤ ᠲᠤᠤᠱᠯᠠᠭᠤᠯᠵᠤ᠂ 7 ᠠᠷᠭ᠎ᠠ ᠬᠡᠮᠵᠢᠶ᠎ᠡ ᠨᠡᠶᠢᠲᠡᠯᠡᠨ | ᠬᠡᠷᠡᠭᠵᠢᠭᠦᠯᠵᠦ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠪᠴᠢᠯᠡᠨ | ᠲᠦᠯᠬᠢᠨ ᠠᠬᠢᠭᠤᠯᠪᠠ᠃ | ᠡᠨᠡ ᠬᠦ 7 ᠠᠷᠭ᠎ᠠ ᠬᠡᠮᠵᠢᠶ᠎ᠡ ᠨᠢ᠄ ᠨᠢᠭᠡ ᠳᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠬᠤᠰᠢᠭᠤ ᠰᠢᠶᠠᠨ ᠤ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠦᠷ᠎ᠡ ᠪᠦᠲᠦᠭᠡᠯ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠦᠷᠦᠯ ᠬᠤᠪᠢᠶᠠᠨ ᠵᠢᠯᠣᠭᠤᠳᠬᠤ ᠪᠠ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠤᠬᠤ ᠶᠢ ᠴᠢᠩᠭᠠᠳᠬᠠᠨ᠎ᠠ᠃ 2016 ᠣᠨ ᠳᠤ᠂ ᠥᠪᠡᠷᠲᠡᠭᠡᠨ ᠵᠠᠰᠠᠬᠤ | ᠣᠷᠣᠨ ᠠᠴᠠ ᠠᠶᠢᠮᠠᠭ ᠬᠤᠳᠠ ᠪᠦᠷᠢ ᠠᠴᠠ ᠲᠣᠰᠪᠣᠷᠢ 1 ᠬᠤᠰᠢᠭᠤ ᠰᠢᠶᠠᠨ ᠢ ᠰᠤᠩᠭᠤᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠪᠡ᠃ ᠡᠭᠦᠨ ᠤ ᠬᠠᠮᠲᠤ᠂ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ | ᠬᠢᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠤᠷᠰᠢᠯᠲᠠ ᠬᠢᠵᠦ ᠪᠠᠶᠢᠭ᠎ᠠ ᠬᠤᠳᠠ ᠶᠢᠨ ᠪᠦᠭᠦ ᠲᠤᠭ᠎ᠠ ᠶᠢ 6 | ᠪᠤᠯᠭᠠᠨ ᠦᠷᠭᠡᠵᠢᠭᠦᠯᠪᠡ᠃ ᠬᠤᠶᠠᠷ ᠲᠤ᠂ ᠠᠷᠠᠳ ᠨᠡᠶᠢᠲᠡ ᠶᠢᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠦᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ | ᠡᠮᠨᠡᠯᠭᠡ ᠳᠤ ᠣᠯᠭᠤᠬᠤ ᠵᠠᠰᠠᠭ ᠤᠨ ᠣᠷᠳᠣᠨ ᠤ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠳᠤ ᠳᠤᠮᠳᠠᠴᠢ ᠪᠠᠷ | 420 ᠲᠥᠭᠦᠷᠢᠭ ᠪᠤᠯᠭᠠᠨ ᠨᠡᠮᠡᠭᠳᠡᠭᠦᠯᠵᠦ᠂ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ120 | ᠲᠥᠭᠦᠷᠢᠭ ᠠᠴᠠ ᠳᠣᠷᠣᠭᠰᠢ ᠪᠠᠶᠢᠵᠤ ᠪᠣᠯᠬᠤ ᠦᠭᠡᠶ᠂ ᠬᠥᠮᠦᠨ ᠪᠦᠷᠢ ᠶᠢᠨ ᠳᠤᠮᠳᠠᠴᠢ ᠪᠡᠯᠡ ᠴᠤᠭᠯᠠᠭᠤᠯᠬᠤ ᠬᠢᠷᠢ | ᠬᠡᠮᠵᠢᠶ᠎ᠡ 540 ᠲᠥᠭᠦᠷᠢᠭ ᠬᠦᠷᠬᠦ ᠪᠣᠯᠤᠨ᠎ᠠ᠃ ᠭᠤᠣᠯᠳᠠᠯᠭ᠎ᠠ ᠲᠠᠢ ᠬᠦᠨᠳᠦ ᠡᠪᠡᠳᠴᠢᠨ ᠤ ᠳᠠᠭᠠᠳᠬᠠᠯ ᠢ | ᠪᠠᠲᠤᠯᠠᠵᠤ᠂ ᠬᠥᠮᠦᠨ ᠪᠦᠷᠢ ᠳᠤ ᠳᠤᠮᠳᠠᠴᠢ ᠪᠠᠷ ᠴᠤᠭᠯᠠᠭᠤᠯᠬᠤ ᠪᠡᠯᠡ ᠮᠥᠩᠭᠦ ᠶᠢ 30 ᠲᠥᠭᠦᠷᠢᠭ ᠠᠴᠠ ᠳᠣᠣᠷ᠎ᠠ | ᠪᠠᠶᠢᠯᠭᠠᠬᠤ ᠦᠭᠡᠢ᠂ ᠲᠡᠩᠰᠠ ᠲᠠᠶᠢᠯᠬᠤ ᠬᠠᠷᠢᠴᠠᠯ ᠢ 50% ᠠᠴᠠ ᠳᠡᠭᠡᠭᠰᠢ ᠲᠣᠭᠲᠠᠭᠤᠨ ᠪᠠᠶᠢᠯᠭᠠᠨ᠎ᠠ᠃ | ᠲᠣᠭᠲᠠᠭᠠᠳᠤᠶ ᠲᠥᠷᠥ ᠶᠢᠨ ᠪᠤᠳᠤᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠲᠤ ᠰᠠᠭᠤᠭᠰᠠᠨ ᠵᠠᠷᠤᠳᠠᠯ ᠤᠨ | ᠳᠠᠩᠰᠠ ᠲᠠᠶᠢᠯᠬᠤ ᠬᠠᠷᠢᠴᠠᠯ ᠢ 75% ᠠᠴᠠ ᠳᠣᠣᠷ᠎ᠠ ᠪᠠᠶᠢᠯᠭᠠᠬᠤ ᠥᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠡᠭᠦᠳᠡᠨ ᠡᠮᠨᠡᠯᠭᠡ ᠶᠢᠨ ᠵᠠᠷᠤᠳᠠᠯ᠂ ᠤᠳᠠᠭᠠᠨ ᠴᠢᠨᠠᠷᠲᠠᠶ ᠡᠪᠡᠳᠴᠢᠨ ᠪᠠ ᠣᠨᠴᠠᠭᠠᠶ ᠡᠪᠡᠳᠴᠢᠨ ᠤ ᠳᠠᠩᠰᠠ | ᠲᠠᠶᠢᠯᠬᠤ ᠬᠢᠷᠢ ᠬᠡᠮᠵᠢᠶ᠎ᠡ ᠶᠢ ᠲᠤᠭᠲᠠᠭᠤᠨ ᠪᠠᠶᠢᠯᠭᠠᠬᠤ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠶ ᠳᠡᠮᠵᠢᠬᠦ ᠪᠠ | ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠨᠢᠭᠡᠳᠦᠯᠲᠡᠶ ᠪᠣᠯᠭᠠᠬᠤ︾ ᠶᠢ ᠲᠦᠷᠭᠡᠬᠡᠨ ᠪᠡᠶᠡᠯᠡᠭᠦᠯᠬᠦ ᠬᠡᠷᠡᠭᠲᠡᠶ᠃ | ᠭᠤᠷᠪᠠ ᠳᠤ᠂ ᠱᠠᠳᠤ ᠬᠤᠪᠢᠶᠠᠨ ᠣᠨᠣᠰᠢᠯᠠᠨ ᠡᠮᠨᠡᠬᠦ ᠶᠢ ᠲᠦᠷᠭᠡᠪᠴᠢᠯᠡᠨ ᠠᠬᠢᠭᠤᠯᠤᠨ᠎ᠠ᠃ 2016 ᠣᠨ ᠳᠤ᠂ | ᠱᠠᠲᠤ ᠬᠤᠪᠢᠶᠠᠨ ᠣᠨᠣᠰᠢᠯᠠᠨ ᠡᠮᠨᠡᠬᠦ ᠲᠤᠷᠰᠢᠯᠲᠠ ᠬᠢᠬᠦ ᠬᠤᠲᠠ ᠶᠢ 9 ᠪᠣᠯᠭᠠᠨ ᠨᠡᠮᠡᠭᠳᠡᠭᠦᠯᠵᠦ᠂ ᠬᠤᠳᠠ ᠶᠢᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠤᠷᠰᠢᠯᠲᠠ ᠶᠢᠨ ᠴᠢᠬ ᠤᠨ ᠠᠶᠢᠮᠠᠭ ᠬᠤᠳᠠ ᠪᠦᠷ ᠳᠡᠯᠭᠡᠷᠡᠭᠦᠯᠬᠦ ᠬᠡᠷᠡᠭᠲᠡᠶ᠃ ᠡᠨᠡ ᠵᠢᠯ ᠤᠨ ᠬᠥᠮᠦᠨ ᠪᠦᠷᠢ ᠶᠢᠨ | ᠳᠤᠮᠳᠠᠴᠢ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠡᠳ᠋ ᠤᠨ | ᠵᠠᠰᠠᠭ ᠤᠨ ᠨᠥᠬᠦᠪᠥᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠬᠡᠰᠡᠭ ᠢ ᠴᠦᠮ ᠶᠡᠷᠦᠩᠬᠡᠶ ᠰᠠᠯᠠᠭᠠᠨ ᠤ ᠡᠮᠴᠢ | ︵ᠬᠥᠳᠡᠭᠡ ᠲᠣᠰᠬᠤᠨ ᠤ ᠡᠮᠴᠢ︶ ᠶᠢᠨ ᠭᠡᠷ᠎ᠡ ᠲᠣᠭᠲᠠᠬᠤ ᠦᠢᠯᠡᠴᠢᠯᠡᠭᠡᠨ ᠳᠤ ᠵᠠᠷᠤᠵᠤ᠂ ᠳᠡᠰ ᠬᠤᠪᠢᠶᠠᠨ | ᠣᠨᠣᠰᠢᠯᠠᠨ ᠡᠮᠨᠡᠬᠦ ᠶᠢ ᠳᠡᠮᠵᠢᠨ᠎ᠡ᠃ ᠲᠦᠷᠪᠡ ᠳᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠡᠨᠡ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ | ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠬᠡᠷᠡᠭᠵᠢᠭᠦᠯᠬᠦ ᠲᠥᠰᠦᠯ ᠪᠣᠯᠤᠨ ᠨᠠᠷᠢᠨ ᠵᠢᠭᠠᠯᠲᠠ ᠶᠤᠰᠤᠭᠠᠷ᠂ | ᠡᠮ ᠤᠨ ᠵᠦᠢᠯ ᠢ ᠲᠥᠷᠥᠯ ᠬᠤᠪᠢᠶᠠᠨ ᠬᠤᠳᠠᠯᠳᠤᠨ ᠠᠪᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠤᠳᠠᠯᠳᠤᠨ | ᠠᠪᠬᠤ ᠬᠡᠯᠡᠯᠴᠡᠭᠡ ᠶᠢᠨ ᠲᠤᠷᠰᠢᠯᠲᠠ ᠶᠢᠨ ᠠᠵᠢᠯ ᠢ ᠡᠬᠢᠯᠡᠭᠦᠯᠵᠦ᠂ ᠬᠡᠢ ᠬᠤᠭᠤᠰᠣᠨ ᠡᠮ ᠤᠨ ᠦᠨ᠎ᠡ ᠶᠢ ᠦᠨᠡᠨ ᠬᠦ | ᠪᠠᠭᠤᠷᠠᠭᠤᠯᠵᠤ᠂ ᠡᠮ ᠤᠨ ᠵᠦᠢᠯ ᠢ ᠬᠤᠳᠠᠯᠳᠤᠨ ᠠᠪᠬᠤ ᠰᠢᠨ᠎ᠡ ᠲᠣᠭᠲᠠᠴᠠ ᠶᠢ ᠪᠠᠶᠢᠭᠤᠯᠤᠨ᠎ᠠ᠃ ᠲᠠᠪᠤ ᠳᠤ᠂ | ᠦᠨᠳᠦᠰᠦᠨ ᠱᠠᠲᠤᠨ ᠤ ᠠᠵᠢᠯᠯᠠᠭᠠᠨ ᠤ ᠰᠢᠨ᠎ᠡ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠣᠷᠴᠢᠨ ᠲᠤᠭᠤᠷᠢᠨ ᠢ ᠰᠠᠶᠢᠵᠢᠷᠠᠭᠤᠯᠵᠤ᠂ ᠦᠢᠯᠡᠴᠢᠯᠡᠭᠡᠨ ᠤ ᠴᠢᠳᠠᠮᠵᠢ ᠶᠢ ᠨᠢ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠵᠢᠷᠭᠤᠭ᠎ᠠ ᠳᠤ᠂ ᠡᠷᠡᠭᠦᠯ | ᠮᠡᠨᠳᠦ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠨᠡᠶᠢᠭᠡᠮ ᠤᠨ ᠬᠦᠴᠦᠨ ᠤ ᠡᠮᠨᠡᠯᠭᠡ ᠶᠢᠨ | ᠬᠤᠷᠢᠶ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠠᠰᠢᠭ | ᠣᠯᠵᠠᠪᠤᠷᠢ ᠶᠢᠨ ᠪᠤᠰᠤ ᠴᠢᠨᠠᠷᠲᠠᠶ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠶᠢ ᠤᠷᠢᠳᠠᠪᠠᠷ ᠵᠤᠷᠢᠭᠵᠢᠭᠤᠯᠤᠨ᠎ᠠ᠃ ᠡᠮ | ᠡᠮᠨᠡᠯᠭᠡ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ | ᠠᠬᠢᠭᠤᠯᠵᠤ᠂ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠲᠥᠷᠥᠯ ᠵᠦᠢᠯ ᠤᠨ ᠲᠤᠷᠰᠢᠯᠲᠠ ᠶᠢᠨ ᠴᠢᠭ᠋ ᠢ | ᠨᠠᠶᠢᠳᠠᠪᠤᠷᠢᠵᠢᠭᠤᠯᠵᠤ ᠬᠡᠷᠡᠭᠲᠡᠶ᠃ ᠡᠷᠡᠭᠦᠯᠵᠢᠯ ᠨᠠᠰᠤᠵᠢᠯ ᠤᠨ ᠢᠨᠵᠧᠨᠧᠷᠢᠩ ᠢ ᠬᠡᠷᠡᠭᠵᠢᠭᠦᠯᠵᠦ᠂ ᠨᠠᠰᠤᠲᠠᠶᠢᠴᠤᠳ ᠢ | ᠠᠰᠠᠷᠠᠨ ᠰᠤᠪᠢᠯᠠᠬᠤ᠂ ᠡᠷᠡᠭᠦᠯᠵᠢᠭᠦᠯᠬᠦ᠂ ᠨᠠᠰᠤᠨ ᠡᠴᠦᠰ ᠤᠨ ᠬᠠᠯᠠᠮᠵᠢᠯᠠᠯ ᠵᠡᠷᠭᠡ ᠦᠷᠬᠦᠯᠵᠢᠯᠡᠯ ᠤᠨ ᠴᠢᠨᠠᠷᠲᠠᠢ | ᠦᠢᠯᠡᠴᠢᠯᠡᠭᠡ ᠶᠢ ᠲᠦᠯᠬᠢᠨ ᠠᠬᠢᠭᠤᠯᠵᠤ ᠬᠦᠭᠵᠢᠭᠦᠯᠬᠦ ᠬᠡᠷᠡᠭᠲᠡᠢ᠃ ᠲᠤᠯᠤᠭ᠎ᠠ ᠳᠤ᠂ ᠬᠥᠮᠦᠨ ᠠᠮᠠ ᠶᠢᠨ ᠡᠷᠡᠭᠦᠯ | ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠬᠥᠮᠦᠨ | ᠠᠮᠠ ᠶᠢᠨ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠵᠣᠬᠢᠴᠠᠩᠭᠤᠶ ᠬᠥᠭᠵᠢᠯᠲᠡ ᠶᠢᠨ ᠲᠣᠭᠲᠠᠴᠠ ᠶᠢ | ᠪᠠᠶᠢᠭᠤᠯᠤᠨ ᠳᠡᠭᠦᠯᠳᠡᠷᠵᠢᠭᠦᠯᠦᠨ᠎ᠡ᠃ ᠪᠦᠬᠦ ᠬᠥᠮᠦᠨ ᠠᠮᠠ ᠶᠢᠨ ᠮᠡᠳᠡᠭᠡ ᠵᠠᠩᠭᠢ᠂ ᠰᠠᠭᠤᠭᠠᠯᠢ ᠠᠷᠠᠳ ᠤᠨ ᠡᠷᠡᠭᠦᠯ | ᠮᠡᠨᠳᠤ ᠶᠢᠨ ᠳᠠᠩᠰᠠ ᠡᠪᠬᠡᠮᠡᠯ ᠪᠠ ᠡᠯᠧᠺᠲᠷᠣᠨ ᠡᠪᠡᠳᠴᠢᠨ ᠤ ᠨᠠᠮᠲᠠᠷ ᠵᠡᠷᠭᠡ ᠭᠤᠷᠪᠠᠨ ᠶᠡᠭᠡ ᠰᠠᠭᠤᠷᠢ ᠡᠬᠢ | ᠪᠠᠶᠠᠯᠢᠭ ᠤᠨ ᠬᠦᠮᠦᠷᠭᠡ ᠶᠢ ᠲᠡᠭᠦᠯᠳᠡᠷᠵᠢᠭᠦᠯᠬᠦ ᠬᠡᠷᠡᠭᠲᠡᠢ᠃ ︽ᠢᠨᠲ᠋ᠧᠷ ᠰᠦᠯᠵᠢᠶ᠎ᠡ + ᠡᠮ ᠡᠮᠨᠡᠯᠭᠡ︾ ᠶᠢ | ᠪᠠᠶᠢᠭᠤᠯᠬᠤ ᠪᠠ ᠬᠡᠷᠡᠭᠯᠡᠬᠦ ᠶᠢ ᠲᠥᠯᠬᠢᠨ ᠠᠬᠢᠭᠤᠯᠵᠤ᠂ ᠡᠷᠡᠭᠦᠯ ᠮᠡᠨᠳᠦ ᠶᠢᠨ ᠲᠤᠮᠤ ᠳ᠋ᠠᠶᠢᠲ᠋ᠠ᠂ ᠰᠢᠯᠵᠢᠮᠡᠯ ᠢᠨᠲ᠋ᠧᠷ | ᠰᠦᠯᠵᠢᠶ᠎ᠡ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨ᠎ᠡ ᠮᠡᠷᠭᠡᠵᠢᠯ ᠪᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠤᠬᠠᠶᠢᠯᠠᠭᠰᠠᠨ ᠠᠵᠢᠯ ᠪᠠ ᠬᠢᠨᠠᠯᠲᠠ ᠬᠠᠮᠢᠶᠠᠷᠤᠯᠲᠠ ᠶᠢᠨ ᠭᠦᠨᠵᠡᠭᠡᠶᠢᠷᠡᠨ ᠠᠭᠤᠰᠤᠯᠴᠠᠬᠤ ᠶᠢ | ᠠᠬᠢᠭᠤᠯᠤᠨ᠎ᠠ᠃ |