ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠲᠣᠬᠤᠨᠢᠭᠤᠯᠬᠤ ᠳᠤᠭᠤᠶᠢᠯᠠᠩ ᠥᠪᠥᠷ ᠮᠣᠩᠭᠤᠯ ᠳᠤ ᠢᠷᠡᠵᠦ ᠲᠣᠬᠤᠨᠢᠭᠤᠯᠪᠠ    ᠵᠧᠩ ᠭᠦᠸᠧ ᠭᠤᠸᠠᠩ ᠳᠠᠭᠠᠭᠤᠯᠵᠤ  ᠸᠠᠩ ᠢᠦᠶ ᠮᠢᠩ ᠪᠠᠷ᠎ᠠ ᠪᠣᠯᠪᠠ
ᠨᠡᠶᠢᠲᠡᠯᠡᠭᠰᠡᠨ ᠴᠠᠭ᠄
2016/1/29
     1 ᠳ᠋ᠦ᠋ᠭᠡᠷ ᠰᠠᠷ᠎ᠠ ᠶᠢᠨ 28᠎ ᠤ ᠡᠳᠦᠷ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠧᠩ ᠭᠦᠸᠧ ᠭᠤᠸᠠᠩ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠲᠣᠬᠤᠨᠢᠭᠤᠯᠬᠤ ᠳᠤᠭᠤᠶᠢᠯᠠᠩ ᠢ ᠳᠠᠭᠠᠭᠤᠯᠤᠨ᠂ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠦ ᠲᠣᠬᠤᠨᠢᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠶ ᠮᠢᠩ ᠪᠠᠷ᠎ᠠ ᠪᠣᠯᠵᠤ ᠲᠣᠬᠤᠨᠢᠭᠤᠯᠪᠠ᠃      ᠵᠧᠩ ᠭᠦᠸᠧ ᠭᠤᠸᠠᠩ ᠤᠷᠢᠳ ᠬᠤᠵᠢᠳ ᠬᠢᠩᠭᠠᠨ ᠠᠶᠢᠮᠠᠭ ᠤᠨ ᠴᠠᠭ ᠠᠭᠤᠷ ᠤᠨ ᠲᠣᠪᠴᠢᠶ᠎ᠠ ᠪᠣᠯᠤᠨ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠳᠤ ᠬᠦᠷᠴᠦ᠂ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠦᠨᠳᠦᠰᠦᠨ ᠱᠠᠲᠤᠨ ᠤ ᠴᠠᠭ ᠠᠭᠤᠷ ᠤᠨ ᠤᠢᠷᠳᠡᠭᠡ ᠶᠢᠨ ᠠᠵᠢᠯᠳᠠᠨ ᠠᠵᠢᠯᠴᠢᠨ ᠢ ᠲᠣᠬᠤᠨᠢᠭᠤᠯᠪᠠ᠃ ᠬᠢᠩᠭᠠᠨ ᠠᠶᠢᠮᠠᠭ ᠤᠨ ᠴᠠᠭ ᠠᠭᠤᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠥᠷ ᠮᠣᠩᠭᠤᠯ ᠤᠨ ᠴᠠᠭ ᠠᠭᠤᠷ ᠤᠨ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠠᠵᠢᠯᠯᠠᠭ᠎ᠠ ᠶᠢᠨ ᠦᠵᠡᠭᠦᠯᠦᠯᠭᠡ ᠶᠢ ᠦᠵᠡᠭᠰᠡᠨ ᠤ ᠳᠠᠷᠠᠭ᠎ᠠ᠂ ᠵᠧᠩ ᠭᠦᠸᠧ ᠭᠤᠸᠠᠩ ᠬᠢᠩᠭᠠᠨ ᠠᠶᠢᠮᠠᠭ ᠤᠨ ᠴᠠᠭ ᠠᠭᠤᠷ ᠤᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠴᠠᠭ ᠠᠭᠤᠷ ᠢ ᠣᠳᠣᠬᠢᠴᠢᠯᠠᠬᠤ᠂ ᠴᠠᠭ ᠠᠭᠤᠷ ᠢ ᠬᠥᠳᠡᠭᠡ ᠲᠣᠰᠬᠤᠨ ᠳᠤ ᠦᠢᠯᠡᠴᠢᠯᠡᠭᠦᠯᠬᠦ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠠᠶ᠃      ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠶᠠᠳᠠᠭᠤ ᠶᠢ ᠲᠡᠳᠬᠦᠬᠦ ᠴᠡᠭ ᠢᠶᠠᠷ ᠲᠣᠭᠲᠠᠭᠰᠠᠨ ᠰᠢᠶᠠᠨ ᠪᠣᠯᠣᠭᠰᠠᠨ ᠤ ᠬᠤᠪᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠲᠦᠴᠢᠦᠸᠠᠨ ᠰᠢᠶᠠᠨ ᠳᠤ ᠢᠷᠠᠵᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠪᠠᠶᠢᠴᠠᠭᠠᠨ ᠰᠤᠳᠤᠯᠤᠯᠲᠠ ᠬᠢᠪᠡ᠃ ᠲᠦᠴᠢᠦᠸᠠᠨ ᠰᠢᠶᠠᠨ ᠤ ᠥᠷ ᠤᠨ ᠲᠤᠶᠠᠭ᠎ᠠ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠶ ᠶᠢᠨ ᠬᠦᠷᠢᠶᠡᠯᠡᠩ ᠲᠣᠭᠤᠷᠢᠭ ᠳᠤ᠂ ᠵᠧᠩ ᠭᠦᠸᠧ ᠭᠤᠸᠠᠩ ᠢᠳᠡᠰᠢᠨ ᠬᠤᠨᠢᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ ᠪᠡᠯᠡᠳᠭᠡᠮᠵᠢᠳᠤ ᠲᠠᠷᠢᠶᠠᠯᠠᠩ ᠤᠨ ᠲᠤᠮᠤ ᠬᠦᠯᠡᠮᠵᠢ ᠶᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ᠂ ᠠᠵᠤ ᠠᠬᠤᠶ ᠶᠢᠨ ᠦᠷ᠎ᠡ ᠠᠰᠢᠭ᠂ ᠠᠵᠢᠯ ᠣᠯᠭᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠣᠬᠤᠨᠢᠭᠤᠯᠬᠤ ᠳᠤᠭᠤᠶᠢᠯᠠᠩ ᠪᠠᠰᠠ ᠲᠦᠴᠢᠦᠸᠠᠨ ᠰᠢᠶᠠᠨ ᠤ ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠳᠤ ᠬᠦᠷᠴᠦ᠂ ᠲᠤᠰ ᠭᠠᠴᠠᠭᠠᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠾᠧ ᠹᠠ ᠲᠣᠰᠬᠤᠨ ᠤ ᠣᠨᠴᠠ ᠬᠦᠴᠢᠷᠳᠡᠯᠲᠡᠶ ᠨᠠᠮ ᠤᠨ ᠭᠡᠰᠢᠭᠦᠨ ᠪᠠ ᠣᠨᠴᠠ ᠬᠦᠴᠢᠷᠳᠡᠯᠲᠡᠶ ᠭᠠᠴᠠᠭᠠᠨ ᠤ ᠠᠷᠠᠳ ᠲᠤ ᠲᠣᠬᠤᠨᠢᠭᠤᠯᠤᠯ ᠤᠨ ᠮᠥᠩᠭᠦ  ᠬᠦᠷᠭᠡᠪᠡ᠃      ᠵᠧᠩ ᠭᠦᠸᠧ ᠭᠤᠸᠠᠩ ᠲᠣᠬᠤᠨᠢᠭᠤᠯᠬᠤ ᠬᠤᠭᠤᠷᠣᠨᠳᠤ ᠪᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ︽13᠂ 5︾᠎ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠯᠤᠰ ᠣᠷᠣᠨ ᠳᠠᠭᠠᠨ ᠦᠢᠯᠡᠴᠢᠯᠡᠬᠦ᠂ ᠠᠷᠠᠳ ᠲᠦᠮᠡᠨ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠵᠤ᠂ ᠤᠯᠠᠨ ᠨᠡᠶᠢᠲᠡ ᠶᠢᠨ ᠴᠠᠭ ᠠᠭᠤᠷ ᠤᠨ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠴᠠᠭ ᠠᠭᠤᠷ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠠᠭ ᠠᠭᠤᠷ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠦᠢᠯᠡᠴᠢᠯᠡᠬᠦ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠮᠬᠢ ᠳᠠᠷᠠᠭ᠎ᠠ ᠲᠠᠢ᠂ ᠥᠨᠢ ᠡᠭᠦᠷᠢᠳᠡ ᠪᠠᠷᠢᠮᠲᠠᠯᠠᠵᠤ᠂ ᠪᠠᠷᠠᠭᠤᠨ ᠪᠡᠶ᠎ᠡ ᠶᠢᠨ ᠭᠠᠵᠠᠷ ᠣᠷᠣᠨ ᠤ ᠴᠠᠭ ᠠᠭᠤᠷ ᠤᠨ ᠣᠳᠣᠬᠢᠴᠢᠯᠠᠯᠲᠠ ᠶᠢ ᠤᠷᠢᠳᠠᠪᠠᠷ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠶ᠃ ᠡᠭᠦᠨ ᠤ ᠬᠠᠮᠲᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠪᠠᠰᠠ ᠲᠥᠪ ᠤᠨ ᠶᠠᠳᠠᠭᠤ ᠶᠢ ᠲᠡᠳᠬᠦᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠴᠢᠩᠭᠠᠳᠬᠠᠵᠤ᠂ ᠴᠠᠭ ᠠᠭᠤᠷ ᠤᠨ ᠲᠠᠯ᠎ᠠ ᠪᠠᠷ ᠶᠠᠳᠠᠭᠤ ᠶᠢ ᠲᠡᠳᠬᠦᠬᠦ ᠬᠠᠨᠳᠤᠯᠭᠠᠲᠤ ᠴᠢᠨᠠᠷ᠂ ᠬᠤᠭᠤᠴᠠᠭᠠᠲᠤ ᠴᠢᠨᠠᠷ ᠢ ᠳᠡᠭᠡᠭᠰᠢᠯᠡᠭᠦᠯᠬᠦ ᠪᠣᠯᠣᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号