ᠦᠪᠡᠷᠲᠡᠭᠡᠨ ᠵᠠᠰᠠᠬᠤ ᠤᠷᠤᠨ ᠤ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠢᠩᠬᠢᠮ ᠤᠳ ᠤᠨ ᠬᠤᠯᠪᠤᠭᠠᠲᠤ ᠬᠤᠷᠠᠯ ᠲᠡᠭᠦᠰ ᠠᠮᠵᠢᠯᠲᠠᠲᠠᠢ ᠦᠨᠳᠦᠷᠯᠡᠪᠡ
ᠨᠡᠶᠢᠲᠡᠯᠡᠭᠰᠡᠨ ᠴᠠᠭ᠄
2016/1/4
     12 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠢᠩᠬᠢᠮ ᠤᠳ ᠤᠨ ᠬᠤᠯᠪᠤᠭᠠᠲᠤ ᠬᠤᠷᠠᠯ ᠬᠦᠭᠡᠬᠤᠲᠠ ᠳᠤ ᠬᠤᠷᠠᠯᠳᠤᠪᠠ᠃      ᠬᠤᠷᠠᠯ ᠳᠡᠭᠡᠷ᠎ᠡ᠂ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠶᠡᠷᠦᠩᠭᠡᠶᠢᠯᠡᠨ ᠵᠠᠰᠠᠬᠤ ᠠᠯᠪᠠᠨ ᠭᠡᠷ ᠤᠨ ᠳᠡᠳ᠋ ᠡᠷᠬᠢᠯᠡᠭᠴᠢ ᠯᠢ ᠢᠡᠭ ᠯᠢᠩ ᠦᠪᠡᠷᠲᠡᠭᠡᠨ ᠵᠠᠰᠠᠬᠤ ᠤᠷᠤᠨ ᠤ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠳᠦᠷᠪᠡᠨ ᠱᠠᠭᠠᠷᠳᠠᠯᠭ᠎ᠠ ᠳᠤᠷᠠᠳᠪᠠ᠄ ᠨᠢᠭᠡ ᠳᠤ ᠦᠵᠡᠯ ᠲᠠᠨᠢᠯᠲᠠ ᠪᠠᠨ ᠳᠡᠭᠡᠭᠰᠢᠯᠡᠬᠦᠯᠵᠤ᠂ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠬᠠᠢ ᠲᠦᠪ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ᠃ ᠬᠤᠶᠠᠷ ᠲᠤ ᠨᠢᠭᠡᠳᠦᠯᠲᠠᠢ ᠲᠦᠯᠦᠪᠵᠢᠬᠦᠯᠦᠨ ᠵᠤᠬᠢᠴᠠᠭᠤᠯᠬᠤ ᠶᠢ ᠴᠢᠩᠭᠠᠳᠬᠠᠵᠤ᠂ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠦᠬᠦᠯᠢ ᠴᠤᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠬᠦᠯᠬᠦ ᠶᠢ ᠲᠦᠯᠬᠢᠨ ᠠᠬᠢᠭᠤᠯᠬᠤ ᠬᠡᠷᠡᠭᠲᠠᠢ᠃ ᠭᠤᠷᠪᠠ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠦᠴᠦᠲᠠᠢ ᠲᠦᠯᠬᠢᠨ ᠠᠬᠢᠭᠤᠯᠬᠤ ᠬᠡᠷᠡᠭᠲᠠᠢ᠃ ᠳᠦᠷᠪᠡ ᠳᠤ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ ᠪᠦᠬᠦ ᠤᠷᠤᠨ ᠤ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠠᠢ ᠭᠡᠪᠡ᠃      ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ᠂ ᠦᠪᠦᠷ ᠮᠤᠩᠭᠤᠯ ᠤᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠤᠪᠴᠢᠶ᠎ᠠ ᠶᠢᠨ ᠳᠠᠷᠤᠭ᠎ᠠ ᠰᠦ᠋ ᠬᠤᠢ 2015 ᠤᠨ ᠤ ᠪᠦᠬᠦ ᠤᠷᠤᠨ ᠤ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠤ᠂ 2016 ᠤᠨ ᠤ ᠬᠠᠷᠠᠯᠲᠠ ᠶᠢᠨ ᠡᠬᠦᠷᠭᠡ ᠪᠤᠯᠤᠨ ᠠᠵᠢᠯ ᠤᠨ ᠪᠠᠶᠢᠷᠢᠯᠠᠭᠤᠯᠤᠯᠲᠠ ᠶᠢ ᠳᠤᠷᠠᠳᠪᠠ᠃ ᠠᠷᠪᠠᠨ ᠭᠤᠷᠪᠠᠨ ᠭᠡᠰᠢᠬᠦᠨ ᠨᠢᠭᠡᠴᠡ ᠲᠤᠰ ᠲᠤᠰ ᠤᠨ ᠰᠠᠯᠠᠭ᠎ᠠ ᠮᠦᠴᠢᠷ ᠤᠨ ᠢᠶᠠᠨ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢᠶᠠᠨ ᠲᠠᠨᠢᠯᠴᠠᠭᠤᠯᠵᠤ᠂ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠢ ᠳᠤᠷᠠᠳᠴᠤ᠂ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠᠨ ᠳᠤᠷᠠᠳᠤᠭᠰᠠᠨ ᠪᠠᠶᠢᠨ᠎ᠠ᠃      ᠡᠨᠡ ᠤᠳᠠᠭᠠᠨ ᠤ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠢᠩᠬᠢᠮ ᠤᠳ ᠤᠨ ᠬᠤᠯᠪᠤᠭᠠᠲᠤ ᠬᠤᠷᠠᠯ ᠢ ᠬᠤᠷᠠᠯᠳᠤᠭᠤᠯᠤᠭᠰᠠᠨ ᠨᠢ ᠡᠯ᠎ᠡ ᠬᠡᠰᠢᠬᠦᠨ ᠨᠢᠭᠡᠴᠡ ᠶᠢᠨ ᠬᠤᠭᠤᠷᠤᠨᠳᠤᠬᠢ ᠨᠡᠪᠲᠡᠷᠡᠯᠴᠡᠭᠡ ᠵᠤᠬᠢᠴᠠᠯᠳᠤᠭ᠎ᠠ ᠶᠢ ᠴᠢᠩᠭᠠᠳᠬᠠᠵᠤ᠂ ᠡᠯ᠎ᠡ ᠨᠢᠬᠡᠴᠡ ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠭᠡᠵᠤ᠂ ᠪᠠᠶᠢᠳᠠᠯ ᠢ ᠨᠠᠷᠢᠨ ᠲᠠᠨᠢᠵᠤ᠂ ᠪᠠᠴᠢᠮ ᠰᠡᠳᠬᠢᠯᠭᠡ ᠪᠤᠯᠤᠨ ᠬᠠᠷᠢᠭᠤᠴᠠᠯᠭᠠᠲᠤ ᠰᠡᠳᠭᠢᠯᠬᠡ ᠎ ᠪᠠᠨ ᠨᠡᠮᠡᠭᠳᠡᠬᠦᠯᠵᠤ᠂ 2016 ᠤᠨ ᠤ ᠠᠵᠢᠯ ᠤᠨ ᠬᠠᠷᠠᠯᠲᠠ ᠶᠢ ᠲᠤᠲᠤᠷᠬᠠᠶᠢᠯᠠᠵᠤ᠂ ᠳᠠᠷᠠᠭᠠᠴᠢ ᠶᠢᠨ ᠠᠯᠬᠤᠮ ᠤᠨ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠷᠨᠢᠬᠦᠯᠬᠦ ᠳᠤ ᠬᠦᠴᠦᠲᠠᠢ ᠲᠦᠯᠬᠢᠨ ᠠᠬᠢᠭᠤᠯᠬᠤ ᠦᠢᠯᠡᠳᠦᠯ ᠦᠵᠡᠬᠦᠯᠪᠡ᠃      ᠡᠨᠡ ᠤᠳᠠᠭᠠᠨ ᠤ ᠬᠤᠷᠠᠯ ᠢ ᠡᠳ᠋ ᠪᠠᠷᠠᠭ᠎ᠠ ᠶᠢᠨ ᠬᠦᠢᠯᠭᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠵᠠᠮ ᠲᠡᠭᠡᠭᠡᠪᠦᠷᠢ ᠶᠢᠨ ᠲᠢᠩᠬᠢᠮ ᠤᠨ ᠶᠡᠷᠦᠩᠭᠡᠢ ᠢᠨᠵᠧᠨᠧᠷᠴᠢ ᠯᠢ ᠡᠾᠧ ᠫᠢᠡᠭ ᠬᠤᠷᠠᠯ ᠢ ᠡᠷᠬᠢᠯᠡᠪᠡ᠃ ᠦᠪᠡᠷᠲᠡᠭᠡᠨ ᠵᠠᠰᠠᠬᠤ ᠤᠷᠤᠨ ᠤ ᠶᠡᠷᠦᠩᠭᠡᠶᠢᠯᠡᠨ ᠵᠠᠰᠠᠬᠤ ᠠᠵᠢᠯ ᠤᠨ ᠠᠯᠪᠠᠨ ᠬᠡᠷ᠂ ᠵᠠᠮ ᠲᠡᠭᠡᠭᠡᠪᠦᠷᠢ ᠶᠢᠨ ᠲᠢᠩᠬᠢᠮ᠂ ᠳᠤᠲᠤᠭᠠᠲᠤ ᠶᠢ ᠬᠠᠮᠠᠭᠠᠯᠠᠬᠤ ᠲᠢᠩᠬᠢᠮ᠂ ᠠᠮᠤᠷ ᠲᠦᠪᠰᠢᠨ ᠤ ᠲᠢᠩᠬᠢᠮ᠂ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠵᠤ ᠠᠬᠤᠢ ᠮᠡᠳᠡᠭᠡ ᠵᠠᠩᠬᠢ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠦᠬᠡᠬᠤᠲᠠ ᠪᠤᠭᠤᠮᠲᠠ᠂ ᠮᠠᠨᠵᠤᠤᠷ ᠪᠤᠭᠤᠮᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ᠂ ᠬᠢᠯᠢ ᠠᠴᠠ ᠭᠠᠷᠴᠤ ᠤᠷᠤᠬᠤ ᠬᠢᠵᠢᠭ ᠪᠠᠶᠢᠴᠠᠭᠠᠬᠤ ᠰᠢᠯᠭᠠᠨ ᠪᠠᠶᠢᠴᠠᠭᠠᠬᠤ ᠲᠤᠪᠴᠢᠶ᠎ᠠ᠂ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ᠂ ᠠᠷᠠᠳ ᠤᠨ ᠠᠭᠠᠷ ᠠᠶᠠᠯᠠᠯ ᠤᠨ ᠦᠪᠦᠷ ᠮᠤᠩᠭᠤᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠤᠯᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号