ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ 2016 ᠣᠨ ᠤ ᠣᠯᠠᠨ ᠤᠯᠤᠰ ᠤᠨ ᠮᠠᠰᠢᠨ ᠲᠡᠷᠭᠡᠨ ᠤ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2016/1/4
     ᠳᠤᠮᠳᠠᠳᠤ ᠮᠣᠩᠭᠤᠯ ᠤᠨ 29 ᠳ᠋ᠦ᠋ᠭᠡᠷ ᠤᠳᠠᠭᠠᠨ ᠤ ᠪᠣᠭᠤᠮᠲᠠ ᠶᠢᠨ ᠮᠠᠰᠢᠨ ᠲᠡᠷᠭᠡᠨ ᠤ ᠲᠡᠭᠡᠭᠡᠪᠦᠷᠢ ᠶᠢᠨ ᠵᠤᠷᠰᠢᠮᠠᠯ ᠬᠤᠷᠠᠯ ᠳᠡᠭᠡᠷ᠎ᠡ ᠲᠣᠭᠲᠠᠭᠠᠭᠰᠠᠨ ᠬᠠᠮᠢᠶ᠎ᠠ ᠪᠦᠬᠦᠢ ᠵᠦᠢᠯᠡᠰ ᠢ ᠦᠨᠳᠦᠰᠦᠯᠡᠨ᠂  ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠣᠶᠢᠷ᠎ᠠ ᠳᠤ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ 2016 ᠣᠨ ᠤ ᠳᠤᠮᠳᠠᠳᠤ ᠮᠣᠩᠭᠤᠯ ᠤᠨ ᠣᠯᠠᠨ ᠤᠯᠤᠰ ᠤᠨ ᠮᠠᠰᠢᠨ ᠲᠡᠷᠭᠡᠨ ᠤ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢᠶᠠᠨ ᠰᠣᠯᠢᠯᠴᠠᠪᠠ᠃      ᠮᠣᠩᠭᠤᠯ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠪᠣᠯᠣᠨ ᠡᠷᠢᠶᠡᠨ ᠬᠤᠳᠠ ᠶᠢᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠲᠥᠯᠥᠭᠡᠯᠡᠭᠴᠢ ᠵᠥᠪᠰᠢᠶᠡᠷᠡᠯ ᠤᠨ ᠦᠨᠡᠮᠯᠡᠯ ᠰᠣᠯᠢᠯᠴᠠᠬᠤ ᠶᠣᠰᠣᠯᠠᠯ ᠳᠤ ᠣᠷᠣᠯᠴᠠᠪᠠ᠃ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠮᠠᠰᠢᠨ ᠲᠡᠷᠭᠡᠨ ᠤ ᠲᠡᠭᠡᠭᠡᠪᠦᠷᠢ ᠶᠢᠨ ᠨᠡᠶᠢᠲᠡ 229100 ᠵᠥᠪᠰᠢᠶᠡᠷᠡᠯ ᠤᠨ ᠦᠨᠡᠮᠯᠡᠯ  ᠰᠣᠯᠢᠯᠴᠠᠪᠠ  ᠃      ᠳᠤᠮᠳᠠᠳᠤ ᠮᠣᠩᠭᠤᠯ ᠬᠤᠶᠠᠷ ᠲᠠᠯ᠎ᠠ ᠶᠢᠨ ᠲᠥᠯᠥᠭᠡᠯᠡᠭᠴᠢᠳ ᠬᠠᠷᠢᠯᠴᠠᠨ ᠣᠶᠢᠯᠠᠭᠠᠯᠴᠠᠬᠤ᠂ ᠦᠨᠡᠨᠴᠢ ᠨᠥᠬᠦᠷᠰᠡᠭ᠂ ᠡᠶ᠎ᠡ ᠵᠣᠬᠢᠴᠠᠯ ᠲᠠᠢ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠤᠨ ᠳᠤᠮᠳᠠ ᠬᠡᠯᠡᠯᠴᠡᠭᠡ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠤᠨ ᠲᠥᠯᠥᠭᠡᠯᠡᠭᠴᠢ ᠪᠣᠯᠤᠨ ᠮᠣᠩᠭᠤᠯ ᠤᠯᠤᠰ ᠤᠨ ᠵᠠᠮ ᠲᠡᠭᠡᠭᠡᠪᠦᠷᠢ ᠶᠢᠨ ᠲᠥᠪ ᠤᠨ ᠲᠥᠯᠥᠭᠡᠯᠡᠭᠴᠢ ᠰᠠᠨᠠᠮᠵᠢ ᠶᠢᠨ ᠪᠢᠴᠢᠭ ᠳᠡᠭᠡᠷ᠎ᠡ ᠭᠠᠷ ᠤᠨ ᠦᠰᠦᠭ ᠵᠢᠷᠤᠪᠠ᠃ ᠬᠡᠯᠡᠯᠴᠡᠭᠡᠨ ᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ  2015 ᠣᠨ ᠤ ᠳᠤᠮᠳᠠᠳᠤ ᠮᠣᠩᠭᠤᠯ ᠤᠨ ᠬᠤᠭᠤᠷᠣᠨᠳᠣᠬᠢ ᠤᠯᠠᠨ ᠤᠯᠤᠰ ᠤᠨ ᠵᠠᠮ ᠱᠤᠭᠤᠮ ᠤᠨ ᠠᠶᠠᠨᠴᠢᠳ ᠪᠣᠯᠣᠨ ᠪᠠᠷᠠᠭᠠᠨ ᠤ ᠲᠡᠭᠡᠭᠡᠪᠦᠷᠢ ᠶᠢᠨ ᠪᠡᠶᠡᠯᠡᠭᠦᠯᠦᠭᠰᠡᠨ ᠪᠠᠶᠢᠳᠠᠯ ᠵᠢᠴᠢ ᠤᠯᠠᠨ ᠤᠯᠤᠰ ᠤᠨ ᠮᠠᠰᠢᠨ ᠲᠡᠷᠭᠡᠨ ᠤ ᠲᠡᠭᠡᠭᠡᠪᠦᠷᠢᠯᠡᠬᠦ ᠠᠶᠠᠯᠠᠬᠤ ᠵᠥᠪᠰᠢᠶᠡᠷᠡᠯ ᠤᠨ ᠦᠨᠡᠮᠯᠡᠯ ᠢ ᠬᠡᠷᠡᠭᠯᠡᠭᠰᠡᠨ ᠪᠠᠶᠢᠳᠠᠯ ᠢᠶᠠᠨ ᠬᠠᠷᠢᠯᠴᠠᠨ ᠮᠡᠳᠡᠭᠡᠯᠡᠪᠡ᠃ ᠳᠤᠮᠳᠠᠳᠤ ᠮᠣᠩᠭᠤᠯ ᠤᠨ ᠬᠤᠭᠤᠷᠣᠨᠳᠣᠬᠢ ᠤᠯᠠᠨ ᠤᠯᠤᠰ ᠤᠨ ᠵᠠᠮ ᠲᠡᠭᠡᠭᠡᠪᠦᠷᠢ ᠶᠢᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠰᠤᠳᠤᠯᠪᠠ᠃ ᠬᠤᠶᠠᠷ ᠲᠠᠯ᠎ᠠ ᠪᠠᠷ ᠢᠶᠠᠨ ᠰᠠᠨᠠᠯ ᠨᠢᠭᠡᠲᠡᠶ ᠦᠵᠡᠭᠰᠡᠨ ᠨᠢ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠡᠯ᠎ᠡ  ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠮᠲᠤ ᠪᠠᠷ ᠴᠢᠷᠮᠠᠶᠢᠵᠤ᠂ ᠬᠠᠷᠢᠯᠴᠠᠨ ᠬᠠᠮᠵᠢᠯᠴᠠᠵᠤ᠂ ᠬᠠᠷᠢᠯᠴᠠᠨ ᠤᠶᠠᠯᠳᠤᠵᠤ᠂ ᠬᠤᠶᠠᠷ ᠤᠯᠤᠰ ᠤᠨ ᠬᠤᠭᠤᠷᠣᠨᠳᠣᠬᠢ ᠤᠯᠠᠨ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠥᠭᠦᠮ ᠳᠦᠳᠡ᠂ ᠰᠢᠭᠤᠳ ᠰᠢᠯᠤᠭᠤᠨ ᠢᠶᠠᠷ ᠪᠣᠭᠤᠮᠲᠠ ᠥᠩᠭᠡᠷᠡᠭᠦᠯᠬᠦ ᠶᠢ ᠪᠠᠲᠤᠯᠠᠪᠠ᠃ ᠳᠤᠮᠳᠠᠳᠤ ᠮᠣᠩᠭᠤᠯ ᠤᠨ ᠬᠤᠭᠤᠷᠣᠨᠳᠣᠬᠢ ᠤᠯᠠᠨ ᠤᠯᠤᠰ ᠤᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠠᠵᠢᠯ ᠲᠠᠰᠤᠷᠠᠯᠳᠠ ᠥᠭᠡᠢ ᠵᠢᠷᠤᠮᠵᠢᠬᠤ ᠪᠠ ᠡᠯ᠎ᠡ ᠵᠦᠢᠯ ᠤᠨ ᠬᠠᠤᠯᠢ ᠲᠣᠭᠲᠠᠭᠠᠯ ᠢᠳᠡᠭ ᠢᠳᠡᠭ ᠢᠶᠠᠷ   ᠲᠡᠭᠦᠯᠳᠡᠷᠵᠢᠭᠦᠯᠵᠦ᠂ ᠬᠤᠶᠠᠷ ᠤᠯᠤᠰ ᠤᠨ ᠬᠤᠭᠤᠷᠣᠨᠳᠣᠬᠢ ᠤᠯᠠᠨ ᠤᠯᠤᠰ ᠤᠨ ᠵᠠᠮ ᠲᠡᠭᠡᠭᠡᠪᠦᠷᠢ ᠶᠢᠨ ᠡᠷᠡᠭᠦᠯ ᠢᠶᠠᠷ᠂ ᠡᠮᠬᠢ ᠵᠢᠷᠤᠮ ᠲᠠᠢ ᠴᠢᠭᠯᠡᠯ ᠲᠡᠰᠢ ᠬᠥᠭᠵᠢᠬᠦ ᠶᠢ ᠦᠨᠡᠨ ᠬᠦ ᠪᠠᠲᠤᠯᠠᠪᠠ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号