ᠥᠪᠥᠷ ᠮᠣᠩᠭᠤᠯ ᠭᠢᠷᠢᠨ ᠬᠠᠷᠠᠮᠥ᠋ᠷᠡᠨ ᠭᠤᠷᠪᠠᠨ ᠮᠤᠵᠢ ᠶᠢᠨ ᠠᠭᠤᠯᠵᠠᠷ ᠤᠨ ᠬᠢᠯᠢ ᠶᠢᠨ ᠱᠣᠩ ᠢ ᠰᠣᠯᠢᠵᠤ ᠪᠣᠰᠬᠠᠬᠤ ᠠᠵᠢᠯ ᠢ ᠲᠡᠭᠦᠰ ᠠᠮᠵᠢᠯᠲᠠᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2016/1/4
      12 ᠳ᠋ᠤᠭᠠᠷ ᠰᠠᠷ᠎ᠠ ᠶᠢᠨ 29᠎ ᠤ ᠡᠳᠦᠷ᠂ ᠥᠪᠥᠷ ᠮᠣᠩᠭᠤᠯ ᠭᠢᠷᠢᠨ ᠬᠠᠷᠠᠮᠥ᠋ᠷᠡᠨ ᠭᠤᠷᠪᠠᠨ ᠮᠤᠵᠢ ᠶᠢᠨ ᠠᠭᠤᠯᠵᠠᠷ ᠲᠠᠬᠢ 1 ᠨᠣᠮᠧᠷᠲᠤ ᠬᠢᠯᠢ ᠶᠢᠨ ᠱᠣᠩ ᠢ ᠰᠣᠯᠢᠵᠤ ᠪᠣᠰᠬᠠᠬᠤ ᠠᠵᠢᠯ ᠥᠪᠥᠷ ᠮᠣᠩᠭᠤᠯ᠂ ᠭᠢᠷᠢᠨ᠂ ᠬᠠᠷᠠᠮᠥ᠋ᠷᠡᠨ ᠤ ᠬᠥᠷᠰᠢ ᠮᠤᠵᠢ ︵ᠥᠪᠡᠷᠲᠡᠭᠡᠨ ᠵᠠᠰᠠᠬᠤ ᠣᠷᠣᠨ︶᠂ ᠠᠶᠢᠮᠠᠭ ︵ᠬᠤᠲᠠ︶᠂ ᠰᠢᠶᠠᠨ ︵ᠬᠤᠲᠠ︶ ᠭᠤᠷᠪᠠᠨ ᠱᠠᠲᠤᠨ ᠤ ᠬᠢᠯᠢ ᠶᠢᠨ ᠵᠠᠭᠠᠭ ᠱᠤᠭᠤᠮ ᠤᠨ ᠬᠠᠮᠢᠶᠠᠷᠤᠯᠲᠠ ᠶᠢᠨ ᠰᠠᠯᠭ᠎ᠠ ᠮᠥᠴᠢᠷ ᠤᠨ ᠬᠠᠷᠢᠭᠤᠴᠠᠯᠭᠠᠲᠠᠨ ᠤ ᠭᠡᠷᠡᠴᠢᠯᠡᠯ ᠳᠣᠣᠷ᠎ᠠ᠂ ᠲᠤᠰᠬᠠᠢ ᠮᠡᠷᠭᠡᠵᠢᠯ ᠤᠨ ᠬᠡᠮᠵᠢᠨ ᠵᠢᠷᠤᠭᠴᠢ ᠪᠠ ᠬᠢᠯᠢ ᠶᠢᠨ ᠱᠣᠩ ᠢ ᠵᠣᠬᠢᠶᠠᠨ ᠦᠢᠯᠡᠳᠬᠦ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ ᠲᠡᠭᠦᠰ ᠠᠮᠵᠢᠯᠲᠠᠲᠠᠢ ᠪᠡᠶᠡᠯᠡᠭᠳᠡᠪᠡ᠃ ᠳᠠᠷᠠᠭ᠎ᠠ ᠪᠠᠷ ᠨᠢ᠂ ᠭᠤᠷᠪᠠᠨ ᠮᠤᠵᠢ ︵ᠣᠷᠣᠨ︶᠎ ᠶᠢᠨ ᠬᠢᠯᠢ ᠶᠢᠨ ᠵᠠᠭᠠᠭ ᠱᠤᠭᠤᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠯᠢ ᠶᠢᠨ ᠱᠣᠩ ᠤᠨ ᠳᠠᠩᠰᠠᠯᠠᠨ ᠲᠡᠮᠳᠡᠭᠯᠡᠬᠦ ᠬᠦᠰᠦᠨᠦᠭ ᠪᠠ ᠬᠢᠯᠢ ᠶᠢᠨ ᠱᠣᠩ ᠤᠨ ᠦᠷ᠎ᠡ ᠪᠦᠲᠦᠮᠵᠢ ᠶᠢᠨ ᠬᠦᠰᠦᠨᠦᠭ ᠢ ᠲᠠᠭᠯᠠᠨ ᠪᠢᠴᠢᠪᠡ᠃       ᠡᠨᠡ ᠬᠤᠭᠤᠷᠣᠨᠳᠤ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠬᠢᠯᠢ ᠶᠢᠨ ᠵᠠᠭᠠᠭ ᠱᠤᠭᠤᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠢᠯᠢ ᠶᠢᠨ ᠱᠣᠩ ᠢ ᠰᠣᠯᠢᠵᠤ ᠪᠣᠰᠬᠠᠬᠤ ᠠᠯᠬᠤᠮ ᠳᠠᠷᠠᠭ᠎ᠠ ᠶᠢ ᠬᠢᠨᠠᠮᠠᠭᠠᠢ ᠰᠣᠳᠣᠯᠵᠤ᠂ ᠬᠢᠯᠢ ᠶᠢᠨ ᠱᠣᠩ ᠤᠨ ᠬᠥᠰᠢᠶ᠎ᠡ ᠶᠢ ᠲᠣᠨᠣᠭᠯᠠᠬᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠭᠤᠷᠪᠠᠨ ᠮᠤᠵᠢ ᠶᠢᠨ ᠬᠢᠯᠢ ᠶᠢᠨ ᠵᠠᠭᠠᠭ ᠱᠤᠭᠤᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠤᠳᠠᠭᠠᠨ ᠤ ᠬᠢᠯᠢ ᠶᠢᠨ ᠱᠣᠩ ᠢ ᠰᠣᠯᠢᠵᠤ ᠪᠣᠰᠬᠠᠬᠤ ᠠᠵᠢᠯ ᠢ ᠲᠣᠬᠢᠶᠠᠯᠳᠤᠭᠤᠯᠤᠨ᠂ ᠬᠢᠯᠢ ᠶᠢᠨ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠲᠤᠰᠢᠶᠠᠯ ᠢᠶᠠᠨ ᠤᠯᠠᠮ ᠰᠠᠶᠢᠨ ᠬᠡᠷᠡᠭᠵᠢᠭᠦᠯᠵᠦ᠂ ᠥᠪᠥᠷ ᠮᠣᠩᠭᠤᠯ ᠭᠢᠷᠢᠨ ᠬᠠᠷᠠᠮᠥ᠋ᠷᠡᠨ ᠭᠤᠷᠪᠠᠨ ᠮᠤᠵᠢ ︵ᠣᠷᠣᠨ︶᠎ ᠶᠢᠨ ᠬᠢᠯᠢ ᠶᠢᠨ ᠵᠠᠭᠠᠭ ᠢ ᠠᠮᠤᠷ ᠲᠠᠶᠢᠪᠣᠩ ᠱᠤᠭᠤᠮ᠂ ᠨᠥᠬᠦᠷᠯᠡᠯ ᠤᠨ ᠱᠤᠭᠤᠮ᠂ ᠡᠶ᠎ᠡ ᠵᠣᠬᠢᠴᠠᠯ ᠤᠨ ᠱᠤᠭᠤᠮ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠭᠤᠷᠪᠠᠨ ᠮᠤᠵᠢ ︵ᠣᠷᠣᠨ︶᠎ ᠶᠢᠨ ᠬᠢᠯᠢ ᠬᠢᠵᠠᠭᠠᠷ ᠤᠨ ᠨᠡᠶᠢᠭᠡᠮ ᠤᠨ ᠠᠮᠤᠷ ᠲᠦᠪᠰᠢᠨ᠂ ᠠᠵᠤ ᠠᠬᠤᠢ ᠶᠢᠨ ᠬᠥᠭᠵᠢᠯᠲᠡ ᠳᠤ ᠰᠠᠭᠤᠷᠢ ᠲᠠᠯᠪᠢᠨ᠎ᠠ ᠭᠡᠵᠦ ᠨᠢᠭᠡᠳᠦᠯᠲᠡᠢ ᠢᠯᠡᠷᠬᠡᠶᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号