ᠮᠠᠨ ᠤ ᠣᠷᠣᠨ 2016 ᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠨᠦᠭᠦᠳ ᠲᠡᠭᠦᠰᠦᠭᠰᠡᠳ ᠢ | ᠰᠢᠩᠭᠡᠭᠡᠨ ᠠᠪᠬᠤ ᠶᠢ ᠢᠳᠡᠪᠬᠢᠲᠡᠶ ᠵᠤᠷᠢᠭᠵᠢᠭᠤᠯᠬᠤ ᠶᠢᠨ ᠲᠤᠯᠠᠳᠠ᠂ ︽2016 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠶᠬᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠵᠦᠭᠯᠡᠯᠴᠡᠭᠡᠷ ᠤᠨ ᠬᠤᠷᠠᠯ ᠵᠢᠴᠢ ᠬᠠᠪᠤᠷ ᠤᠨ ᠤᠯᠠᠷᠢᠯ ᠤᠨ ᠴᠢᠳᠠᠪᠤᠷᠢᠲᠠᠨ ᠤ ᠰᠣᠯᠢᠯᠴᠠᠭᠠᠨ ᠤ ᠲᠣᠮᠣ ᠬᠡᠯᠪᠡᠷᠢ ᠶᠢᠨ | ᠴᠤᠭᠯᠠᠭᠠᠨ︾ 3 ᠳ᠋ᠤᠭᠠᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ | ᠦᠵᠡᠰᠭᠦᠯᠡᠩ ᠤᠨ ᠲᠥᠪ ᠲᠤ ᠡᠬᠢᠯᠡᠬᠦ ᠪᠠᠷ ᠪᠠᠶᠢᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠴᠤᠭᠯᠠᠭᠠᠨ ᠨᠢ | 2 ᠡᠳᠦᠷ ᠶᠠᠪᠤᠭᠳᠠᠵᠤ᠂ 620 ᠳᠡᠯᠭᠡᠨ ᠦᠵᠡᠬᠦᠯᠬᠦ ᠪᠦᠯᠦᠭ ᠭᠠᠷᠭᠠᠨ᠂ ᠮᠠᠨ ᠤ ᠣᠷᠣᠨ ᠤ ᠳᠤᠲᠤᠨ᠎ᠠ ᠭᠠᠳᠠᠨᠠᠬᠢ | ᠤᠯᠤᠰ ᠤᠨ ᠦᠮᠴᠢᠯᠡᠯᠲᠦ᠂ ᠬᠠᠮᠲᠤ᠂ ᠬᠤᠪᠢ ᠤᠷᠤᠭᠤᠯᠤᠯᠲᠠ ᠶᠢᠨ ᠳᠦᠷᠢᠮᠲᠦ᠂ ᠭᠠᠳᠠᠭᠠᠳᠤ ᠶᠢᠨ | ᠬᠤᠳᠠᠯᠳᠤᠭᠠᠴᠢᠨ ᠤ ᠪᠡᠯᠡᠲᠦ᠂ ᠳᠡᠭᠡᠳᠦ ᠰᠢᠨ᠎ᠡ ᠮᠡᠷᠭᠡᠵᠢᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ | ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ ᠡᠯ᠎ᠡ ᠲᠥᠷᠥᠯ ᠤᠨ ᠬᠥᠮᠦᠨ | ᠬᠡᠷᠡᠭᠯᠡᠬᠦ ᠨᠢᠭᠡᠴᠡ ᠶᠢ ᠤᠷᠢᠨ ᠴᠢᠳᠠᠪᠤᠷᠢᠲᠠᠨ ᠡᠯᠰᠡᠭᠦᠯᠦᠨᠡ᠂ ᠵᠢᠱᠢᠯᠲᠡ ᠪᠠᠷ 3 ᠲᠦᠮᠡ ᠭᠠᠷᠤᠶ ᠬᠥᠮᠦᠨ ᠤ ᠡᠯ᠎ᠡ | ᠲᠥᠷᠥᠯ ᠤᠨ ᠳᠤᠮᠳᠠ ᠳᠡᠭᠡᠳᠦ ᠲᠡᠰ ᠤᠨ ᠲᠤᠰᠬᠠᠶ ᠮᠡᠷᠭᠡᠵᠢᠯ᠂ ᠬᠠᠮᠢᠶᠠᠷᠤᠯᠲᠠ ᠶᠢᠨ ᠴᠢᠳᠠᠪᠤᠷᠢᠲᠠᠨ᠂ ᠶᠡᠭᠡ | ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠲᠤᠰ ᠵᠢᠯ ᠤᠨ ᠲᠡᠭᠦᠰᠦᠭᠰᠡᠳ ᠪᠤᠯᠤᠨ | ᠲᠤᠰᠬᠠᠶ ᠮᠡᠷᠭᠡᠵᠢᠯ ᠤᠨ ᠴᠢᠳᠠᠪᠤᠷᠢᠲᠠᠨ ᠴᠤᠭᠯᠠᠭᠠᠨ ᠳᠤ ᠣᠷᠣᠯᠴᠠᠬᠤ ᠪᠣᠯᠤᠨ᠎ᠠ᠃ ᠡᠨᠡ ᠬᠤᠭᠤᠴᠠᠭᠠᠨ ᠳᠤ᠂ | ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠠᠰᠠ ᠡᠯ᠎ᠡ ᠲᠥᠷᠥᠯ ᠤᠨ ᠴᠢᠳᠠᠪᠤᠷᠢᠲᠠᠨ ᠪᠣᠯᠤᠨ ᠬᠥᠮᠦᠨ ᠬᠡᠷᠡᠭᠯᠡᠬᠦ | ᠨᠢᠭᠡᠴᠡ ᠳᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠯᠠᠪᠯᠠᠯᠲᠠ᠂ ᠠᠵᠢᠯᠳᠠᠨ ᠤ ᠶᠠᠪᠤᠳᠠᠯ ᠢ ᠣᠷᠣᠯᠠᠨ | ᠭᠦᠢᠴᠡᠳᠬᠡᠬᠦ᠂ ᠡᠯ᠎ᠡ ᠲᠦᠷᠦᠯ ᠤᠨ ᠴᠢᠳᠠᠪᠤᠷᠢᠲᠠᠨ ᠢ ᠬᠥᠮᠥᠷᠭᠡ ᠳᠤ ᠣᠷᠣᠭᠤᠯᠵᠤ ᠳᠠᠩᠰᠠᠯᠠᠬᠤ ᠭᠠᠷᠳᠠᠮ ᠢ | ᠬᠦᠢᠴᠡᠳᠭᠡᠵᠤ ᠦᠭᠭᠦ ᠵᠡᠷᠭᠡ ᠬᠠᠮᠢᠶ᠎ᠠ ᠪᠦᠬᠦᠢ ᠦᠢᠯᠡᠴᠢᠯᠡᠭᠡ ᠶᠢ ᠬᠠᠩᠭᠠᠬᠤ ᠪᠤᠯᠤᠨ᠎ᠠ᠃ |