2015 ᠣᠨ ᠳᠤ ᠥᠪᠥᠷ ᠮᠣᠩᠭᠤᠯ ᠣᠷᠣᠨ ᠨᠤᠲᠤᠭ ᠤᠨ ᠭᠠᠶᠢᠯᠢ ᠶᠢᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠭᠠᠶᠢᠯᠢ ᠶᠢᠨ ᠣᠷᠣᠯᠭ᠎ᠠ ᠶᠢ 1091.4 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2016/1/5
     2015 ᠣᠨ ᠳᠤ᠂ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠤᠨ ᠵᠣᠬᠢᠶᠠᠨ ᠪᠠᠶᠢᠭᠤᠯᠤᠨ ᠬᠤᠷᠠᠮᠳᠤᠭᠤᠯᠤᠭᠰᠠᠨ ᠡᠯ᠎ᠡ ᠲᠥᠷᠥᠯ ᠤᠨ ᠭᠠᠶᠢᠯᠢ ᠶᠢᠨ ᠣᠷᠣᠯᠭ᠎ᠠ 1890.4 ᠳ᠋ᠦᠩᠰᠢᠭᠤᠷ ᠲᠥᠭᠦᠷᠢᠭ ᠪᠣᠯᠣᠨ᠎ᠠ᠃ ᠡᠭᠦᠨ ᠳᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠭᠠᠶᠢᠯᠢ ᠶᠢᠨ ᠣᠷᠣᠯᠭ᠎ᠠ ᠶᠢ 1091.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.1% ᠎ ᠪᠠᠷ ᠨᠡᠮᠡᠭᠳᠡᠪᠡ᠂ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢᠨ ᠬᠤᠪᠢ ᠨᠡᠮᠡᠷᠢ ᠶᠢᠨ ᠨᠤᠷᠮ᠎ᠠ ᠨᠢ 55.6%᠎ ᠳᠤ ᠬᠦᠷᠪᠡ᠃      ᠣᠶᠢᠯᠭᠠᠭᠰᠠᠨ ᠢᠶᠠᠷ᠂ ᠲᠠᠷᠢᠶᠠᠨ ᠭᠠᠵᠠᠷ ᠢ ᠡᠵᠡᠯᠡᠭᠰᠡᠨ ᠭᠠᠶᠢᠯᠢ ᠪᠠ ᠨᠡᠭᠦᠷᠡᠰᠦᠨ ᠡᠬᠢ ᠪᠠᠶᠠᠯᠢᠭ ᠤᠨ ᠭᠠᠶᠢᠯᠢ ᠎ ᠨᠢ ᠣᠷᠣᠨ ᠨᠤᠲᠤᠭ ᠤᠨ ᠭᠠᠶᠢᠯᠢ ᠶᠢᠨ ᠣᠷᠣᠯᠭ᠎ᠠ ᠶᠢᠨ ᠨᠡᠮᠡᠭᠳᠡᠯ ᠳᠤ ᠬᠠᠮᠤᠭ ᠶᠡᠭᠡ ᠬᠤᠪᠢ ᠨᠡᠮᠡᠷᠢ ᠦᠵᠡᠭᠦᠯᠦᠭᠰᠡᠨ ᠬᠤᠶᠠᠷ ᠲᠥᠷᠥᠯ ᠤᠨ ᠭᠠᠶᠢᠯᠢ ᠪᠣᠯᠣᠨ᠎ᠠ᠃ ᠨᠢᠳᠤᠨᠤᠨ ᠵᠢᠯ᠂ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠳᠠᠯᠳᠠ ᠬᠦᠴᠦᠨ ᠢ ᠠᠭᠤᠳᠠᠯᠬᠤ ᠪᠠ ᠭᠠᠶᠢᠯᠢ ᠶᠢᠨ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠪᠠᠷ ᠳᠠᠮᠵᠢᠨ᠂ ᠣᠢ ᠰᠢᠭᠤᠢ ᠶᠢᠨ ᠭᠠᠵᠠᠷ᠂ ᠨᠤᠲᠤᠭ ᠪᠡᠯᠴᠢᠭᠡᠷ ᠤᠨ ᠭᠠᠵᠠᠷ ᠵᠡᠷᠭᠡ ᠪᠣᠰᠣᠳ ᠲᠠᠷᠢᠶᠠᠯᠠᠩ ᠤᠨ ᠭᠠᠵᠠᠷ ᠲᠤ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠣᠷᠣᠯᠭ᠎ᠠ ᠶᠢ 81.2 ᠳ᠋ᠦᠩᠰᠢᠭᠤᠷ ᠲᠥᠭᠦᠷᠢᠭ ᠨᠡᠮᠡᠭᠳᠡᠭᠦᠯᠪᠡ︔ ᠨᠡᠭᠦᠷᠡᠰᠦᠨ ᠡᠬᠢ ᠪᠠᠶᠠᠯᠢᠭ ᠤᠨ ᠭᠠᠶᠢᠯᠢ ᠶᠢ ᠦᠨ᠎ᠡ ᠪᠠᠷ ᠪᠣᠳᠣᠵᠤ ᠲᠠᠲᠠᠪᠤᠷᠢᠯᠠᠬᠤ ᠪᠠᠷ ᠥᠭᠡᠷᠡᠴᠢᠯᠡᠭᠰᠡᠨ ᠠᠴᠠ᠂ ᠡᠬᠢ ᠪᠠᠶᠠᠯᠢᠭ ᠤᠨ ᠭᠠᠶᠢᠯᠢ ᠶᠢᠨ ᠣᠷᠣᠯᠭ᠎ᠠ 32.6 ᠳ᠋ᠦᠩᠰᠢᠭᠤᠷ ᠲᠥᠭᠦᠷᠢᠭ ᠨᠡᠮᠡᠭᠳᠡᠵᠡᠢ᠃ ᠬᠤᠶᠠᠷ ᠵᠦᠢᠯ ᠤᠨ ᠭᠠᠶᠢᠯᠢ ᠨᠡᠶᠢᠯᠡᠭᠡᠳ 113.8 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠪᠡ᠃      ᠭᠠᠶᠢᠯᠢ ᠶᠢᠨ ᠣᠷᠣᠯᠭ᠎ᠠ ᠶᠢᠨ ᠪᠠᠶᠢᠳᠠᠯ ᠠᠴᠠ ᠦᠵᠡᠪᠡᠯ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠨᠢ ᠭᠠᠶᠢᠯᠢ ᠶᠢᠨ ᠣᠷᠣᠯᠭ᠎ᠠ ᠶᠢᠨ ᠪᠦᠲᠦᠴᠡ ᠳᠤ ᠢᠳᠡᠪᠬᠢᠲᠡᠢ ᠬᠤᠪᠢᠷᠠᠯᠲᠠ ᠭᠠᠷᠭᠠᠵᠤ᠂ ᠦᠢᠯᠡᠴᠢᠯᠡᠭᠡᠨ ᠤ ᠦᠢᠯᠡᠰ ᠤᠨ ᠭᠠᠶᠢᠯᠢ ᠶᠢᠨ ᠣᠷᠣᠯᠭ᠎ᠠ 683.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂15.1%᠎ ᠪᠠᠷ ᠨᠡᠮᠡᠭᠳᠡᠪᠡ᠂ ᠪᠦᠬᠦ ᠭᠠᠶᠢᠯᠢ ᠶᠢᠨ ᠣᠷᠣᠯᠭ᠎ᠠ ᠶᠢᠨ ᠬᠤᠪᠢ ᠨᠡᠮᠡᠷᠢ ᠶᠢᠨ ᠨᠤᠷᠮ᠎ᠠ ᠨᠢ 55.9%᠎ ᠳᠤ ᠬᠦᠷᠪᠡ᠃ ᠠᠶᠢᠮᠠᠭ ᠬᠤᠲᠠ ᠶᠢᠨ ᠪᠠᠶᠢᠳᠠᠯ ᠠᠴᠠ ᠦᠵᠡᠪᠡᠯ᠂ ᠣᠷᠣᠯᠭ᠎ᠠ ᠨᠡᠮᠡᠭᠳᠡᠬᠦ ᠶᠢ ᠪᠦᠷ ᠪᠡᠶᠡᠯᠡᠭᠦᠯᠵᠦ᠂ ᠡᠭᠦᠨ ᠳᠤ ᠪᠦᠬᠦ ᠣᠷᠣᠨ ᠤ ᠶᠡᠷᠦᠩᠬᠡᠢ ᠣᠷᠣᠯᠭ᠎ᠠ ᠶᠢᠨ56%᠎ ᠶᠢ ᠡᠵᠡᠯᠡᠭᠰᠡᠨ ᠣᠷᠳᠣᠰ ᠬᠤᠲᠠ᠂ ᠪᠤᠭᠤᠲᠤ ᠬᠤᠲᠠ ᠪᠠ ᠬᠥᠬᠡᠬᠤᠲᠠ 3 ᠠᠶᠢᠮᠠᠭ ᠬᠤᠲᠠ ᠶᠢᠨ ᠬᠤᠪᠢ ᠨᠡᠮᠡᠷᠢ ᠨᠢ ᠬᠠᠮᠤᠭ ᠶᠡᠭᠡ᠂ ᠣᠷᠣᠨ ᠨᠤᠲᠤᠭ ᠤᠨ ᠭᠠᠶᠢᠯᠢ ᠶᠢᠨ ᠣᠷᠣᠯᠭ᠎ᠠ ᠶᠢ ᠲᠣᠰᠪᠤᠷᠢ 296.4 ᠳ᠋ᠦᠩᠰᠢᠭᠤᠷ ᠲᠥᠭᠦᠷᠢᠭ᠂166 ᠳ᠋ᠦᠩᠰᠢᠭᠤᠷ ᠲᠥᠭᠦᠷᠢᠭ ᠪᠠ153.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠳᠤ ᠲᠤᠯᠭᠠᠭᠤᠷᠢᠯᠠᠬᠤ ᠦᠢᠯᠡᠳᠦᠯ ᠦᠵᠡᠭᠦᠯᠪᠡ᠃      ᠡᠭᠦᠨ ᠤ ᠬᠠᠮᠲᠤ᠂ ᠪᠦᠬᠦ ᠣᠷᠣᠨ ᠤ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠭᠠᠶᠢᠯᠢ ᠶᠢᠨ ᠣᠷᠣᠯᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠢ ᠴᠣᠮᠬᠠᠳᠬᠠᠵᠤ ᠡᠷᠬᠡ ᠶᠢ ᠪᠠᠭᠤᠯᠭᠠᠬᠤ ᠶᠢ ᠶᠡᠬᠡᠪᠡᠷ ᠠᠬᠢᠭᠤᠯᠵᠤ᠂ ᠤᠯᠠᠨ ᠨᠡᠶᠢᠲᠡ ᠪᠠᠷ ᠢᠶᠠᠨ ᠠᠳᠠᠯ ᠦᠢᠯᠡᠰ ᠴᠣᠭᠴᠠᠯᠠᠬᠤ ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠵᠣᠷᠢᠭᠵᠢᠭᠤᠯᠪᠠ᠃ ᠣᠷᠣᠨ ᠨᠤᠲᠤᠭ ᠤᠨ ᠭᠠᠶᠢᠯᠢ ᠶᠢᠨ ᠣᠷᠣᠯᠭ᠎ᠠ ᠶᠢ 100 ᠢᠯᠡᠭᠦᠦ ᠳ᠋ᠦᠩᠰᠢᠭᠤᠷ ᠲᠥᠭᠦᠷᠢᠭ ᠬᠥᠩᠭᠡᠷᠡᠭᠦᠯᠵᠦ ᠬᠡᠯᠲᠦᠷᠢᠭᠦᠯᠦᠨ᠂ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠪᠦᠲᠦᠮᠵᠢᠲᠡᠢ ᠪᠠᠷ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠢᠲᠡᠭᠡᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号