ᠥᠪᠥᠷ ᠮᠣᠩᠭᠤᠯ᠄ ᠠᠵᠤ ᠠᠬᠤᠶ ᠶᠢᠨ ᠨᠡᠮᠡᠭᠳᠡᠯ ᠢ ᠬᠦᠴᠦ ᠲᠠᠯᠪᠢᠨ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠬᠤ ᠶᠢ ᠪᠠᠲᠤᠯᠠᠬᠤ ᠪᠠᠷ ᠪᠤᠢ
ᠨᠡᠶᠢᠲᠡᠯᠡᠭᠰᠡᠨ ᠴᠠᠭ᠄
2016/1/5
 ᠣᠷᠴᠢᠮᠬᠠᠨ ᠬᠤᠷᠠᠯᠳᠤᠭᠰᠠᠨ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠨᠢ 2016 ᠣᠨ ᠤ ᠪᠦᠬᠦ ᠣᠷᠣᠨ ᠤ ᠠᠵᠤ ᠠᠬᠤᠶ ᠶᠢᠨ ᠠᠵᠢᠯ ᠢ ᠪᠠᠶᠢᠷᠢᠯᠠᠭᠤᠯᠵᠤ᠂ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠮᠠᠨ ᠤ ᠣᠷᠣᠨ ᠤ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠬᠤ ᠬᠡᠷᠡᠭᠲᠡᠶ ᠭᠡᠵᠦ ᠳᠤᠷᠠᠳᠪᠠ᠃      ︽2015 ᠣᠨ ᠳᠤ᠂ ᠪᠦᠬᠦ ᠣᠷᠣᠨ ᠢᠶᠠᠷ ᠢᠶᠠᠨ ᠲᠣᠭᠲᠠᠭᠤᠨ ᠪᠠᠶᠢᠯᠭᠠᠬᠤ ᠶᠢᠨ ᠵᠡᠷᠭᠡᠪᠡᠷ ᠤᠷᠤᠭᠰᠢᠯᠠᠬᠤ ᠠᠵᠢᠯ ᠤᠨ ᠶᠡᠷᠦᠩᠬᠡᠶ ᠬᠦᠭ ᠠᠶᠠᠰ ᠢ ᠪᠠᠲᠤ ᠡᠵᠡᠮᠰᠢᠵᠦ᠂ ᠠᠵᠤ ᠠᠬᠤᠶ ᠶᠢᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠳᠡ ᠦᠭᠡᠢ ᠴᠢᠩᠭᠠᠷᠠᠵᠤ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ  ᠰᠠᠶᠢᠵᠢᠷᠠᠵᠤ᠂ ᠠᠷᠠᠳ ᠤᠨ ᠠᠮᠢᠳᠤᠷᠠᠯ ᠤᠨ ᠬᠢᠷᠢ ᠲᠥᠪᠰᠢᠨ ᠢᠯᠡᠳᠲᠡ ᠳᠡᠭᠡᠭᠰᠢᠯᠡᠨ᠂ ᠠᠵᠤ ᠠᠬᠤᠶ ᠶᠢᠨ ᠠᠵᠢᠯᠯᠠᠭ᠎ᠠ  ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠨ ᠪᠣᠯᠵᠤ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠨᠢ ᠵᠢᠯ ᠤᠨ ᠡᠬᠢᠨ ᠤ ᠵᠢᠱᠢᠯᠲᠡ ᠲᠠᠢ ᠨᠡᠶᠢᠴᠡᠵᠦ᠂ ᠵᠦᠶ ᠵᠣᠬᠢᠰᠲᠠᠶ ᠣᠷᠣᠨ ᠵᠠᠢ ᠳᠤ ᠣᠷᠣᠰᠢᠵᠤ᠂ ᠪᠦᠬᠦ ᠤᠯᠤᠰ ᠤᠨ ᠳᠤᠮᠳᠠᠴᠢ ᠲᠦᠪᠰᠢᠨ ᠠᠴᠠ ᠰᠠᠶᠢᠨ ᠪᠣᠯᠪᠠ᠃  ︿12· 5﹀᠎ ᠶᠢᠨ ᠲᠥᠯᠥᠪᠵᠢᠭᠦᠯᠭᠡ ᠶᠢ ᠢᠯᠠᠯᠲᠠ ᠎ ᠲᠠᠢ ᠪᠠᠷ ᠲᠡᠭᠦᠰᠬᠦ ᠶᠢ ᠪᠡᠶᠡᠯᠡᠭᠦᠯᠵᠦ  ᠂ ︿13· 5﹀᠎ ᠶᠢᠨ ᠲᠥᠯᠥᠪᠵᠢᠭᠦᠯᠭᠡ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠠᠶ᠃︾ ᠭᠡᠵᠦ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ  ᠲᠣᠪᠴᠢᠶ᠎ᠠ ᠶᠢᠨ ᠳᠠᠷᠤᠭ᠎ᠠ ᠬᠤ᠋ ᠮᠢᠨ ᠴᠢᠶᠠᠨ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠵᠡᠶ᠃      ᠬᠤ᠋ ᠮᠢᠨ ᠴᠢᠶᠠᠨ ᠤ ᠦᠵᠡᠬᠦ ᠪᠠᠷ᠂ 2016 ᠣᠨ ᠤ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠣᠯᠣᠨ ᠬᠠᠨᠳᠤᠰᠢ ᠶᠢ ᠪᠦᠲᠦᠴᠡ ᠠᠴᠠ ᠨᠢ ᠦᠵᠡᠪᠡᠯ᠂ 2016 ᠣᠨ ᠳᠤ ᠥᠪᠥᠷ ᠮᠣᠩᠭᠤᠯ ᠤᠨ ᠠᠵᠤ ᠠᠬᠤᠶ ᠶᠢᠨ ᠬᠠᠩᠭᠠᠯᠭ᠎ᠠ ᠬᠡᠷᠡᠭᠴᠡᠭᠡ ᠶᠢᠨ ᠪᠦᠲᠦᠴᠡ᠂ ᠠᠵᠤ ᠦᠢᠯᠡᠰ ᠤᠨ ᠪᠦᠲᠦᠴᠡ᠂ ᠣᠷᠣᠨ ᠪᠦᠰᠡ ᠶᠢᠨ ᠪᠦᠲᠦᠴᠡ᠂ ᠬᠤᠳᠠ ᠬᠥᠳᠡᠭᠡ ᠶᠢᠨ ᠪᠦᠲᠦᠴᠡ ᠵᠡᠷᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠰ ᠳᠡᠪᠰᠢᠭᠦᠯᠵᠦ᠂ ᠢᠯᠠᠩᠭᠤᠶ᠎ᠠ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠲᠥᠷᠭᠡᠨ ᠠᠬᠢᠭᠤᠯᠬᠤ ᠶᠢ ᠳᠠᠭᠠᠯᠳᠤᠨ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠬᠤᠷᠳᠤᠴᠠ ᠲᠥᠷᠭᠡᠳᠬᠡᠬᠦ ᠪᠠᠶᠢᠳᠠᠯ ᠲᠠᠢ ᠪᠣᠯᠣᠨ᠎ᠠ᠃ ᠬᠠᠨᠳᠤᠰᠢ ᠠᠴᠠ ᠨᠢ ᠠᠪᠴᠤ ᠦᠵᠡᠪᠡᠯ᠂ ᠣᠳᠣᠬᠠᠨ ᠤ ᠠᠵᠤ ᠠᠬᠤᠶ ᠶᠢᠨ ᠨᠡᠮᠡᠭᠳᠡᠯ ᠠᠯᠭᠤᠷ ᠤᠨ ᠳᠤᠮᠳᠠ ᠲᠣᠭᠲᠠᠭᠤᠨ ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠬᠡᠯᠪᠡᠯᠵᠡᠬᠦ ᠪᠠᠶᠢᠳᠠᠯ ᠲᠣᠭᠲᠠᠭᠤᠨ ᠪᠠᠶᠢᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠵᠤ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ 2016 ᠣᠨ ᠳᠤ ᠥᠪᠥᠷ ᠮᠣᠩᠭᠤᠯ ᠤᠨ ᠠᠵᠤ ᠠᠬᠤᠶ ᠶᠢᠨ ᠲᠣᠭᠲᠠᠭᠤᠨ ᠤ ᠳᠤᠮᠳᠠ ᠤᠷᠤᠭᠰᠢᠯᠠᠬᠤ ᠪᠠᠶᠢᠳᠠᠯ ᠳᠤ ᠬᠤᠪᠢᠷᠠᠯᠲᠠ ᠭᠠᠷᠬᠤ ᠦᠭᠡᠢ ᠶᠤᠮ᠃  ᠬᠥᠳᠡᠯᠭᠡᠭᠴᠢ ᠬᠦᠴᠦᠨ ᠤ ᠲᠠᠯ᠎ᠠ ᠠᠴᠠ ᠦᠵᠡᠪᠡᠯ᠂ ︽ᠭᠤᠷᠪᠠᠨ  ᠮᠣᠷᠢᠨ ᠲᠡᠷᠭᠡ︾᠎ ᠶᠢᠨ ᠰᠢᠨ᠎ᠡ ᠬᠦᠳᠡᠯᠭᠡᠭᠴᠢ ᠬᠦᠴᠦᠨ ᠴᠤᠭᠯᠠᠷᠠᠵᠤ᠂ ᠰᠢᠨ᠎ᠡ ᠬᠡᠪ ᠪᠠᠶᠢᠳᠠᠯ ᠳᠣᠣᠷᠠᠬᠢ ᠥᠪᠥᠷ ᠮᠣᠩᠭᠤᠯ ᠤᠨ ᠠᠵᠤ ᠠᠬᠤᠶ ᠶᠢᠨ ᠨᠡᠮᠡᠭᠳᠡᠯ ᠤᠨ ᠬᠦᠳᠡᠯᠭᠡᠭᠴᠢ ᠬᠦᠴᠦᠨ ᠨᠡᠩ ᠬᠦᠴᠦᠨ ᠲᠡᠭᠦᠯᠳᠡᠷ ᠪᠣᠯᠣᠨ᠎ᠠ᠃ ᠵᠢᠱᠢᠯᠲᠡ ᠪᠠᠷ 2016 ᠣᠨ ᠳᠤ ᠪᠦᠬᠦ ᠣᠷᠣᠨ ᠤ GDP᠎ 7.5% ᠣᠷᠴᠢᠮ ᠪᠣᠯᠵᠤ᠂ 2015 ᠣᠨ ᠤ ᠬᠢ ᠠᠴᠠ ᠪᠠᠭ᠎ᠠ ᠬᠡᠮᠵᠢᠶ᠎ᠡ ᠪᠠᠷ ᠤᠳᠠᠭᠠᠰᠢᠷᠠᠨ᠎ᠠ᠃  ︾ ᠡᠶᠢᠮᠦ ᠠᠴᠠ᠂ 2016 ᠣᠨ ᠤ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢ ᠰᠦᠪᠡᠭᠴᠢᠯᠡᠬᠦ ᠳᠤ᠂ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠶᠡᠷᠦᠩᠬᠡᠶ ᠬᠡᠷᠡᠭᠴᠡᠭᠡ ᠶᠢ ᠥᠷᠭᠡᠳᠬᠡᠬᠦ ᠶᠢᠨ ᠬᠠᠮᠲᠤ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠵᠦ᠂ ᠬᠦᠮᠦᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠵᠦ᠂ ᠥᠪᠡᠷ ᠤᠨ ᠥᠷᠲᠡᠭ ᠢ ᠪᠠᠭᠤᠷᠠᠭᠤᠯᠵᠤ᠂ ᠲᠤᠲᠠᠮᠠᠭ ᠵᠦᠢᠯ ᠢ ᠨᠥᠬᠦᠪᠦᠷᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ᠂ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭᠲᠤ ᠴᠢᠨᠠᠷ ᠢ ᠳᠡᠭᠡᠭᠰᠢᠯᠡᠭᠦᠯᠵᠦ᠂ ᠤᠯᠠᠮᠵᠢᠯᠠᠯᠲᠤ ᠬᠠᠷᠢᠴᠠᠩᠭᠤᠶ ᠳᠠᠪᠠᠭᠤᠯᠢᠭ ᠲᠠᠯ᠎ᠠ ᠶᠢ ᠥᠭᠡᠷᠡᠴᠢᠯᠡᠨ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠲᠥᠷᠭᠡᠨ ᠪᠣᠶᠢᠵᠢᠭᠤᠯᠬᠤ ᠬᠡᠷᠡᠭᠲᠡᠢ᠃ ᠪᠦᠲᠦᠴᠡ ᠶᠢᠨ ᠲᠣᠬᠢᠷᠠᠭᠤᠯᠤᠯᠲᠠ ᠪᠠᠷ ᠠᠵᠤ ᠠᠬᠤᠶ ᠶᠢᠨ ᠨᠡᠮᠡᠭᠳᠡᠯ ᠢ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠢᠶᠠᠷ ᠪᠦᠲᠦᠴᠡ ᠶᠢᠨ ᠲᠣᠬᠢᠷᠠᠭᠤᠯᠤᠯᠲᠠ ᠶᠢ ᠲᠥᠯᠬᠢᠨ ᠠᠬᠢᠭᠤᠯᠬᠤ ᠬᠡᠷᠡᠭᠲᠡᠢ︾᠃      ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ︽ᠳᠤᠮᠳᠠᠳᠤ ᠤᠯᠤᠰ ᠤᠨ ᠦᠢᠯᠡᠳᠬᠦᠨ 2025︾᠎ ᠶᠢ ᠰᠠᠶᠢᠲᠤᠷ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠥᠯᠥᠪᠯᠡᠭᠡ ᠶᠢ ᠲᠦᠷᠭᠡᠨ ᠠᠬᠢᠭᠤᠯᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠡᠯ᠎ᠡ ᠵᠦᠢᠯ ᠤᠨ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠎ ᠶᠢ ᠪᠦᠷᠢᠨᠰᠢᠭᠦᠯᠬᠦ᠂ ᠤᠯᠠᠨ ᠲᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠢ ᠪᠠᠶᠢᠭᠤᠯᠬᠤ᠂ ᠳᠠᠭᠠᠳᠬᠠᠯ ᠤᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠦᠷᠭᠡᠳᠬᠡᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠵᠢᠷᠭᠤᠭᠠᠨ ᠲᠠᠯ᠎ᠠ ᠪᠠᠷ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠵᠣᠬᠢᠴᠠᠩᠭᠤᠶ ᠪᠠᠷ ᠬᠦᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ ᠡᠨᠧᠷᠭᠢ ᠠᠷᠪᠢᠯᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠶᠡᠬᠡᠪᠡᠷ ᠪᠠᠭᠠᠰᠬᠠᠬᠤ᠂ ᠣᠷᠴᠢᠨ ᠲᠣᠭᠤᠷᠢᠨ ᠢ ᠵᠠᠰᠠᠬᠤ ᠠᠵᠢᠯ ᠢ ᠴᠢᠩᠭᠠᠳᠬᠠᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠦᠷ᠎ᠡ ᠠᠰᠢᠭ ᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠪᠣᠯᠣᠨ ᠠᠮᠢᠳᠤᠷᠠᠯ ᠤᠨ ᠠᠷᠭ᠎ᠠ  ᠬᠡᠯᠪᠡᠷᠢ ᠶᠢ ᠪᠤᠢ ᠪᠣᠯᠭᠠᠬᠤ ᠠᠵᠢᠯ ᠢ ᠲᠦᠯᠬᠢᠨ ᠠᠬᠢᠭᠤᠯᠤᠨ᠎ᠠ᠃ ᠭᠠᠳᠠᠭᠠᠳᠤ ᠨᠡᠭᠡᠭᠡᠯᠲᠡ ᠶᠢᠨ ᠬᠢᠷᠢ  ᠲᠥᠪᠰᠢᠨ ᠢ ᠳᠡᠭᠡᠭᠰᠢᠯᠡᠭᠦᠯᠦᠨ᠎ᠡ᠃  ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠬᠠᠮᠵᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂  ᠳᠣᠲᠣᠭᠠᠳᠤ ᠭᠠᠳᠠᠭᠠᠳᠤ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠵᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃      ᠬᠠᠩᠭᠠᠯᠭ᠎ᠠ ᠶᠢᠨ ᠲᠠᠯ᠎ᠠ ᠠᠴᠠ ᠦᠵᠡᠪᠡᠯ᠂ ᠭᠤᠣᠯᠳᠠᠯᠭ᠎ᠠ ᠪᠠᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠪᠣᠶᠢᠵᠢᠭᠤᠯᠬᠤ ᠳᠡᠭᠡᠷ᠎ᠡ ᠲᠠᠯᠪᠢᠨ᠎ᠠ᠃ ᠨᠢᠭᠡ ᠳᠤ ᠠᠵᠤ ᠦᠢᠯᠡᠰ ᠤᠨ ᠰᠢᠨ᠎ᠡ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶ ᠶᠢᠨ ᠪᠦᠲᠦᠴᠡ ᠶᠢᠨ ᠲᠤᠬᠢᠷᠡᠭᠤᠯᠦᠯᠳᠠ ᠶᠢ ᠲᠦᠯᠬᠢᠨ ᠠᠬᠢᠭᠤᠯᠵᠤ᠂ ᠪᠠᠶᠢᠯᠳᠤᠬᠤ ᠪᠤᠳᠦᠯᠭ᠎ᠠ ᠶᠢᠨ ᠴᠢᠨᠠᠷᠲᠠᠶ ᠰᠢᠨ᠎ᠡ ᠬᠡᠯᠪᠡᠷᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ  ᠂ ᠤᠯᠠᠮᠵᠢᠯᠠᠯᠲᠤ ᠠᠵᠤ ᠦᠢᠯᠡᠰ ᠢ ᠳᠤᠮᠳᠠ ᠳᠡᠭᠡᠳᠦ ᠳᠡᠰ ᠵᠦᠭ  ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠬᠦ ᠪᠠ ᠦᠯᠡᠭᠦᠳᠡᠯ ᠦᠢᠯᠡᠳᠪᠦᠷᠢᠯᠡᠯ ᠤᠨ ᠴᠢᠳᠠᠪᠤᠷᠢ ᠶᠢ ᠠᠷᠢᠯᠭᠠᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠥᠷᠭᠡᠨ ᠬᠦᠭᠵᠢᠭᠦᠯᠦᠨ᠎ᠡ᠃ ᠬᠤᠶᠠᠷ ᠲᠤ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠨᠡᠷᠡᠲᠦ  ᠲᠡᠮᠳᠡᠭᠳᠦ︾᠎ ᠶᠢ ᠪᠤᠢ ᠪᠣᠯᠭᠠᠵᠤ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠥᠷᠢᠰᠦᠯᠳᠦᠭᠡᠨ ᠤ ᠬᠦᠴᠦᠨ ᠢ ᠳᠡᠭᠡᠭᠰᠢᠯᠡᠭᠦᠯᠬᠦ᠂ ᠬᠡᠷᠡᠭᠯᠡᠭᠡ ᠶᠢ ᠥᠷᠭᠡᠳᠬᠡᠬᠦ᠂ ᠳᠡᠰ ᠳᠡᠪᠰᠢᠭᠦᠯᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠨ᠎ᠠ᠃ ᠭᠤᠷᠪᠠ ᠳᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠤ ᠠᠰᠢᠭᠲᠠᠢ ᠲᠦᠷᠢᠮ ᠤᠨ ᠣᠷᠴᠢᠨ ᠲᠣᠭᠤᠷᠢᠨ ᠢ ᠪᠣᠢ ᠪᠣᠯᠭᠠᠵᠤ᠂ ᠥᠮᠴᠢᠯᠡᠬᠦ ᠡᠷᠬᠡ ᠢᠯᠠᠩᠭᠤᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠲᠦᠷᠪᠡ ᠳᠤ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠴᠢᠩᠭᠠᠳᠬᠠᠨ ᠰᠠᠶᠢᠵᠢᠷᠠᠭᠤᠯᠵᠤ᠂  ᠭᠤᠣᠯᠳᠠᠭᠤ ᠡᠮ ᠡᠮᠨᠡᠯᠭᠡ᠂ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠡᠮᠬᠢ ᠵᠢᠷᠤᠮ ᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠩᠭᠠᠯᠭ᠎ᠠ ᠶᠢ ᠨᠡᠮᠡᠭᠳᠡᠭᠦᠯᠬᠦ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ︾᠎ ᠶᠢ ᠬᠡᠷᠡᠭᠵᠢᠭᠦᠯᠵᠦ᠂ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ᠭᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号