ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠦ    ᠣᠶᠣᠨ ᠴᠢᠳᠠᠯ ᠤᠨ ᠳᠠᠪᠠᠭᠤᠯᠢᠭ ᠢᠶᠠᠨ ᠪᠠᠳᠠᠷᠠᠭᠤᠯᠤᠨ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠦᠭᠵᠢᠭᠦ ᠎ ᠶᠢ ᠬᠦᠴᠦᠯᠡᠨ ᠠᠬᠢᠭᠤᠯᠤᠨ᠎ᠠ  ᠷᠧᠨ ᠶᠠ ᠫᠢᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2016/1/6
     1 ᠳ᠋ᠦ᠋ᠭᠡᠷ ᠰᠠᠷ᠎ᠠ ᠶᠢᠨ 5᠎ ᠤ ᠡᠳᠦᠷ ᠤᠨ ᠦᠲᠡ ᠶᠢᠨ ᠡᠮᠦᠨ᠎ᠡ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ︵ᠦᠷᠭᠡᠳᠭᠡᠭᠰᠡᠨ︶᠎ ᠤᠨ ᠬᠤᠷᠠᠯ ᠪᠤᠯᠤᠨ 43 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠢᠵᠦ᠂ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠦ᠂ 2016 ᠤᠨ ᠤ ᠤᠯᠤᠰ ᠲᠦᠷᠦ ᠶᠢᠨ ᠵᠦᠪᠯᠡᠯᠭᠡᠨ ᠤ ᠵᠦᠪᠯᠡᠬᠦ ᠲᠦᠯᠦᠪᠯᠡᠭᠡ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ  ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠪᠤᠯᠤᠨ ᠲᠦᠷᠪᠡᠲᠦᠭᠡᠷ ᠪᠦᠬᠦᠲᠡ ᠬᠤᠷᠠᠯ ᠳᠤ ᠲᠡᠪᠰᠢᠭᠦᠯᠬᠦ ᠪᠠᠷ ᠪᠠᠶᠢᠭ᠎ᠠ ᠠᠵᠢᠯ ᠤᠨ ᠮᠡᠲᠡᠭᠦᠯᠦᠯᠲᠡ ᠶᠢ ᠰᠤᠲᠤᠯᠵᠠᠢ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠲᠡᠷᠢᠭᠦᠯᠡᠭᠴᠢ ᠷᠧᠨ ᠶᠠ ᠫᠢᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠬᠦᠸᠧ ᠴᠢ ᠵᠢᠶᠦ᠋ᠨ᠂ ᠳ᠋ᠦᠩ ᠾᠧᠩ ᠢᠤᠢ᠂ ᠵᠧᠩ ᠹᠦ᠋ ᠲᠢᠶᠠᠨ᠂ ᠨᠢᠦ ᠭᠤᠸᠠᠩ ᠮᠢᠩ᠂ ᠶᠠᠩ ᠴᠧᠩ ᠸᠠᠩ᠂ ᠴᠧᠨ ᠢᠤᠢ᠂ ᠴᠠᠩ ᠬᠠᠢ ᠵᠢᠴᠢ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠲᠦᠭᠦᠨ ᠸᠧᠢ ᠵᠢᠶᠦ᠋ᠨ ᠬᠤᠷᠠᠯ ᠳᠤ ᠤᠷᠤᠯᠴᠠᠵᠠᠢ᠃      ᠷᠧᠨ ᠶᠠ ᠫᠢᠩ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ  ᠠᠴᠠ ︽12· 5︾᠎ ᠶᠢᠨ ᠲᠥᠯᠥᠪᠵᠢᠭᠦᠯᠭᠡ ᠶᠢᠨ ᠡᠴᠦᠰ ᠤᠨ ᠠᠮᠵᠢᠯᠲᠠ ᠶᠢ ᠳ᠋ᠦᠩᠨᠡᠵᠦ᠂ ︽13· 5︾᠎ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠬᠦᠭᠵᠢᠯᠲᠡ ᠶᠢ ᠰᠤᠳᠤᠯᠤᠨ ᠲᠥᠯᠥᠪᠯᠡᠵᠦ᠂ ᠰᠤᠳᠤᠯᠤᠭᠰᠠᠨ ᠠᠰᠠᠭᠤᠳᠠᠯ ᠎ ᠤᠳ ᠨᠢ ᠴᠦᠮ ᠴᠢᠬᠤᠯᠠ ᠶᠡᠭᠡ ᠶᠠᠪᠤᠳᠠᠯ ᠤᠳ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ︽12· 5︾ ᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠤ ᠠᠬᠤᠶ ᠶᠢᠨ ᠨᠡᠮᠡᠭᠳᠡᠯ ᠤᠨ ᠪᠠᠭᠤᠷᠠᠬᠤ ᠳᠠᠷᠤᠯᠲᠠ ᠶᠢ ᠴᠢᠷᠮᠠᠶᠢᠨ ᠲᠡᠪᠴᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠦᠬᠦ ᠣᠷᠣᠨ ᠤ ᠶᠡᠷᠦᠩᠭᠡᠢ ᠠᠵᠤ ᠠᠬᠤᠶ ᠶᠢᠨ ᠪᠣᠳᠠᠲᠤ ᠬᠦᠴᠦᠨ᠂ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ᠂ ᠬᠤᠳᠠ ᠬᠥᠳᠡᠭᠡ ᠶᠢᠨ ᠬᠥᠭᠵᠢᠯᠲᠡ ᠶᠢ ᠳᠦᠷᠰᠦ ᠪᠠᠶᠢᠳᠠᠯ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠬᠢᠷᠢ ᠬᠡᠮᠵᠢᠶ᠎ᠡ᠂ ᠬᠥᠭᠵᠢᠯᠲᠡ ᠶᠢ ᠪᠠᠲᠤᠯᠠᠬᠤ ᠴᠢᠳᠠᠪᠤᠷᠢ᠂ ᠠᠷᠠᠳ ᠤᠨ ᠠᠮᠢᠳᠤᠷᠠᠯ ᠤᠨ ᠬᠢᠷᠢ ᠲᠥᠪᠰᠢᠨ ᠴᠥᠮ ᠨᠢᠭᠡᠨ ᠶᠡᠭᠡ ᠳᠡᠭᠲᠡᠷ ᠲᠤ ᠭᠠᠷᠴᠤ᠂ ᠥᠪᠡᠷᠲᠡᠭᠡᠨ ᠵᠠᠰᠠᠬᠤ ᠣᠷᠣᠨ ᠤ 2015 ᠣᠨ ᠤ ᠭᠠᠵᠠᠷ ᠣᠷᠣᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠪᠣᠯᠣᠨ ᠡᠳ᠋ ᠤᠨ ᠵᠠᠰᠠᠭ ᠤᠨ ᠵᠠᠷᠤᠯᠭ᠎ᠠ᠂ ᠮᠠᠯᠴᠢᠨ ᠲᠠᠷᠢᠶᠠᠴᠢᠨ ᠤ ᠴᠡᠪᠡᠷ ᠣᠷᠣᠯᠭ᠎ᠠ ᠵᠡᠷᠭᠡ ᠭᠦᠢᠴᠡᠳᠬᠡᠯ ᠲᠤᠭ᠎ᠠ ᠨᠢ ᠴᠥᠮ 2010 ᠣᠨ ᠤ ᠬᠢ ᠠᠴᠠ ᠬᠤᠶᠠᠷ ᠳᠠᠬᠢᠨ ᠨᠡᠮᠡᠭᠳᠡᠵᠦ᠂ ᠳᠦᠭᠦᠷᠡᠩ ᠠᠮᠵᠢᠯᠲᠠ ᠲᠠᠢ ᠥᠨᠳᠥᠷᠯᠡᠯ᠎ᠡ ᠭᠡᠵᠦ ᠬᠡᠯᠡᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽13·5︾᠎ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠤᠨ ᠠᠵᠤ ᠠᠬᠤᠶ ᠶᠢᠨ ᠠᠵᠢᠯ ᠤᠨ ᠪᠠᠶᠢᠷᠢᠯᠠᠭᠤᠯᠤᠯᠲᠠ ᠬᠢᠵᠦ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢᠶᠠᠷ ᠦᠨᠳᠦᠰᠦᠨ ᠵᠢᠷᠤᠮᠯᠠᠯ ᠪᠣᠯᠭᠠᠵᠤ᠂ ᠬᠤᠷᠸ᠎ᠠ ᠲᠦᠷᠦ ᠶᠢᠨ ᠪᠤᠳᠤᠯᠭ᠎ᠠ ᠲᠣᠭᠲᠠᠭᠤᠨ ᠪᠠᠶᠢᠬᠤ᠂ ᠠᠵᠤ ᠦᠢᠯᠡᠰ ᠤᠨ ᠲᠥᠷᠥ ᠶᠢᠨ ᠪᠤᠳᠤᠯᠭ᠎ᠠ  ᠣᠨᠣᠪᠴᠢᠲᠠᠶ ᠪᠠᠶᠢᠬᠤ᠂ ᠬᠤᠮᠠᠬᠢ ᠲᠦᠷᠦ ᠶᠢᠨ ᠪᠤᠳᠤᠯᠭ᠎ᠠ ᠠᠮᠢᠳᠤᠯᠢᠭ ᠪᠠᠶᠢᠬᠤ᠂ ᠥᠭᠡᠷᠡᠴᠢᠯᠡᠯᠲᠡ ᠶᠢᠨ ᠲᠦᠷᠦ ᠶᠢᠨ ᠪᠤᠳᠦᠯᠭ᠎ᠠ ᠦᠨᠡᠨ ᠪᠣᠳᠠᠲᠠᠶ ᠪᠠᠶᠢᠬᠤ᠂ ᠨᠡᠶᠢᠭᠡᠮ ᠤᠨ ᠲᠦᠷᠦ ᠶᠢᠨ ᠪᠤᠳᠤᠯᠭ᠎ᠠ ᠰᠠᠭᠤᠷᠢ ᠪᠣᠯᠬᠤ ᠲᠠᠪᠤᠨ ᠶᠡᠭᠡ ᠲᠦᠷᠦ ᠶᠢᠨ ᠪᠤᠳᠤᠯᠭ᠎ᠠ ᠪᠠᠷ ᠲᠦᠰᠢᠭ ᠲᠤᠯᠭᠠᠭᠤᠷᠢ ᠪᠣᠯᠭᠠᠵᠤ᠂ ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠬᠡᠬᠦ᠂ ᠬᠥᠮᠥᠷᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠬᠦ  ᠂ ᠬᠦᠰᠢᠭᠦᠷᠭᠡ ᠶᠢ ᠦᠭᠡᠶᠢᠰᠬᠡᠬᠦ᠂ ᠥᠪᠡᠷ ᠤᠨ ᠥᠷᠲᠡᠭ ᠢ ᠪᠠᠭᠤᠷᠠᠭᠤᠯᠬᠤ᠂ ᠲᠤᠲᠠᠮᠠᠭ ᠵᠦᠢᠯ ᠢ ᠨᠥᠬᠦᠪᠥᠷᠢᠯᠡᠬᠦ ᠪᠠᠷ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠲᠠᠪᠤᠨ ᠶᠡᠭᠡ ᠡᠭᠦᠷᠭᠡ ᠪᠣᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠪᠤᠨ ᠲᠠᠯ᠎ᠠ ᠶᠢᠨ ᠥᠭᠡᠷᠡᠴᠢᠯᠡᠯᠲᠡ ᠎ ᠶᠢ ᠭᠦᠨᠵᠡᠭᠡᠶᠢᠷᠡᠭᠦᠯᠬᠦ ᠪᠠᠷ ᠭᠤᠣᠯᠳᠠᠯᠭ᠎ᠠ ᠪᠣᠯᠭᠠᠬᠤ ᠨᠢ ᠲᠥᠪ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠪᠦᠷᠢᠮᠦᠰᠦᠨ ᠨᠡᠶᠢᠴᠡᠬᠦ ᠶᠤᠮ ᠭᠡᠪᠡ᠃      ᠷᠧᠨ ᠶᠠ ᠫᠢᠩ ᠦᠵᠡᠭᠰᠡᠨ ᠨᠢ᠂ 1978 ᠣᠨ ᠳᠤ ᠬᠤᠳᠠ ᠶᠢᠨ ᠠᠵᠢᠯ ᠤᠨ ᠬᠤᠷᠠᠯ ᠢ ᠬᠤᠷᠠᠯᠳᠤᠭᠤᠯᠤᠭᠰᠠᠨ ᠠᠴᠠ ᠨᠠᠰᠢ᠂ ᠬᠤᠳᠠ ᠬᠥᠳᠡᠭᠡ ᠶᠢᠨ ᠪᠦᠲᠦᠴᠡ ᠯᠤᠲᠤ ᠶᠡᠭᠡ ᠬᠤᠪᠢᠷᠠᠯᠲᠠ ᠭᠠᠷᠴᠤ᠂ ᠬᠤᠲᠠ ᠪᠠᠯᠭᠠᠰᠤ ᠶᠢᠨ ᠰᠢᠰᠲ᠋ᠧᠮᠵᠢ ᠢᠳᠡᠭ ᠢᠳᠡᠭ ᠢᠶᠠᠷ ᠲᠡᠭᠦᠯᠳᠡᠷᠵᠢᠵᠦ᠂ ᠴᠢᠳᠠᠪᠬᠢ ᠨᠢ ᠡᠳᠦᠷ ᠢᠷᠡᠬᠦᠶ᠎ᠡ  ᠪᠦᠷᠢᠨᠰᠢᠵᠦ᠂ ᠶᠡᠭᠡ ᠬᠡᠮᠵᠢᠶᠡᠨ ᠤ ᠬᠥᠳᠡᠭᠡ ᠲᠣᠰᠬᠤᠨ ᠤ ᠬᠥᠮᠦᠨ ᠠᠮᠠ ᠬᠤᠳᠠ ᠶᠢᠨ ᠬᠠᠷᠠᠴᠤᠤᠯ ᠪᠤᠯᠵᠤ  ᠬᠤᠪᠢᠷᠠᠭᠰᠠᠨ ᠪᠣᠯᠪᠠᠴᠤ ᠤᠯᠠᠨ ᠨᠡᠶᠢᠲᠡ ᠶᠢᠨ ᠦᠢᠯᠡᠴᠢᠯᠡᠭᠡ ᠬᠤᠴᠣᠷᠤᠩᠭᠤᠢ ᠪᠠᠶᠢᠬᠤ ᠵᠡᠷᠭᠡ ︽ᠬᠤᠳᠠ ᠶᠢᠨ ᠡᠪᠡᠳᠴᠢᠨ︾᠎ ᠤ ᠠᠰᠠᠭᠤᠳᠠᠯ ᠴᠤ ᠠᠳᠠᠯᠢ ᠪᠤᠰᠤ ᠬᠡᠮᠵᠢᠶ᠎ᠡ ᠪᠠᠷ ᠢᠯᠡᠷᠡᠵᠡᠢ᠃ 37 ᠵᠢᠯ ᠤᠨ  ᠳᠠᠷᠠᠭ᠎ᠠ᠂ ᠲᠥᠪ ᠪᠣᠯᠣᠨ ᠥᠪᠡᠷᠲᠡᠭᠡᠨ ᠵᠠᠰᠠᠬᠤ ᠣᠷᠣᠨ ᠬᠤᠳᠠ ᠶᠢᠨ ᠠᠵᠢᠯ ᠤᠨ ᠬᠤᠷᠠᠯ ᠢ ᠵᠡᠯᠭᠠᠭᠠᠪᠡᠷ ᠬᠤᠷᠠᠯᠳᠤᠭᠤᠯᠵᠤ᠂ ᠬᠤᠳᠠ ᠶᠢᠨ ᠠᠵᠢᠯ ᠳᠠᠬᠢ ᠭᠤᠣᠯ ᠴᠥᠮ᠎ᠡ᠂ ᠲᠤᠲᠤᠭᠠᠳᠤ ᠠᠭᠤᠯᠬᠤᠨ ᠢ ᠴᠢᠬᠤᠯᠠᠴᠢᠯᠠᠪᠠ᠃ ᠪᠢᠳᠡ ᠵᠠᠪᠠᠯ ᠶᠡᠷᠦᠩᠬᠡᠶ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠶᠠᠪᠤᠴᠠ ᠳᠤ ᠬᠥᠮᠦᠨ ᠢᠶᠠᠷ ᠦᠨᠳᠦᠰᠦ ᠪᠣᠯᠭᠠᠵᠤ᠂ ᠬᠥᠮᠦᠰ ᠤᠨ ᠢᠳᠡᠵᠦ ᠡᠮᠦᠰᠬᠦ ᠶᠠᠪᠤᠵᠤ ᠰᠠᠭᠤᠬᠤ᠂ ᠲᠦᠷᠦᠵᠦ ᠦᠲᠡᠯᠬᠦ ᠡᠪᠡᠳᠴᠢᠯᠡᠵᠦ ᠦᠬᠦᠬᠦ᠂ ᠠᠮᠤᠷ ᠲᠠᠶᠢᠪᠤᠩ ᠠᠵᠤ ᠲᠦᠷᠦᠭᠦ ᠵᠡᠷᠭᠡ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃      ᠷᠧᠨ ᠶᠠ ᠫᠢᠩ ᠴᠢᠬᠤᠯᠠᠴᠢᠯᠠᠬᠰᠠᠨ ᠨᠢ᠂ ᠪᠦᠬᠦ ᠤᠷᠤᠨ ᠤ ᠡᠯ᠎ᠠ ᠱᠠᠲᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠵᠢᠯᠲᠠᠳ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠤᠯᠤᠰ ᠪᠤᠯᠤᠨ ᠦᠪᠡᠷᠲᠡᠭᠡᠨ ᠵᠠᠰᠬᠠᠤ ᠤᠷᠤᠨ ᠤ ᠭᠤᠤᠯ ᠠᠵᠢᠯ ᠪᠤᠯᠤᠨ ᠭᠤᠤᠯᠲᠠᠯᠭ᠎ᠠ ᠲᠠᠢ ᠡᠭᠦᠷᠭᠡ ᠶᠢ ᠤᠨᠤᠪᠴᠢᠲᠠᠢ ᠡᠵᠡᠮᠰᠢᠵᠦ᠂ ᠴᠢᠲᠠᠪᠤᠷᠢᠲᠠᠨ ᠲᠦᠪᠯᠡᠷᠡᠭᠰᠡᠨ ᠲᠠᠪᠠᠭᠤᠯᠢᠬ ᠢᠶᠠᠨ ᠪᠠᠲᠠᠷᠠᠭᠤᠯᠤᠨ᠂ ᠡᠯ᠎ᠡ ᠵᠦᠢᠯ ᠤᠨ ᠲᠤᠰᠢᠶᠠᠯ ᠢᠶᠠᠨ ᠬᠦᠢᠴᠡᠳᠬᠡᠬᠦ ᠠᠷᠭ᠎ᠠ ᠵᠠᠮ᠂ ᠠᠷᠭ᠎ᠠ ᠬᠡᠯᠪᠡᠷᠢ ᠶᠢ ᠬᠦᠢᠴᠡᠳ ᠠᠰᠢᠬᠯᠠᠵᠦ᠂ ᠰᠠᠨᠠᠯ ᠰᠠᠨᠠᠭᠤᠯᠭ᠎ᠠ ᠳᠣᠷᠠᠳᠣᠨ ᠠᠷᠭ᠎ᠠ ᠪᠤᠳᠤᠯᠭ᠎ᠠ ᠪᠠᠨ ᠲᠡᠪᠰᠢᠭᠦᠯᠦᠨ᠂ ᠬᠠᠮᠲᠦ ᠶᠢᠨ ᠲᠠᠨᠢᠯᠲᠠ ᠪᠠᠨ ᠨᠢᠭᠡᠳᠬᠡᠵᠦ᠂ ᠨᠡᠶᠢᠯᠡᠯ ᠬᠦᠴᠦᠨ ᠢ ᠪᠦᠷᠢᠯᠳᠦᠭᠦᠯᠦᠨ᠂ ᠦᠪᠡᠷᠲᠡᠭᠡᠨ ᠵᠠᠰᠬᠠᠤ ᠤᠷᠤᠨ ᠤ ᠠᠵᠦ ᠠᠬᠤᠢ ᠨᠡᠶᠢᠭᠡᠮ ᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ ᠬᠡᠵᠡᠢ᠃ ᠷᠧᠨ ᠶᠠ ᠫᠢᠩ ᠱᠠᠭᠠᠷᠲᠠᠬᠰᠠᠨ ᠨᠢ᠂ ᠪᠠᠶᠢᠭᠤᠯᠭ᠎ᠠ ᠶᠢᠨ ᠪᠦᠬᠦ ᠨᠦᠬᠦᠳ ᠪᠦᠬᠦ ᠬᠦᠴᠦᠨ  ᠢᠶᠠᠷ ᠢᠶᠠᠨ ᠨᠢᠮᠪᠠᠢ ᠲᠦᠯᠦᠪᠵᠢᠭᠦᠯᠵᠦ᠂ ᠤᠯᠤᠰ ᠲᠦᠷᠦ ᠶᠢᠨ ᠵᠦᠪᠯᠡᠯᠭᠡᠨ ᠤ ᠠᠷᠪᠠᠨ ᠨᠢᠭᠡᠲᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ᠂ ᠲᠦᠷᠪᠡᠲᠦᠭᠡᠷ ᠪᠦᠬᠦᠲᠡ ᠬᠤᠷᠠᠯ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠎ ᠠᠴᠠ ᠬᠤᠷᠠᠯᠳᠤᠭᠤᠯᠬᠤ ᠭᠡᠵᠦ ᠪᠠᠶᠢᠭ᠎ᠠ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠤᠨ ᠪᠡᠯᠡᠳᠬᠡᠯ ᠠᠵᠢᠯ ᠢ ᠰᠠᠶᠢᠲᠦᠷ ᠬᠢᠬᠦ ᠬᠡᠷᠡᠭᠲᠡᠢ᠃ ᠤᠯᠤᠰ ᠲᠦᠷᠦ ᠶᠢᠨ ᠵᠦᠪᠯᠡᠯᠭᠡᠨ ᠤ ᠠᠯᠪᠠᠨ ᠲᠢᠩᠬᠢᠮ ᠪᠤᠯᠤᠨ ᠡᠯ᠎ᠠ ᠲᠤᠰᠬᠠᠢ ᠵᠦᠪᠯᠡᠯ 2016 ᠤᠨ ᠤ ᠠᠵᠢᠯ ᠢᠶᠠᠨ ᠪᠣᠳᠣᠯᠬᠢᠯᠠᠬᠤ ᠳᠠᠭᠠᠨ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠰᠡᠳᠬᠢᠴᠡ ᠪᠠᠨ ᠨᠡᠭᠡᠭᠡᠵᠦ᠂ ᠰᠢᠨ᠎ᠡ ᠶᠢ ᠡᠭᠦᠳᠬᠦ ᠲᠡᠭᠡᠷ᠎ᠡ ᠬᠦᠴᠦ ᠲᠠᠯᠪᠢᠵᠦ᠂ ᠬᠡᠷᠡᠭᠴᠡᠭᠡ ᠲᠠᠢ ᠦᠶ᠎ᠡ ᠳᠤᠨᠢ ᠤᠯᠤᠰ ᠲᠦᠷᠦ ᠶᠢᠨ ᠵᠦᠪᠯᠡᠯᠭᠡᠨ ᠤ ᠲᠤᠰᠢᠶᠠᠯ ᠢᠶᠠᠨ ᠬᠦᠢᠴᠡᠳᠬᠡᠨ ᠰᠠᠨᠠᠯ ᠰᠠᠨᠠᠭᠤᠯᠭ᠎ᠠ ᠪᠠᠨ ᠳᠣᠷᠠᠳᠬᠤ ᠶᠢ ᠪᠠᠲᠤᠯᠠᠵᠦ᠂ ᠲᠦᠷᠦ ᠶᠢᠨ ᠶᠠᠪᠤᠲᠠᠯ ᠢ ᠵᠥᠪᠯᠡᠬᠦ ᠳᠡᠭᠡᠨ ᠭᠤᠤᠯᠲᠠᠯᠭ᠎ᠠ ᠶᠢ ᠠᠳᠬᠤᠨ᠂ ᠬᠢᠨᠠᠯᠲᠠ ᠲᠠᠯᠪᠢᠬᠤ ᠲᠠᠭᠠᠨ ᠵᠠᠩᠬᠢᠯᠠᠭ᠎ᠠ ᠶᠢ ᠠᠳᠬᠤᠬᠤ ᠬᠡᠷᠡᠭᠲᠡᠢ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号