ᠯᠢ ᠫᠧᠩ ᠰᠢᠨ᠄  ᠴᠢᠩᠭ᠎ᠠ ᠱᠠᠭᠠᠷᠳᠠᠯᠭ᠎ᠠ ᠪᠣᠳᠠᠲᠠᠢ ᠰᠤᠷᠲᠠᠯ ᠢᠶᠠᠷ ︽᠎ 13·5︾᠎ ᠶᠢᠨ ᠡᠬᠢᠯᠡᠯᠲᠡ ᠶᠢᠨ ᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2016/1/6
     1 ᠳ᠋ᠦ᠋ᠭᠡᠷ ᠰᠠᠷ᠎ᠠ ᠶᠢᠨ 4᠎ ᠤ ᠡᠳᠦᠷ ᠠᠴᠠ 5᠎ ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠧᠩ ᠰᠢᠨ ᠬᠢᠩᠭᠠᠨ ᠠᠶᠢᠮᠠᠭ ᠪᠠ ᠶᠠᠳᠠᠭᠤ ᠶᠢ ᠲᠡᠳᠬᠦᠬᠦ ᠬᠠᠷᠢᠯᠴᠠᠬᠤ ᠴᠢᠭ᠋ ᠪᠣᠯᠬᠤ ᠵᠠᠯᠠᠶᠢᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠬᠤ ᠶᠢ ᠴᠢᠬᠤᠯᠠᠴᠢᠯᠠᠵᠤ᠂ ᠲᠣᠬᠢᠶᠠᠯ ᠢ ᠠᠳᠬᠤᠬᠤ ᠂ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡ ᠲᠤᠰᠢᠶᠠᠯ ᠤᠨ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠴᠢᠩᠭ᠎ᠠ ᠱᠠᠭᠠᠷᠳᠠᠯᠭ᠎ᠠ ᠪᠣᠳᠠᠲᠠᠢ ᠰᠤᠷᠲᠠᠯ ᠢᠶᠠᠷ ︽᠎ 13·5︾᠎ ᠶᠢᠨ ᠡᠬᠢᠯᠡᠯᠲᠡ ᠵᠢᠯ ᠤᠨ ᠡᠯ᠎ᠡ ᠲᠥᠷᠥᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃      ᠯᠢ ᠫᠧᠩ ᠰᠢᠨ ᠴᠢᠬᠤᠯᠠᠴᠢᠯᠠᠭᠰᠠᠨ ᠨᠢ᠂ ᠵᠠᠯᠠᠶᠢᠳ ᠬᠤᠰᠢᠭᠤᠨ ᠤ ᠪᠦᠬᠦ ᠴᠣᠭᠴᠠ ᠪᠠᠷ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠳᠤ ᠲᠤᠰᠢᠶᠠᠭᠰᠠᠨ ᠤᠯᠤᠰ ᠲᠥᠷᠥ ᠶᠢᠨ ᠡᠭᠦᠷᠭᠡ ᠪᠣᠯᠬᠤ ᠪᠠᠷ ᠪᠠᠷᠠᠬᠤ ᠦᠭᠡᠢ᠂ ᠪᠠᠰᠠ ᠴᠦ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠬᠠᠷᠢᠭᠤᠴᠠᠯᠭ᠎ᠠ ᠮᠥᠨ᠃ ᠣᠳᠣᠬᠠᠨ ᠳᠤ᠂ ᠵᠠᠯᠠᠶᠢᠳ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠂ ᠭᠡᠪᠡᠴᠦ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠡᠭᠦᠷᠭᠡ ᠮᠥᠨ ᠯᠡ ᠬᠠᠲᠠᠭᠤ ᠪᠡᠷᠬᠡ ᠪᠠᠶᠢᠵᠤ᠂ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠨᠣᠪᠴᠢᠲᠠᠢ ᠶᠠᠳᠠᠭᠤ ᠶᠢ ᠲᠡᠳᠬᠦᠵᠦ ᠣᠨᠣᠪᠴᠢᠲᠠᠢ ᠶᠠᠳᠠᠭᠤ ᠠᠴᠠ ᠠᠩᠭᠢᠵᠢᠷᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠲᠥᠯᠥᠪᠵᠢᠭᠦᠯᠭᠡ ᠲᠣᠰᠬᠤᠨ ᠳᠤ ᠬᠦᠷᠬᠦ ᠡᠷᠦᠬᠡ ᠳᠤ ᠬᠦᠷᠬᠦ᠂ ᠲᠥᠷᠥᠯ ᠵᠦᠢᠯ ᠲᠤᠰᠬᠤᠨ ᠳᠤ ᠬᠦᠷᠬᠦ ᠡᠷᠦᠬᠡ ᠳᠤ ᠬᠦᠷᠬᠦ᠂ ᠺᠠᠳ᠋ᠷ ᠲᠤᠰᠬᠤᠨ ᠳᠤ ᠬᠦᠷᠬᠦ ᠡᠷᠦᠬᠡ ᠳᠤ ᠬᠦᠷᠬᠦ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠠᠳᠬᠤᠬᠤ︾ ᠡᠭᠦᠷᠭᠡ ᠶᠢ ᠦᠨᠡᠨ ᠬᠦ ᠪᠤᠳᠠᠲᠠᠢ ᠳᠤ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠪᠤᠯᠠᠭᠠᠨ ᠢ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠢᠶᠠᠷ ᠲᠣᠭᠲᠠᠭᠤᠨ ᠠᠯᠬᠤᠬᠤ ᠶᠢ ᠪᠠᠲᠤᠯᠠᠬᠤ ᠬᠡᠷᠡᠭᠲᠡᠢ ᠭᠡᠪᠡ᠃ ᠯᠢ ᠫᠧᠩ ᠰᠢᠨ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠦᠮᠡᠨ ᠺᠠᠳ᠋ᠷ ᠤᠨ ᠬᠥᠳᠡᠭᠡ ᠪᠠᠭᠤᠵᠤ ᠲᠣᠰᠬᠤᠨ ᠳᠤ ᠰᠠᠭᠤᠬᠤ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠪᠠ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠡᠨᠡ ᠬᠦ ᠭᠤᠷᠪᠠᠨ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠦᠨᠳᠦᠰᠦᠨ ᠱᠠᠲᠤᠨ ᠳᠤ ᠡᠯ᠎ᠡ ᠲᠠᠯ᠎ᠠ ᠶᠢᠨ ᠳᠡᠮᠵᠢᠯᠭᠡ ᠶᠢ ᠬᠠᠪᠰᠤᠷᠤᠨ ᠣᠯᠭᠤᠬᠤ ᠪᠠᠷ ᠴᠢᠷᠮᠠᠶᠢᠵᠤ᠂ ᠪᠣᠳᠠᠲᠠᠢ ᠬᠦᠴᠢᠷᠳᠡᠯ ᠢ ᠨᠢ ᠬᠠᠮᠵᠢᠨ ᠰᠢᠢᠳᠪᠦᠷᠢᠯᠡᠬᠦ ᠬᠡᠷᠡᠭᠲᠡᠢ︔ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠭᠤᠣᠯ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ︔ ᠨᠠᠮ ᠢ ᠪᠦᠬᠦ ᠲᠠᠯ᠎ᠠ ᠪᠠᠷ ᠴᠢᠩᠭ᠎ᠠ ᠱᠠᠭᠠᠷᠳᠠᠬᠤ ᠶᠢ ᠬᠢᠨᠠᠮᠠᠭᠠᠢ ᠲᠤᠤᠱᠯᠠᠭᠤᠯᠵᠤ᠂ ᠲᠤᠰ ᠵᠢᠯ ᠤᠨ ᠡᠭᠦᠷᠭᠡ ᠪᠠᠨ ᠪᠡᠶᠡᠯᠡᠭᠦᠯᠬᠦ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠬᠤ ᠬᠡᠷᠡᠭᠲᠡᠢ︔ ︽ᠭᠤᠷᠪᠠᠨ ᠴᠢᠩᠭ᠎ᠠ ᠭᠤᠷᠪᠠᠨ ᠪᠤᠳᠠᠲᠠᠢ︾ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠵᠦ᠂ 2016 ᠣᠨ ᠤ ᠠᠵᠢᠯ ᠢᠶᠠᠨ ᠰᠠᠶᠢᠲᠤᠷ ᠲᠥᠯᠥᠪᠯᠡᠨ᠂ ︽᠎ 13·5︾᠎ ᠶᠢᠨ ᠲᠥᠯᠥᠪᠯᠡᠭᠡ ᠪᠠᠨ ᠰᠠᠶᠢᠲᠤᠷ ᠡᠬᠢᠯᠡᠭᠦᠯᠦᠨ᠂ ᠰᠠᠶᠢᠲᠤᠷ ᠠᠯᠬᠤᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号