ᠦᠪᠦᠷ ᠮᠣᠩᠭᠤᠯ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠠᠪᠴᠤ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠭᠦᠦ ᠬᠠᠳᠠᠭᠠᠯᠠᠮᠵᠢ ᠶᠢ ᠦᠭᠡᠶᠢᠰᠬᠡᠵᠦ ᠪᠠᠶᠢᠨ᠎ᠠ
ᠨᠡᠶᠢᠲᠡᠯᠡᠭᠰᠡᠨ ᠴᠠᠭ᠄
2016/1/6
      ᠬᠤᠶᠢᠰᠢᠳᠠ ᠶᠢᠨ ᠨᠢᠭᠡ ᠬᠤᠭᠤᠴᠠᠭᠠᠨ ᠳᠤ ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠮᠵᠢ ᠶᠢ ᠦᠭᠡᠶᠢᠰᠬᠡᠬᠦ ᠪᠠᠷ ᠪᠠᠶᠢᠨ᠎ᠠ᠃ ᠡᠮᠦᠨᠡᠬᠢ ᠬᠤᠭᠤᠴᠠᠭᠠᠨ ᠤ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠬᠡᠪᠴᠢᠶ᠎ᠡ ᠬᠡᠲᠦᠷᠬᠡᠶ ᠶᠡᠭᠡ ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠦᠷᠭᠦᠯᠵᠢᠯᠡᠨ ᠮᠠᠭᠤᠲᠠᠬᠤ ᠵᠡᠷᠭᠡ ᠬᠦᠴᠣᠠ ᠵᠦᠢᠯ ᠤᠨ ᠨᠥᠯᠥᠭᠡᠯᠡᠯ ᠠᠴᠠ ᠪᠤᠯᠵᠤ᠂ ᠣᠳᠣᠬᠠᠨ ᠳᠤ᠂ ᠥᠪᠥᠷ ᠮᠣᠩᠭᠤᠯ ᠤᠨ ᠴᠥᠭᠡᠨ ᠪᠤᠰᠤ ᠬᠤᠲᠠ ᠶᠢᠨ ᠭᠡᠷ ᠪᠠᠶᠢᠰᠢᠩ ᠭᠠᠵᠠᠷ ᠬᠦᠷᠦᠩᠭᠡ ᠶᠢᠨ ᠬᠠᠳᠠᠭᠠᠯᠠᠮᠵᠢ ᠨᠢ ᠨᠡᠯᠢᠶᠡᠳ ᠶᠡᠭᠡ ᠪᠠᠶᠢᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠠᠷᠢᠯᠭᠠᠬᠤ ᠶᠢᠨ ᠲᠤᠰᠠᠳᠠ᠂ ᠬᠤᠶᠢᠰᠢᠳᠠ ᠶᠢᠨ ᠨᠢᠭᠡ ᠬᠤᠭᠤᠴᠠᠭᠠᠨ ᠳᠤ ᠥᠪᠥᠷ ᠮᠣᠩᠭᠤᠯ ᠠᠴᠠ ᠳᠥᠭᠦᠮ ᠪᠦᠳᠦᠭᠦᠯᠢᠭ ᠣᠷᠣᠨ ᠰᠠᠭᠤᠴᠠ ᠶᠢᠨ ᠦᠭᠡᠷᠡᠴᠢᠯᠡᠯᠲᠡ ᠳᠠᠬᠢ ᠵᠤᠭᠤᠰᠴᠢᠯᠠᠨ ᠲᠥᠪᠬᠢᠨᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠪᠠᠷᠤᠭ 2016 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ 22 ᠲᠦᠮᠨ ᠠᠴᠠ ᠳᠡᠭᠡᠭᠰᠢ ᠳᠥᠭᠦᠮ ᠪᠦᠳᠦᠭᠦᠯᠢᠭ ᠣᠷᠣᠨ ᠰᠠᠭᠤᠴᠠᠳᠤ ᠡᠷᠦᠬᠡ ᠶᠢ ᠰᠢᠨᠡᠳᠬᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ ᠡᠭᠦᠨ ᠤ ᠳᠣᠲᠣᠷ᠎ᠠ ᠵᠤᠭᠤᠰᠴᠢᠯᠠᠨ ᠲᠥᠪᠬᠢᠨᠡᠭᠦᠯᠬᠦ ᠬᠠᠷᠢᠴᠠᠯ ᠢ 50%᠎ ᠠᠴᠠ ᠳᠡᠭᠡᠭᠰᠢᠬᠢ ᠳᠤ ᠬᠦᠷᠦᠭᠦᠯᠬᠦ ᠪᠠᠷ ᠲᠦᠯᠦᠪᠯᠡᠵᠦ ᠪᠣᠢ᠃ ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ ᠭᠠᠵᠠᠷ ᠤᠨ ᠬᠤᠳᠠᠯᠳᠤᠨ ᠠᠪᠬᠤ ᠶᠢ ᠬᠢᠵᠠᠭᠠᠷᠯᠠᠬᠤ ᠵᠡᠷᠭᠡ ᠲᠦᠷᠦ ᠶᠢᠨ ᠪᠤᠳᠤᠯᠭ᠎ᠠ ᠶᠢ ᠬᠦᠴᠦᠨ ᠦᠭᠡᠢ ᠪᠣᠯᠭᠠᠵᠤ᠂ ᠣᠷᠣᠨ ᠰᠠᠭᠤᠴᠠ ᠶᠢᠨ ᠵᠠᠶᠢᠯᠠᠰᠢ ᠦᠭᠡᠶ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠶ ᠬᠡᠷᠡᠭᠴᠡᠭᠡ ᠶᠢ ᠰᠤᠯᠠᠯᠠᠨ᠎ᠠ︔ ᠬᠠᠳᠠᠭᠠᠯᠠᠭᠳᠠᠭᠰᠠᠨ ᠲᠠᠸᠠᠷ ᠤᠨ ᠭᠡᠷ ᠪᠠᠶᠢᠰᠢᠩ ᠢ ᠠᠯᠪᠠᠨ ᠠᠴᠠ ᠲᠦᠷᠢᠶᠡᠰᠦᠯᠡᠭᠦᠯᠬᠦ ᠭᠡᠷ ᠪᠠᠶᠢᠰᠢᠩ ᠪᠣᠶᠤ ᠪᠤᠴᠠᠭᠠᠨ ᠨᠡᠭᠦᠯᠭᠡᠬᠦ ᠭᠡᠷ ᠪᠠᠶᠢᠰᠢᠩ ᠪᠣᠯᠭᠠᠨ ᠬᠤᠪᠢᠷᠠᠭᠤᠯᠬᠤ ᠲᠥᠷᠦ ᠶᠢᠨ ᠪᠣᠳᠤᠯᠭ᠎ᠠ ᠶᠢ ᠬᠡᠷᠡᠭᠵᠢᠭᠦᠯᠵᠦ᠂ ᠭᠡᠷ ᠪᠠᠶᠢᠰᠢᠩ ᠠᠷᠠᠯᠵᠢᠶᠠᠯᠠᠬᠤ ᠭᠠᠶᠢᠯᠢ ᠰᠦᠢᠳᠬᠡᠯ ᠢ ᠳᠣᠷᠤᠭᠰᠢᠯᠠᠭᠤᠯᠤᠨ᠂ ᠳᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠶᠠᠪᠤᠭᠤᠯᠬᠤ ᠣᠷᠣᠨ ᠰᠠᠭᠤᠴᠠ ᠶᠢᠨ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠠᠰᠤᠵᠢᠯ ᠤᠨ ᠠᠰᠠᠷᠠᠮᠵᠢ᠂ ᠰᠣᠶᠣᠯ ᠪᠣᠯᠪᠠᠰᠤᠷᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠡᠷᠭᠡ ᠬᠡᠯᠪᠡᠷᠢ ᠶᠢᠨ ᠭᠡᠷ ᠪᠠᠶᠢᠰᠢᠩ ᠭᠠᠵᠠᠷ ᠬᠦᠷᠥᠩᠭᠡ ᠶᠢᠨ ᠲᠦᠷᠦᠯ ᠵᠦᠢᠯ ᠳᠤ ᠨᠡᠬᠡᠬᠡᠯᠲᠡ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠰᠠ ᠮᠠᠯᠴᠢᠨ ᠲᠠᠷᠢᠶᠠᠴᠢᠳ ᠬᠤᠳᠠ ᠣᠷᠣᠵᠤ ᠭᠡᠷ ᠪᠠᠶᠢᠰᠢᠩ ᠬᠤᠳᠠᠯᠳᠤᠨ ᠠᠪᠬᠤ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠪᠠᠷ ᠳᠡᠮᠵᠢᠬᠦ ᠲᠦᠷᠦ ᠶᠢᠨ ᠪᠤᠳᠤᠯᠭ᠎ᠠ ᠶᠢ ᠰᠣᠳᠤᠯᠤᠨ᠂ ᠭᠠᠵᠠᠷ ᠰᠢᠷᠣᠶ᠂ ᠡᠪᠡᠰᠦ ᠪᠡᠯᠴᠢᠭᠡᠷ᠂ ᠤᠢ ᠮᠣᠳᠣᠨ ᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡ ᠵᠢᠴᠢ ᠣᠷᠣᠨ ᠰᠠᠭᠤᠴᠠ ᠶᠢᠨ ᠭᠠᠵᠠᠷ ᠢᠶᠠᠷ ᠪᠠᠷᠢᠴᠠᠭᠠᠯᠠᠬᠤ ᠳᠠᠭᠠᠭᠠᠯᠲᠠ ᠶᠢ ᠰᠦᠪᠡᠭᠴᠢᠯᠡᠨ ᠦᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠠᠷᠢᠶᠠᠴᠢᠨ ᠮᠠᠯᠴᠢᠳ ᠲᠤ ᠭᠡᠷ ᠪᠠᠶᠢᠰᠢᠩ ᠬᠤᠳᠠᠯᠳᠤᠨ ᠠᠪᠬᠤ ᠵᠢᠭᠡᠯᠡᠯᠭᠡ ᠣᠯᠭᠤᠬᠤ ᠶᠢ ᠵᠣᠷᠢᠭᠵᠢᠭᠤᠯᠬᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号