2016 ᠣᠨ ᠳᠤ ᠥᠪᠥᠷ ᠮᠣᠩᠭᠤᠯ ︽ᠲᠠᠷᠢᠶᠠᠯᠡᠭ᠂ ᠲᠠᠷᠢᠶᠠᠯᠠᠬᠤ ᠣᠷᠣᠨ᠂ ᠲᠠᠷᠢᠶᠠᠴᠢᠨ᠂ ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ︾᠎ ᠤ 8 ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2016/1/6
     ︽13.5︾᠎ ᠶᠢᠨ ᠬᠤᠭᠤᠴᠠᠭᠠᠨ ᠳᠤ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠤᠯᠭᠠᠷᠠᠵᠤ ᠪᠠᠶᠢᠭ᠎ᠠ ᠪᠠᠶᠢᠳᠠᠯ ᠨᠡᠯᠢᠶᠡᠳ ᠪᠤᠳᠤᠯᠢᠶᠠᠨᠲᠠᠶ ᠪᠣᠯᠪᠠᠴᠤ ᠶᠡᠷᠦᠩᠬᠡᠶ ᠳᠤᠨᠢ ᠠᠪᠴᠤ ᠦᠵᠡᠪᠡᠯ ᠠᠵᠠ ᠲᠣᠬᠢᠶᠠᠯ ᠨᠢ ᠥᠷᠢᠰᠥᠯᠳᠦᠭᠡᠨ ᠠᠴᠠ ᠶᠡᠭᠡ ᠪᠠᠶᠢᠵᠤ᠂ ᠠᠰᠢᠭᠲᠠᠶ ᠬᠦᠴᠦᠨ ᠵᠦᠢᠯ ᠨᠢ ᠠᠰᠢᠭ ᠦᠭᠡᠢ ᠬᠦᠴᠦᠨ ᠵᠦᠢᠯ ᠠᠴᠠ ᠢᠯᠡᠭᠦᠦ ᠪᠠᠶᠢᠪᠠ᠃      ᠬᠥᠸᠧ ᠵᠢᠶᠠᠨ ᠠᠴᠠ᠂ ︽12.5︾᠎ ᠶᠢᠨ ᠬᠤᠭᠤᠴᠠᠭ᠎ᠠ ᠪᠣᠯ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠬᠠᠮᠤᠭ ᠤᠨ ᠲᠦᠷᠭᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠤᠨ ᠨᠡᠮᠡᠭᠳᠡᠯ ᠬᠠᠮᠤᠭ ᠤᠨ ᠶᠡᠭᠡ᠂ ᠲᠠᠷᠢᠶᠠᠯᠠᠩ ᠮᠠᠯ ᠠᠵᠤ ᠠᠬᠤᠶ ᠶᠢᠨ ᠥᠭᠡᠷᠡᠴᠢᠯᠡᠯᠲᠡ ᠬᠠᠮᠤᠭ ᠤᠨ ᠲᠣᠪᠤᠶᠢᠮ᠎ᠠ ᠪᠣᠯᠬᠤ ᠲᠠᠪᠤᠨ ᠵᠢᠯ ᠪᠣᠯᠤᠨ᠎ᠠ᠃ ᠭᠡᠪᠡᠴᠦ᠂ ᠡᠨᠡ ᠬᠦ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠦᠷᠭᠦᠯᠵᠢᠯᠡᠨ ᠡᠯᠪᠡᠭ ᠬᠤᠷᠢᠶᠠᠯᠲᠠ ᠣᠯᠤᠭᠰᠠᠨ ᠤ ᠳᠠᠷᠠᠭ᠎ᠠ ᠣᠷᠣᠰᠢᠵᠤ ᠪᠠᠶᠢᠭ᠎ᠠ ᠡᠳᠦᠶ ᠲᠡᠳᠦᠶ ᠠᠰᠠᠭᠤᠳᠠᠯ ᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ᠂ ᠦᠢᠯᠡᠳᠪᠦᠷᠢᠯᠡᠯ ᠤᠨ ᠥᠪᠡᠷ ᠤᠨ ᠦᠷᠳᠡᠭ ᠤᠨ ᠨᠡᠮᠡᠭᠳᠡᠯ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠵᠦ᠂ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢᠨ ᠭᠠᠷᠬᠤ ᠵᠠᠮ ᠤᠯᠠᠮ ᠢᠯᠡᠭᠦᠦ ᠢᠪᠴᠤᠭᠦᠷᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠤ ᠠᠴᠢᠶᠠᠯᠠᠬᠤ ᠴᠢᠳᠠᠪᠤᠷᠢ ᠬᠠᠮᠤᠭ ᠥᠨᠳᠥᠷ ᠬᠡᠮᠵᠢᠶᠡᠨ ᠳᠤ ᠨᠢᠭᠡᠨᠲᠡ ᠬᠦᠷᠦᠭᠰᠡᠨ ᠪᠤᠶᠤ ᠣᠶᠢᠷᠠᠳᠤᠵᠤ᠂ ︽ᠬᠡᠨ ᠲᠠᠷᠢᠶ᠎ᠠ ᠲᠠᠷᠢᠵᠤ ᠮᠠᠯ ᠮᠠᠯᠵᠢᠬᠤ ᠪᠣᠢ︾ ︽ᠬᠡᠷᠬᠢᠨ ᠲᠠᠷᠢᠶ᠎ᠠ ᠲᠠᠷᠢᠵᠤ ᠮᠠᠯ ᠮᠠᠯᠵᠢᠬᠤ ᠪᠣᠢ︾ ᠭᠡᠬᠦ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠣᠯᠪᠠ ᠭᠡᠵᠦ ᠦᠵᠡᠪᠡ᠃      ᠬᠥᠸᠧ ᠵᠢᠶᠠᠨ ᠬᠡᠯᠡᠭᠰᠡᠨ ᠨᠢ᠂ ︽ᠡᠨᠡ ᠵᠢᠯ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠶᠡᠷᠦᠩᠬᠡᠶ ᠱᠠᠭᠠᠷᠳᠠᠯᠭ᠎ᠠ ᠪᠣᠯᠣᠨ ᠭᠤᠣᠯ ᠡᠭᠦᠷᠭᠡ ᠲᠠᠢ ᠤᠶᠠᠯᠳᠤᠭᠤᠯᠤᠨ᠂ ᠨᠢᠭᠡ ᠪᠥᠰᠡ ᠨᠢᠭᠡ ᠵᠠᠮ ᠢ ᠬᠡᠷᠡᠭᠵᠢᠭᠦᠯᠬᠦ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠮᠠᠨᠳᠤᠭᠤᠯᠬᠤ᠂ ᠭᠤᠣᠯ ᠴᠣᠭᠴᠠ ᠶᠢᠨ ᠴᠢᠳᠠᠪᠬᠢᠲᠤ ᠣᠷᠣᠨ ᠢ ᠬᠥᠭᠵᠢᠭᠦᠯᠬᠦ ᠤᠯᠤᠰ ᠤᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠳᠬᠤᠵᠤ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦ ᠪᠣᠯᠭᠠᠬᠤ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠲᠣᠭᠠᠨ ᠬᠡᠮᠵᠢᠶ᠎ᠡ ᠶᠢ ᠨᠡᠮᠡᠭᠳᠡᠭᠦᠯᠬᠦ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠲᠤᠭ᠎ᠠ ᠬᠡᠮᠵᠢᠶ᠎ᠡ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠴᠢᠬᠤᠯᠠᠴᠢᠯᠠᠬᠤ ᠪᠣᠯᠭᠠᠨ ᠬᠤᠪᠢᠷᠠᠭᠤᠯᠵᠤ᠂ ᠡᠬᠢ ᠪᠠᠶᠠᠯᠢᠭ ᠪᠣᠳᠠᠰ ᠤᠨ ᠣᠷᠣᠭᠤᠯᠤᠯᠲᠠ ᠶᠢ ᠲᠦᠰᠢᠭᠯᠡᠬᠦ ᠪᠠᠷ ᠭᠤᠣᠯ ᠪᠣᠯᠭᠠᠵᠤ ᠪᠠᠶᠢᠭᠰᠠᠨ ᠠᠴᠠ ᠪᠠᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠣᠨ ᠬᠥᠳᠡᠯᠮᠦᠷᠢᠴᠢᠳ ᠤᠨ ᠬᠡᠪ ᠴᠢᠨᠠᠷ ᠤᠨ ᠳᠡᠭᠡᠭᠰᠢᠯᠡᠯᠲᠡ ᠶᠢ ᠲᠦᠰᠢᠭᠯᠡᠬᠦ ᠪᠣᠯᠭᠠᠨ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠦᠨᠡᠨ ᠬᠦ ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠥᠷᠭᠦᠯᠵᠢᠯᠡᠨ ᠬᠥᠭᠵᠢᠬᠦ ᠶᠢ ᠠᠬᠢᠭᠤᠯᠤᠨ᠂ ᠮᠠᠨ ᠤ ᠣᠷᠣᠨ ᠢ ᠤᠯᠤᠰ ᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠴᠢᠬᠤᠯᠡ ᠰᠠᠭᠤᠷᠢᠨ ᠭᠠᠵᠠᠷ ᠪᠣᠯᠣᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠬᠠᠯᠬᠠᠪᠴᠢ ᠪᠣᠯᠭᠠᠨ ᠪᠥᠲᠦᠭᠡᠨ ᠪᠠᠶᠢᠭᠤᠯᠬᠤ ᠪᠠᠷ  ᠴᠢᠷᠮᠠᠶᠢᠬᠤ ᠬᠡᠷᠡᠭᠲᠡᠢ᠃ ᠪᠣᠳᠠᠲᠠᠶ ᠪᠠᠷ ᠬᠡᠯᠡᠪᠡᠯ᠂ ᠳᠣᠣᠷᠠᠬᠢ ᠨᠠᠢᠮᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠶ᠃︾      ᠨᠢᠭᠡᠳᠦᠭᠡᠷ ᠲᠤ᠂ ᠠᠮᠤ ᠪᠤᠳᠠᠭᠠᠨ ᠤ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠶ᠃ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ 550 ᠳ᠋ᠦᠡᠭᠰᠢᠭᠤᠷ ᠵᠢᠩ ᠠᠴᠠ ᠳᠡᠭᠡᠭᠰᠢ ᠲᠣᠭᠲᠠᠪᠤᠷᠢᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠳᠤᠭᠠᠷ ᠲᠤ᠂ ᠮᠠᠯ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ︽ᠬᠤᠨᠢᠨ ᠤ ᠲᠤᠭ᠎ᠠ ᠲᠣᠯᠣᠭᠠᠢ ᠶᠢ ᠪᠠᠲᠤᠯᠠᠵᠤ ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠶᠡᠬᠡᠪᠡᠷ ᠬᠥᠭᠵᠢᠭᠦᠯᠵᠦ᠂ ᠠᠯᠠᠰᠢᠨ ᠦᠬᠡᠷ ᠢ ᠣᠳᠣᠬᠠᠨ ᠤ 800 ᠲᠥᠮᠨ ᠠᠴᠠ 1000 ᠲᠥᠮᠨ ᠪᠣᠯᠭᠠᠨ ᠦᠷᠡᠵᠢᠭᠦᠯᠵᠦ᠂ ᠮᠠᠯ ᠤᠨ ᠶᠡᠷᠦᠩᠬᠡᠶ ᠲᠤᠭ᠎ᠠ ᠲᠣᠯᠣᠭᠠᠢ ᠶᠢ 1.3 ᠳ᠋ᠦᠩᠰᠢᠭᠤᠷ ᠠᠴᠠ ᠳᠡᠭᠡᠭᠰᠢ ᠲᠣᠭᠲᠠᠭᠤᠨ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃      ᠭᠤᠷᠪᠠᠳᠤᠭᠠᠷ ᠲᠤ᠂ ᠲᠠᠷᠢᠮᠠᠯ ᠤᠨ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠬᠤᠪᠢᠷᠠᠭᠤᠯᠬᠤ︾ ᠲᠤᠷᠰᠢᠯᠲᠠ ᠶᠢᠨ ᠴᠢᠭ᠋ ᠢ ᠢᠳᠡᠪᠬᠢᠲᠡᠶ ᠳᠡᠯᠭᠡᠷᠡᠭᠦᠯᠦᠨ ᠂ ᠡᠨᠡ ᠵᠢᠯ ᠤᠨ ᠪᠦᠬᠦᠯᠢ ᠰᠠᠭᠤᠷᠢ ᠶᠢᠨ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 1000 ᠲᠦᠮᠡᠨ ᠮᠦ ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠳᠥᠷᠪᠡᠳᠦᠭᠡᠷ ᠲᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢᠯᠡᠨ ᠱᠠᠩᠨᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠡᠨᠬᠦ ᠶᠠᠪᠤᠭᠳᠠᠭᠤᠰᠢᠲᠠᠶ ︽ᠬᠡᠷᠡᠭᠵᠢᠭᠦᠯᠦᠯᠲᠡ ᠶᠢᠨ ᠲᠥᠰᠦᠯ︾᠎ ᠢ ᠰᠣᠳᠣᠯᠣᠨ ᠲᠣᠭᠲᠠᠭᠠᠵᠤ᠂ ᠨᠤᠲᠤᠭ ᠪᠡᠯᠴᠢᠭᠡᠷ ᠤᠨ ᠤᠷᠭᠤᠴᠠ ᠶᠢᠨ ᠳᠤᠮᠳᠠᠴᠢ ᠪᠦᠷᠬᠦᠴᠡ ᠶᠢᠨ ᠬᠡᠮᠵᠢᠶ᠎ᠡ ᠶᠢ 46% ᠣᠷᠴᠢᠮ ᠪᠣᠯᠭᠠᠬᠤ ᠪᠠᠷ ᠴᠢᠷᠮᠠᠶᠢᠬᠤ ᠬᠡᠷᠡᠭᠲᠡᠶ᠃      ᠲᠠᠪᠤᠳᠤᠭᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠳᠪᠦᠷᠢᠵᠢᠭᠦᠯᠬᠦ ᠡᠵᠡᠩᠨᠡᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠢ᠃ 2020 ᠣᠨ ᠪᠣᠯᠬᠤ ᠳᠤ ᠮᠠᠨ ᠤ ᠣᠷᠣᠨ ᠤ ᠤᠯᠤᠰ ᠤᠨ ᠱᠠᠲᠤᠨ ᠤ ᠲᠣᠯᠤᠭᠠᠶᠢᠯᠠᠬᠤ ᠠᠵᠤ ᠠᠬᠤᠶᠢᠯᠠᠯ ᠢ ᠣᠳᠣ ᠶᠢᠨ 38 ᠡᠷᠦᠬᠡ ᠠᠴᠠ ᠬᠥᠭᠵᠢᠭᠦᠯᠦᠭᠡᠳ 50 ᠡᠷᠦᠬᠡ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠤᠮᠳᠠᠳᠤ ᠤᠯᠤᠰ ᠤᠨ ᠨᠡᠷᠡᠳᠥ ᠲᠠᠸᠠᠷ ᠤᠨ ᠲᠡᠮᠳᠡᠭ ᠢ ᠣᠳᠣ ᠶᠢᠨ 66᠎ ᠠᠴᠠ 80 ᠪᠣᠯᠲᠠᠯ᠎ᠠ ᠬᠥᠭᠵᠢᠭᠦᠯᠬᠦ ᠪᠠᠷ ᠴᠢᠷᠮᠠᠶᠢᠬᠤ ᠬᠡᠷᠡᠭᠲᠡᠢ᠃      ᠵᠢᠷᠭᠤᠳᠤᠭᠠᠷ ᠲᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠴᠢᠬᠤᠯᠠ ᠶᠡᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠥᠭᠡᠢ ᠶᠢᠨ ᠬᠡᠷᠡᠭ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠵᠤ᠂ ᠣᠷᠣᠨ ᠪᠦᠰᠡ ᠶᠢᠨ ᠴᠢᠨᠠᠷᠲᠠᠶ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠳᠣᠯᠣᠳᠤᠭᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 2018 ᠣᠨ ᠪᠣᠯᠬᠤ ᠳᠤ ᠪᠥᠬᠦᠨ ᠢ ᠬᠢᠵᠦ ᠳᠠᠭᠤᠰᠬᠠᠬᠤ ᠬᠡᠷᠡᠭᠲᠡᠢ᠃      ᠨᠠᠢᠮᠠᠳᠤᠭᠠᠷ ᠲᠤ᠂ ᠲᠠᠷᠢᠶᠠᠯᠠᠩ ᠮᠠᠯ ᠠᠵᠤ ᠠᠬᠤᠶ ᠶᠢᠨ ᠮᠥᠩᠭᠦᠨ ᠭᠦᠢᠯᠭᠡᠭᠡᠨ ᠤ ᠳᠠᠭᠠᠳᠬᠠᠯ ᠤᠨ ᠰᠢᠨ᠎ᠡ ᠡᠭᠦᠳᠦᠯᠲᠡ ᠶᠢ ᠠᠬᠢᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠵᠢᠭᠡᠯᠡᠯᠭᠡ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠦᠷᠭᠦᠯᠵᠢᠯᠡᠬᠦ ᠴᠢᠨᠠᠷ ᠪᠣᠯᠣᠨ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号