ᠥᠪᠥᠷ ᠮᠣᠩᠭᠤᠯ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠵᠢᠨ‌‍ᠲ᠋ᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2016/1/6
     1 ᠳ᠋ᠦ᠋ᠭᠡᠷ ᠰᠠᠷ᠎ᠠ ᠶᠢᠨ 4᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠢᠷᠭᠤᠭᠠᠨ ᠰᠠᠯᠠᠭ᠎ᠠ ᠮᠥᠴᠢᠷ ᠠᠴᠠ ︽ᠲᠥᠯᠥᠪᠯᠡᠭᠡᠲᠦ ᠦᠷᠡᠵᠢᠯ ᠤᠨ ᠣᠨᠴᠠᠭᠠᠶ ᠬᠦᠴᠢᠷᠳᠡᠯᠲᠡᠶ ᠭᠡᠷ ᠪᠦᠯᠢ ᠶᠢ ᠲᠡᠳᠬᠦᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾᠎ ᠢ ᠬᠠᠮᠲᠤᠷᠠᠨ ᠨᠡᠶᠢᠲᠡᠯᠡᠪᠡ᠂ ᠡᠭᠦᠨ ᠤ ᠲᠤᠰᠠᠳᠠ᠂ ᠥᠪᠡᠷᠲᠡᠭᠡᠨ ᠵᠠᠰᠠᠬᠤ ᠣᠷᠣᠨ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠲᠡᠳᠬᠦᠨ ᠲᠤᠰᠠᠯᠠᠬᠤ ᠬᠠᠯᠠᠮᠵᠢᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠣᠷᠣᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠣᠨᠴᠠᠭᠠᠢ ᠲᠡᠳᠬᠦᠬᠦ ᠲᠦᠷᠢᠮ ᠢ ᠪᠠᠶᠢᠭᠤᠯᠤᠭᠰᠠᠨ ᠪᠥᠭᠡᠳ ᠣᠨᠴᠠᠭᠠᠶ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠲᠣᠬᠢᠷᠠᠭᠤᠯᠤᠨ ᠳᠡᠭᠡᠭᠰᠢᠯᠡᠭᠦᠯᠪᠡ᠃      ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠬᠥᠮᠦᠨ ᠠᠮᠠ ᠶᠢᠨ ᠬᠡᠲᠦᠷᠬᠡᠶ ᠲᠦᠷᠭᠡᠨ ᠨᠡᠮᠡᠭᠳᠡᠬᠦ ᠶᠢ ᠬᠤᠷᠢᠭᠯᠠᠨ ᠵᠣᠭᠰᠣᠭᠠᠬᠤ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠵᠠᠷᠢᠮ ᠬᠡᠷ ᠪᠦᠯᠢ ᠳᠤ ᠭᠠᠭᠴᠠ ᠬᠡᠦᠬᠡᠳ ᠨᠢ ᠰᠢᠷᠬᠠᠲᠤᠵᠤ ᠵᠡᠮᠳᠡᠭᠷᠡᠭᠰᠡᠨ᠂ ᠤᠢᠬᠦᠭᠰᠡᠠ ᠠᠴᠠ ᠪᠣᠯᠵᠤ᠂ ᠠᠮᠢᠳᠤᠷᠠᠯ ᠤᠨ ᠪᠠᠲᠤᠯᠠᠭ᠎ᠠ᠂ ᠨᠠᠰᠤᠲᠠᠨ ᠤ ᠠᠰᠠᠷᠠᠮᠵᠢ᠂ ᠬᠦᠨᠳᠦ ᠡᠪᠡᠳᠴᠢᠨ ᠤ ᠡᠮᠨᠡᠭᠦᠯᠦᠭᠡ᠂ ᠣᠶᠣᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠲᠠᠯ᠎ᠠ ᠪᠠᠷ ᠣᠨᠴᠠᠭᠠᠶ ᠬᠦᠴᠢᠷᠳᠡᠯ ᠲᠤᠯᠭᠠᠷᠠᠵᠤ ᠪᠠᠶᠢᠨ᠎ᠠ᠃ ᠡᠭᠦᠨ ᠤ ᠲᠤᠰᠠᠳᠠ᠂ ︽ᠬᠡᠷᠡᠭᠵᠢᠭᠦᠯᠬᠦ ᠰᠠᠨᠠᠯ︾᠎ ᠳᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠨᠢᠭᠡ ᠳᠤ ᠠᠵᠤ ᠠᠬᠤᠶ ᠶᠢᠨ ᠲᠠᠯ᠎ᠠ ᠪᠠᠷ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ 2016 ᠣᠨ ᠠᠴᠠ ᠡᠬᠢᠯᠡᠨ᠂ ᠭᠠᠭᠴᠠ ᠬᠡᠦᠬᠡᠳ ᠨᠢ ᠰᠢᠷᠬᠠᠲᠤᠵᠤ ᠵᠡᠮᠳᠡᠭᠷᠡᠭᠰᠡᠨ᠂ ᠦᠬᠦᠭᠰᠡᠨ ᠪᠥᠭᠡᠳ ᠡᠵᠡᠭᠲᠡᠢ ᠨᠢ ᠪᠦᠬᠦᠯᠢ 49 ᠨᠠᠰᠤ ᠬᠦᠷᠦᠭᠰᠡᠨ ᠭᠡᠷ ᠪᠦᠯᠢ ᠶᠢᠨ ᠡᠷ᠎ᠡ ᠡᠮ᠎ᠡ ᠬᠤᠶᠠᠷ ᠲᠤ ᠣᠯᠭᠤᠬᠤ ᠣᠨᠴᠠᠭᠠᠶ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠨᠢᠭᠡᠳᠦᠯᠲᠡᠶ ᠳᠡᠭᠡᠭᠰᠢᠯᠡᠭᠦᠯᠬᠦ ᠬᠡᠷᠡᠭᠲᠡᠢ᠄ ᠰᠢᠷᠬᠠᠲᠤᠵᠤ ᠵᠡᠮᠳᠡᠭᠷᠡᠭᠰᠡᠨ ᠭᠡᠷ ᠪᠦᠯᠢ ᠶᠢᠨ ᠬᠥᠮᠦᠨ ᠪᠦᠷᠢ ᠳᠤ ᠰᠠᠷ᠎ᠠ ᠪᠦᠷᠢ 440 ᠲᠥᠭᠦᠷᠢᠭ᠂ ᠦᠬᠦᠭᠰᠡᠨ ᠭᠡᠷ ᠪᠦᠯᠢ ᠶᠢᠨ ᠬᠥᠮᠦᠨ ᠪᠦᠷᠢ ᠳᠤ ᠰᠠᠷ᠎ᠠ ᠪᠦᠷᠢ 545 ᠲᠥᠭᠦᠷᠢᠭ ᠣᠯᠭᠤᠨ᠎ᠠ᠃ ᠡᠭᠦᠨ ᠤ ᠬᠠᠮᠲᠤ᠂ ᠠᠵᠤ ᠠᠬᠤᠶ ᠶᠢᠨ ᠲᠠᠯ᠎ᠠ ᠪᠠᠷ ᠲᠡᠳᠬᠦᠨ ᠲᠤᠰᠠᠯᠠᠬᠤ ᠪᠠᠷᠢᠮᠵᠢᠶ᠎ᠠ ᠶᠢ ᠲᠣᠬᠢᠷᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠬᠦ ᠶᠢᠨ ᠳᠠᠭᠠᠤ ᠬᠤᠯᠪᠣᠭᠳᠠᠯ ᠪᠦᠬᠦᠢ ᠠᠪᠤᠷᠠᠨ ᠲᠤᠰᠠᠯᠠᠬᠤ ᠵᠡᠷᠭᠡ ᠲᠥᠷᠢᠮ ᠲᠠᠢ ᠵᠣᠯᠭᠠᠯᠳᠤᠭᠤᠯᠬᠤ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠪᠦᠷᠢᠯᠳᠦᠬᠦᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠳᠤ᠂ ᠲᠣᠭᠲᠠᠭᠠᠯ ᠶᠣᠰᠣᠭᠠᠷ 100 ᠲᠥᠭᠦᠷᠢᠭ ᠤᠨ ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠨᠥᠬᠦᠪᠥᠷᠢ ᠥᠭᠬᠦ ᠬᠡᠷᠡᠭᠲᠡᠢ᠃ ᠪᠦᠬᠦᠯᠢ 60 ᠪᠤᠶᠤ ᠲᠡᠭᠦᠨ ᠠᠴᠠ ᠳᠡᠭᠡᠭᠰᠢ ᠨᠠᠰᠤᠨ ᠳᠤ ᠬᠦᠷᠦᠭᠰᠡᠨ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠡᠷ᠎ᠡ ᠡᠮ᠎ᠡ᠂ ᠢᠯᠠᠩᠭᠤᠶ᠎ᠠ ᠲᠡᠭᠦᠨ ᠤ ᠳᠣᠲᠣᠷᠠᠬᠢ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠴᠢᠳᠠᠪᠤᠷᠢ ᠪᠠᠨ ᠠᠯᠳᠠᠭᠰᠠᠳ ᠲᠤ ᠡᠷᠦᠬᠡ ᠠᠮᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠨᠢ ᠲᠤᠰ ᠭᠠᠵᠠᠷ ᠲᠤᠨᠢ᠂ ᠣᠶᠢᠷᠠᠬᠠᠨ ᠭᠠᠵᠠᠷ ᠲᠤᠨᠢ᠂ ᠰᠡᠶᠢᠠ ᠳᠤᠷ᠎ᠠ ᠠᠴᠠ ᠪᠠᠨ ᠪᠠᠶᠢᠬᠤ ᠵᠠᠷᠴᠢᠮ ᠶᠣᠰᠣᠭᠠᠷ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠤᠷᠢᠳᠠᠪᠡᠷ ᠲᠣᠬᠢᠷᠠᠭᠤᠯᠤᠨ ᠰᠠᠭᠤᠯᠭᠠᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠨᠢ ᠵᠣᠬᠢᠬᠤ ᠨᠥᠬᠦᠪᠥᠷᠢ ᠥᠭᠬᠦ ᠬᠡᠷᠡᠭᠲᠡᠢ᠃ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠤᠶᠤ ᠣᠨᠴᠠ ᠬᠦᠴᠢᠷᠳᠡᠯ ᠲᠠᠢ ᠬᠥᠮᠦᠰ ᠢᠶᠠᠷ ᠲᠡᠵᠢᠭᠡᠯᠭᠡᠬᠦ ᠪᠠᠷ ᠭᠤᠶᠤᠴᠢᠯᠠᠪᠠᠯ᠂ ᠴᠠᠭ ᠲᠤᠬᠠᠶ ᠳᠤᠨᠢ ᠣᠷᠣᠭᠤᠯᠬᠤ ᠬᠡᠷᠡᠭᠲᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠢ ᠬᠡᠷᠡᠭᠵᠢᠭᠦᠯᠵᠦ ᠭᠤᠶᠤᠴᠢᠯᠠᠭᠴᠢ ᠶᠢᠨ ᠭᠡᠷ ᠪᠦᠯᠢ ᠶᠢᠨ ᠣᠷᠣᠯᠭ᠎ᠠ ᠶᠢ ᠨᠢ ᠲᠣᠭᠠᠴᠠᠭᠠᠯᠠᠬᠤ ᠳᠤ᠂ ᠣᠨᠴᠠᠭᠠᠶ ᠲᠡᠳᠬᠦᠮᠵᠢ ᠶᠢᠨ ᠮᠥᠩᠭᠦ ᠶᠢ ᠭᠡᠷ ᠪᠦᠯᠢ ᠶᠢᠨ ᠣᠷᠣᠯᠭ᠎ᠠ ᠳᠤᠨᠢ ᠪᠤᠳᠤᠵᠤ ᠣᠷᠣᠭᠤᠯᠬᠤ ᠦᠭᠡᠢ᠃ ᠭᠤᠷᠪᠠ ᠳᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠪᠦᠷᠢᠯᠳᠦᠬᠦᠨ ᠢ ᠬᠤᠳᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶ᠎ᠡ ᠳᠤ ᠣᠷᠣᠭᠤᠯᠵᠤ᠂ ᠵᠣᠬᠢᠴᠠᠩᠭᠤᠶ ᠪᠦᠬᠦᠢ ᠡᠮ ᠡᠮᠨᠡᠯᠭᠡ ᠶᠢᠨ ᠠᠪᠤᠷᠠᠨ ᠲᠤᠰᠠᠯᠠᠬᠤ ᠶᠢ ᠬᠦᠷᠲᠡᠭᠡᠬᠦ ᠶᠢᠨ ᠬᠠᠮᠲᠤ ᠲᠡᠭᠦᠨ ᠢ ᠬᠠᠪᠰᠤᠷᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠪᠤᠶᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︽ᠰᠠᠭᠠᠳ ᠥᠭᠡᠢ ᠨᠡᠪᠲᠡᠷᠡᠬᠦ ᠵᠠᠮ︾᠎ ᠶᠢ ᠨᠡᠪᠲᠡᠷᠡᠭᠦᠯᠵᠦ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠪᠦᠷᠢᠯᠳᠦᠬᠦᠨ ᠳᠤ ᠡᠮᠴᠢᠯᠡᠭᠡᠨ ᠤ ᠲᠦᠬᠦᠮ ᠦᠵᠡᠭᠦᠯᠵᠦ᠂ ᠤᠷᠢᠳ ᠢᠶᠠᠷ ᠳ᠋ᠤᠭᠠᠷᠯᠠᠭᠤᠯᠬᠤ᠂ ᠤᠷᠢᠳ ᠢᠶᠠᠷ ᠡᠮᠴᠢᠯᠡᠭᠦᠯᠬᠦ᠂ ᠤᠷᠢᠳ ᠢᠶᠠᠷ ᠡᠮᠨᠡᠯᠭᠡ ᠳᠤ ᠰᠠᠭᠤᠯᠭᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ᠃ ᠲᠦᠷᠪᠡ ᠳᠤ ᠨᠡᠶᠢᠭᠡᠮ ᠠᠴᠠ ᠬᠠᠯᠠᠮᠵᠢᠯᠠᠬᠤ ᠠᠵᠢᠯᠯᠠᠭ᠎ᠠ ᠥᠷᠨᠢᠭᠦᠯᠬᠦ ᠬᠡᠷᠡᠭᠲᠡᠶ ᠃ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ ᠨᠦᠭᠦᠴᠡᠯ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠥᠭᠡᠷᠡᠴᠢᠯᠡᠬᠦ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠤᠷᠢᠳᠠᠪᠠᠷ ᠪᠠᠶᠢᠷᠢᠯᠠᠭᠤᠯᠬᠤ ᠬᠡᠷᠡᠭᠲᠡᠢ᠃ ᠡᠷᠭᠦᠨ ᠲᠡᠵᠢᠭᠡᠬᠦ ᠬᠦᠰᠡᠯ ᠲᠠᠢ ᠪᠥᠭᠡᠳ ᠡᠷᠭᠦᠨ ᠲᠡᠵᠢᠭᠡᠬᠦ ᠨᠥᠬᠦᠴᠡᠯ ᠳᠤ ᠨᠡᠶᠢᠴᠡᠬᠦ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠳᠤ ᠠᠳᠠᠯᠢ ᠨᠥᠬᠦᠴᠡᠯ ᠤᠨ ᠳᠣᠣᠷ᠎ᠠ᠂ ᠦᠷ᠎ᠡ ᠬᠡᠦᠬᠡᠳ ᠡᠷᠭᠦᠨ ᠲᠡᠵᠢᠭᠡᠬᠦ ᠶᠢ ᠨᠢ ᠤᠷᠢᠳᠠᠪᠠᠷ ᠲᠣᠬᠢᠷᠠᠭᠤᠯᠬᠤ ᠬᠡᠷᠡᠭᠲᠡᠢ᠃ ᠰᠢᠷᠬᠠᠲᠤᠵᠤ ᠵᠡᠮᠳᠡᠭᠷᠡᠭᠰᠡᠨ ᠭᠠᠭᠴᠠ ᠬᠡᠦᠬᠡᠳ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠶᠢ ᠨᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠬᠦ ᠬᠥᠮᠦᠰ ᠲᠤ᠂ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠡᠳᠬᠦᠮᠵᠢ ᠶᠢ ᠤᠷᠢᠳᠠᠪᠡᠷ ᠣᠯᠭᠤᠵᠤ᠂ ᠡᠮᠴᠢᠯᠡᠭᠡᠨ ᠤ ᠡᠷᠡᠭᠦᠯᠵᠢᠭᠦᠯᠬᠦ ᠲᠥᠷᠥᠯ ᠵᠦᠢᠯ ᠵᠡᠷᠭᠡ ᠶᠢ ᠤᠷᠢᠳᠠᠪᠡᠷ ᠲᠣᠬᠢᠷᠠᠭᠤᠯᠬᠤ ᠬᠡᠷᠡᠭᠲᠡᠶ᠃ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢᠨ ᠪᠦᠷᠢᠯᠳᠦᠬᠦᠨ ᠨᠢ ᠦᠭᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠣᠷᠣᠰᠢᠭᠤᠯᠬᠤ ᠵᠠᠷᠤᠳᠠᠯ ᠢ ᠨᠦᠬᠦᠪᠦᠷᠢᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号