ᠥᠪᠥᠷ ᠮᠣᠩᠭᠤᠯ ᠤᠨ ᠢᠳᠡᠪᠬᠢᠲᠡᠶ ᠰᠢᠢᠳᠪᠦᠷᠢᠯᠡᠭᠰᠡᠨ ᠪᠠ ᠰᠢᠯᠢᠭᠳᠡᠭᠦᠯᠦᠭᠰᠡᠨ ᠦᠢᠯᠡᠳᠪᠦᠷᠢᠯᠡᠯ ᠤᠨ ᠴᠢᠳᠠᠪᠤᠷᠢ 2674 ᠲᠦᠮᠡᠨ ᠲᠣᠨ ᠬᠦᠷᠪᠡ
ᠨᠡᠶᠢᠲᠡᠯᠡᠭᠰᠡᠨ ᠴᠠᠭ᠄
2016/1/7
      1 ᠳ᠋ᠤᠭᠡᠷ ᠰᠠᠷ᠎ᠠ ᠶᠢᠨ 5᠎ ᠤ ᠡᠳᠦᠷ ᠬᠤᠷᠠᠯᠳᠤᠭᠤᠯᠤᠭᠰᠠᠨ ᠥᠪᠥᠷ ᠮᠣᠩᠭᠤᠯ ᠤᠨ ᠪᠦᠬᠦ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠤᠨ ᠬᠤᠷᠠᠯᠳᠤᠭᠠᠨ ᠳᠡᠭᠡᠷ᠎ᠡ ᠠᠴᠠ ᠣᠶᠢᠯᠠᠭᠠᠭᠰᠠᠨ ᠨᠢ᠂ 2015 ᠣᠨ ᠳᠤ᠂ ᠥᠪᠥᠷ ᠮᠣᠩᠭᠤᠯ ᠠᠴᠠ ᠬᠤᠴᠣᠷᠤᠩᠭᠤᠶ ᠪᠣᠯᠪᠠᠰᠤᠷᠠᠭᠤᠯᠤᠭᠰᠠᠨ ᠲᠡᠮᠦᠷᠯᠢᠭ 110 ᠲᠦᠮᠡᠨ ᠲᠣᠨ᠂ ᠪᠣᠯᠪᠠᠰᠤᠷᠠᠭᠤᠯᠤᠭᠰᠠᠨ ᠪᠣᠯᠣᠳ 110 ᠲᠦᠮᠡᠨ ᠲᠣᠨ᠂ ᠱᠦᠢᠨᠢ 144 ᠲᠦᠮᠡᠨ ᠲᠣᠨ᠂ ᠬᠡᠦᠷᠡᠰᠦ 20 ᠲᠦᠮᠡᠨ ᠲᠣᠨ᠂ ᠲᠡᠮᠤᠷ ᠤᠨ ᠬᠠᠶᠢᠯᠤᠰᠢ 50.23 ᠲᠦᠮᠡᠨ ᠲᠣᠨ᠂ ᠴᠠᠬᠢᠯᠠᠭᠤᠷ ᠴᠢᠯᠠᠭᠤ 5 ᠲᠦᠮᠡᠨ ᠲᠣᠨ᠂ ᠬᠠᠶᠢᠯᠤᠭᠤᠯᠤᠭᠰᠠᠨ ᠬᠠᠷ᠎ᠠ ᠲᠤᠭᠤᠯᠭ᠎ᠠ 7 ᠲᠦᠮᠡᠨ ᠲᠣᠨ᠂ ᠬᠠᠷ᠎ᠠ ᠲᠤᠭᠤᠯᠭᠠᠨ ᠬᠡᠯᠬᠢᠶᠡᠲᠦ ᠳ᠋ᠢᠶᠠᠨ ᡂᠢ 68 ᠲᠥᠮᠡᠨ ᠺᠢᠯᠤᠸᠤᠯᠲ ᠠᠮᠫᠧᠷ ᠴᠠᠭ᠂ ᠬᠦᠬᠦᠷᠲᠦ ᠨᠠᠲᠷᠢ 2 ᠲᠦᠮᠡᠨ ᠲᠣᠨ ᠰᠢᠯᠢᠭᠳᠡᠭᠦᠯᠦᠭᠰᠡᠨ ᠪᠠᠶᠢᠨ᠎ᠠ᠃      ᠡᠭᠦᠨ ᠤ ᠬᠠᠮᠲᠤ᠂ ᠣᠯᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠎ ᠨᠢ ᠤᠯᠤᠰ ᠠᠴᠠ ᠠᠵᠤ ᠦᠢᠯᠡᠰ ᠤᠨ ᠲᠥᠷᠥ ᠶᠢᠨ ᠪᠤᠳᠤᠯᠭ᠎ᠠ ᠪᠣᠯᠣᠨ ᠵᠥᠪᠰᠢᠶᠡᠷᠡᠨ ᠣᠷᠣᠭᠤᠯᠬᠤ ᠲᠦᠷᠦ ᠶᠢᠨ ᠪᠤᠳᠤᠯᠭ᠎ᠠ ᠳᠤ ᠨᠡᠶᠢᠴᠡᠭᠰᠡᠨ ᠪᠤᠯᠤᠳ ᠲᠡᠮᠦᠷ ᠤᠨ ᠲᠣᠭᠲᠠᠭᠠᠯ ᠠᠴᠠ ᠵᠥᠷᠢᠴᠡᠭᠰᠡᠨ 14 ᠲᠦᠷᠦᠯ ᠵᠦᠢᠯ ︵ᠦᠢᠯᠡᠳᠪᠦᠷᠢᠯᠡᠯ ᠤᠨ ᠴᠢᠳᠠᠪᠤᠷᠢ 1725 ᠲᠥᠮᠡᠨ ᠲᠣᠨ︶᠂ ᠴᠠᠬᠢᠯᠭᠠᠨ ᠵᠠᠳᠠᠯᠤᠯ ᠤᠨ ᠬᠠᠷ᠎ᠠ ᠲᠤᠭᠤᠯᠭ᠎ᠠ ᠶᠢᠨ ᠲᠣᠭᠲᠠᠭᠠᠯ ᠠᠴᠠ ᠵᠥᠷᠢᠴᠡᠭᠰᠡᠨ 13 ᠲᠦᠷᠦᠯ ᠵᠦᠢᠯ ︵ᠦᠢᠯᠡᠳᠪᠦᠷᠢᠯᠡᠯ ᠤᠨ ᠴᠢᠳᠠᠪᠤᠷᠢ 501 ᠲᠥᠮᠡᠨ ᠲᠣᠨ︶᠎ ᠳᠤ ᠬᠠᠤᠯᠢ ᠶᠣᠰᠣᠨ ᠤ ᠮᠠᠭᠠᠳᠯᠠᠨ ᠲᠣᠭᠲᠠᠭᠠᠯᠲᠠ ᠬᠢᠯᠭᠡᠬᠦ ᠪᠠᠷ ᠴᠢᠷᠮᠠᠶᠢᠪᠠ᠃      ᠠᠵᠢᠯ ᠦᠢᠯᠡᠰ ᠤᠨ ᠳᠣᠲᠣᠷᠠᠬᠢ ᠴᠥᠭᠡᠨ ᠪᠤᠰᠤ ᠲᠤᠰᠬᠠᠶ ᠮᠡᠷᠭᠡᠵᠢᠯᠲᠡᠨ ᠡᠷᠳᠡᠮᠲᠡᠳ ᠨᠠᠷ᠂ ᠥᠪᠥᠷ ᠮᠣᠩᠭᠤᠯ ᠤᠨ ᠡᠨᠡᠬᠦ ᠠᠵᠢᠯᠯᠠᠭ᠎ᠠ ᠨᠢ ᠪᠥᠲᠦᠮᠵᠢ ᠦᠭᠡᠢ ᠪᠡᠯᠡ ᠣᠷᠣᠭᠤᠯᠤᠯᠲᠠ ᠶᠢ ᠪᠦᠲᠦᠮᠵᠢᠲᠡᠶ ᠪᠠᠷ ᠬᠤᠷᠢᠭᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠭᠵᠢᠯᠲᠡ ᠶᠢᠨ ᠦᠷ᠎ᠡ ᠠᠰᠢᠭ ᠪᠣᠯᠣᠨ ᠶᠠᠰᠤ ᠴᠢᠨᠠᠷ ᠢ ᠳᠡᠭᠡᠭᠰᠢᠯᠡᠭᠦᠯᠵᠦ ᠳᠡᠶᠢᠯᠦᠨ᠎ᠡ ᠭᠡᠵᠦ ᠨᠡᠶᠢᠳᠡᠮ ᠦᠵᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号