2015 ᠣᠨ ᠳᠤ ᠪᠦᠬᠦ ᠣᠷᠣᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠠ ᠣᠷᠣᠭᠤᠯᠤᠭᠰᠠᠨ ᠠᠵᠤ | ᠠᠬᠤᠶᠢᠯᠠᠯ ᠢ ᠨᠡᠶᠢᠲᠡ 52 ᠶᠢ ᠵᠥᠪᠰᠢᠶᠡᠷᠡᠨ ᠪᠠᠶᠢᠭᠤᠯᠵᠤ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ | 18% ᠪᠠᠷ ᠨᠡᠮᠡᠭᠳᠡᠵᠦ᠂ ᠡᠭᠦᠨ ᠳᠤ ᠳᠤᠮᠳᠠᠳᠤ ᠭᠠᠳᠠᠭᠠᠳᠤ ᠶᠢᠨ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ 24᠂ | ᠳᠤᠮᠳᠠᠳᠤ ᠭᠠᠳᠠᠭᠠᠳᠤ ᠶᠢᠨ ᠬᠤᠷᠰᠢᠭᠰᠡᠨ ᠠᠵᠤ ᠠᠬᠤᠶᠢᠯᠠᠯ 3᠂ ᠭᠠᠳᠠᠭᠠᠳᠤ ᠶᠢᠨ ᠬᠤᠳᠠᠯᠳᠤᠭᠠᠴᠢᠨ ᠤ ᠲᠤᠰᠠᠭᠠᠷ | ᠪᠡᠯᠡᠲᠦ ᠠᠵᠤ ᠠᠬᠤᠶᠢᠯᠠᠯ 25 ᠪᠣᠢ︔ ᠰᠢᠨ᠎ᠡ ᠪᠠᠷ ᠵᠥᠪᠰᠢᠶᠡᠷᠡᠭᠰᠡᠨ ᠠᠵᠤ ᠠᠬᠤᠶᠢᠯᠠᠯ ᠤᠨ ᠪᠡᠯᠡ ᠣᠷᠣᠭᠤᠯᠤᠯᠲᠠ | ᠨᠢ ᠭᠤᠣᠯᠳᠠᠭᠤ ᠰᠢᠶᠠᠩᠭᠠᠩ᠂ ᠺᠤᠷᠢᠶᠠ᠂ ᠣᠷᠣᠰ᠂ ᠮᠠᠦ᠋ᠷᠢᠲ᠋ᠢᠦ᠋ᠰ᠂ ᠺᠠᠶᠢᠮᠠᠨ ᠣᠯᠲᠣᠷᠢᠭ ᠮᠣᠩᠭᠤᠯ ᠵᠡᠷᠭᠡ | ᠤᠯᠤᠰ ᠠᠴᠠ ᠢᠷᠡᠯᠲᠡ ᠲᠠᠢ ᠃ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ ᠨᠢ 335132 ᠲᠦᠮᠡᠨ ᠳ᠋ᠣᠯᠯᠠᠷ ᠲᠤ | ᠬᠦᠷᠴᠦ᠂ ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 15.7% ᠪᠠᠷ ᠪᠠᠭᠤᠷᠠᠪᠠ᠃ ᠠᠵᠢᠯ | ᠲᠦᠷᠦᠯ ᠢᠶᠠᠷ ᠨᠢ ᠠᠪᠴᠤ ᠦᠵᠡᠪᠡᠯ᠂ ᠭᠤᠣᠯᠳᠠᠭᠤ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ | ᠴᠠᠬᠢᠯᠭᠠᠨ ᠬᠦᠴᠦᠨ ᠤ ᠰᠢᠳᠡᠭᠴᠢ ᠬᠡᠢ ᠵᠢᠴᠢ ᠤᠰᠤ ᠬᠠᠩᠭᠠᠬᠤ ᠦᠢᠯᠡᠰ᠂ ᠲᠠᠷᠢᠶᠠᠯᠠᠩ ᠤᠢ ᠰᠢᠭᠤᠶ ᠮᠠᠯ ᠠᠵᠤ | ᠠᠬᠤᠶ ᠵᠢᠭᠠᠰᠤᠨ ᠠᠵᠤ ᠠᠬᠤᠶ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ | ᠲᠡᠮᠦᠷᠯᠢᠭ ᠪᠤᠰᠤ ᠬᠠᠶᠢᠯᠤᠭᠤᠯᠬᠤ ᠪᠠ ᠬᠤᠨᠤᠭ᠂ ᠢᠳᠡᠭᠡᠨ ᠤᠮᠳᠠᠭᠠᠨ ᠤ ᠦᠢᠯᠡᠰ ᠳᠤ ᠲᠥᠪᠯᠡᠷᠡᠵᠦ᠂ ᠭᠠᠵᠠᠷ | ᠣᠷᠣᠨ ᠤ ᠲᠠᠷᠬᠠᠯᠲᠠ ᠪᠠᠷ ᠦᠵᠡᠪᠡᠯ᠂ ᠭᠤᠣᠯᠳᠠᠭᠤ ᠤᠷᠳᠤᠰ ᠬᠤᠳᠠ᠂ ᠬᠥᠬᠡᠬᠤᠲᠠ᠂ ᠪᠤᠭᠤᠲᠤ ᠬᠤᠳᠠ᠂ | ᠪᠠᠶᠠᠨᠨᠠᠭᠤᠷ ᠬᠤᠳᠠ᠂ ᠬᠥᠯᠥᠨ ᠪᠤᠶᠢᠷ ᠬᠤᠳᠠ ᠪᠠ ᠤᠯᠠᠭᠠᠨᠬᠠᠳᠠ ᠬᠤᠳᠠ ᠳᠤ ᠲᠥᠪᠯᠡᠷᠡᠵᠦ ᠪᠣᠢ᠃ |