ᠥᠪᠥᠷ ᠮᠣᠩᠭᠤᠯ ᠨᠠᠭᠠᠳᠤ ᠵᠠᠬ᠎ᠠ ᠶᠢᠨ ᠪᠠᠲᠤᠯᠠᠭ᠎ᠠ‌‍ᠬᠦ᠋ᠷᠲᠡᠬᠦ ᠬᠦᠮᠦᠰ ᠤᠨ ᠣᠷᠣᠨ ᠰᠠᠭᠤᠴᠠ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠪᠠ
ᠨᠡᠶᠢᠲᠡᠯᠡᠭᠰᠡᠨ ᠴᠠᠭ᠄
2016/1/7
     ᠰᠤᠷᠪᠤᠯᠵᠢᠯᠠᠭᠴᠢ ᠥᠴᠥᠭᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠵᠤ ᠮᠡᠳᠡᠭᠰᠡᠨ ᠨᠢ᠂ ᠰᠠᠯᠠᠭ᠎ᠠ ᠮᠥᠴᠢᠷ ᠠᠯᠤᠰᠯᠠᠭᠰᠠᠨ᠂ ᠤᠯᠠᠨ ᠲᠡᠰ ᠳᠠᠪᠬᠤᠷᠭ᠎ᠠ ᠪᠦᠬᠦᠢ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠨᠡᠶᠢᠭᠡᠮ ᠤᠨ ᠲᠡᠩᠬᠡᠷᠡᠭᠦᠯᠦᠨ ᠲᠤᠰᠠᠯᠠᠭᠤᠯᠬᠤ ᠪᠠᠷ ᠭᠤᠶᠤᠴᠢᠯᠠᠭᠰᠠᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢ ᠪᠠᠶᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠬᠦ ᠬᠦᠮᠦᠰ ᠢ ᠦᠨᠡᠮᠰᠢᠬᠦ ᠠᠵᠢᠯ ᠤᠨ ᠵᠥᠪ ᠣᠨᠣᠪᠴᠢᠲᠠᠶ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠤᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠠᠮᠲᠤᠷᠠᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠬᠦᠮᠦᠰ ᠤᠨ ᠣᠷᠣᠨ ᠰᠠᠭᠤᠴᠠ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠪᠠ᠃      ᠣᠶᠢᠯᠠᠭᠠᠭᠰᠠᠨ ᠢᠶᠠᠷ᠂ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠬᠦᠮᠦᠰ ᠤᠨ ᠣᠷᠣᠨ ᠰᠠᠭᠤᠴᠠ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠲᠤᠭᠲᠠᠴᠠ ᠪᠠᠷ ᠳᠠᠮᠵᠢᠭᠤᠯᠤᠨ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠬᠦᠮᠦᠰ ᠤᠨ ᠭᠡᠷ ᠪᠦᠯᠢ ᠶᠢᠨ ᠪᠦᠷᠢᠯᠳᠦᠬᠦᠨ ᠳᠤ ᠡᠷᠬᠡ ᠣᠯᠤᠭᠰᠠᠨ ᠤ ᠳᠠᠷᠠᠭ᠎ᠠ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠬᠠᠤᠯᠢ ᠶᠣᠰᠣᠭᠠᠷ ᠪᠠᠶᠢᠴᠠᠭᠠᠨ ᠯᠠᠪᠯᠠᠬᠤ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠠᠶᠢᠴᠠᠭᠠᠨ ᠯᠠᠪᠯᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠤᠯᠪᠣᠭᠳᠠᠯ ᠪᠦᠬᠦᠢ ᠬᠦᠮᠦᠰ ᠤᠨ ᠭᠡᠷ ᠬᠥᠷᠥᠩᠭᠡ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢ ᠪᠠᠶᠢᠴᠠᠭᠠᠨ ᠯᠡᠪᠯᠡᠵᠤ᠂ ᠠᠳᠠᠯᠢᠳᠬᠠᠭᠰᠠᠨ ᠦᠷ᠎ᠡ ᠳ᠋ᠦᠩ ᠢᠶᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠷᠢᠭᠤ ᠲᠤᠰᠬᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠷᠢᠭᠤ ᠲᠤᠰᠬᠠᠭᠰᠠᠨ ᠦᠷ᠎ᠡ ᠳ᠋ᠦᠩ ᠢ ᠦᠨᠳᠦᠰᠦᠯᠡᠵᠦ ᠶᠡᠷᠦᠩᠬᠡᠶᠢᠯᠡᠨ ᠪᠣᠳᠣᠯᠬᠢᠯᠠᠵᠤ ᠮᠠᠭᠠᠳᠯᠠᠨ ᠲᠤᠭᠲᠠᠭᠠᠨ᠎ᠠ᠃ ᠬᠤᠶᠠᠷ ᠲᠠᠯ᠎ᠠ ᠪᠠᠷ ᠢᠶᠠᠨ ᠪᠣᠯᠵᠣᠨ ᠲᠤᠭᠲᠠᠵᠤ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠤᠨ ᠲᠠᠯ᠎ᠠ ᠪᠠᠷ ᠤᠷᠳᠤ ᠬᠤᠭᠤᠴᠠᠭᠠᠨ ᠤ ᠲᠣᠭᠲᠠᠪᠤᠷᠢᠲᠠᠶ ᠬᠠᠮᠵᠢᠯᠴᠠᠭ᠎ᠠ ᠶᠢ ᠦᠷᠨᠢᠭᠦᠯᠦᠨ᠎ᠡ᠃ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠬᠠᠷᠢᠯᠴᠠᠨ ᠪᠠᠶᠢᠴᠠᠭᠠᠬᠤ ᠠᠷᠭ᠎ᠠ ᠬᠡᠯᠪᠡᠷᠢ ᠶᠢᠨ ᠲᠠᠯ᠎ᠠ ᠪᠠᠷ᠂ ᠲᠤᠰᠬᠠᠶ ᠤᠲᠠᠰᠤ ᠪᠠᠷ ᠬᠠᠷᠢᠯᠴᠠᠨ ᠬᠤᠯᠪᠣᠭᠠᠯᠠᠨ ᠲᠤᠭ᠎ᠠ ᠪᠠᠷᠢᠮᠲᠠ ᠪᠠᠨ ᠰᠤᠯᠢᠯᠴᠠᠨ᠎ᠠ᠃ ᠣᠳᠣᠬᠠᠨ ᠳᠤ᠂ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠵᠠᠯᠭᠠᠬᠤ ᠨᠡᠭᠡᠭᠡᠨ ᠬᠦᠭᠵᠢᠭᠦᠯᠦᠯᠲᠡ ᠶᠢᠨ ᠠᠵᠢᠯ ᠨᠢᠭᠡᠨᠲᠡ ᠦᠨᠳᠦᠰᠦᠨ ᠳᠡᠭᠡᠨ ᠳᠠᠭᠤᠰᠴᠤ᠂ ᠰᠢᠯᠭᠠᠵᠤ ᠳᠠᠭᠤᠰᠤᠭᠰᠠᠨ ᠤ ᠳᠠᠷᠠᠭ᠎ᠠ ᠵᠢᠩᠬᠢᠨᠢ ᠪᠠᠷ ᠡᠬᠢᠯᠡᠵᠦ ᠬᠡᠷᠡᠭᠯᠡᠨ᠎ᠡ᠃      ᠬᠤᠶᠢᠰᠢᠳᠠ᠂ ᠮᠠᠨ ᠤ ᠣᠷᠣᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠬᠦᠮᠦᠰ ᠤᠨ ᠣᠷᠣᠨ ᠰᠠᠭᠤᠴᠠ ᠪᠠ ᠪᠠᠩᠬᠢ ᠶᠢᠨ ᠬᠠᠳᠠᠭᠠᠯᠠᠮᠵᠢ ᠵᠡᠷᠭᠡ ᠭᠡᠷ ᠪᠦᠯᠢ ᠶᠢᠨ ᠡᠳ᠋ ᠬᠥᠷᠥᠩᠭᠡ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠨᠥᠬᠦᠴᠡᠯ ᠲᠤ ᠦᠯᠦ ᠨᠡᠶᠢᠴᠡᠬᠦ ᠬᠥᠮᠦᠰ ᠢ ᠡᠷᠡᠰ ᠬᠢᠨᠠᠨ ᠵᠥᠪᠰᠢᠶᠡᠷᠡᠬᠦ ᠦᠭᠡᠢ᠂ ᠬᠠᠮᠢᠶ᠎ᠠ ᠪᠦᠬᠦᠢ ᠮᠡᠳᠡᠭᠡ ᠵᠠᠩᠭᠢ ᠎ ᠳᠤ ᠬᠤᠪᠢᠷᠠᠯᠲᠠ ᠭᠠᠷᠴᠤ ᠲᠤᠬᠠᠶ ᠶᠢᠨ ᠭᠠᠵᠠᠷ ᠤᠨ ᠬᠠᠮᠤᠭ ᠤᠨ ᠳᠣᠣᠷ᠎ᠠ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ ᠠᠴᠠ ᠢᠯᠡᠳᠲᠡ ᠬᠡᠲᠦᠷᠡᠭᠰᠡᠨ ᠬᠦᠮᠦᠰ ᠢ ᠴᠠᠭ ᠲᠤᠬᠠᠶ ᠳᠤᠨᠢ ᠢᠯᠭᠠᠷᠠᠭᠤᠯᠤᠨ ᠪᠤᠴᠠᠭᠠᠵᠤ᠂ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢᠨ ᠬᠠᠮᠤᠭ ᠳᠤᠤᠷ᠎ᠠ ᠪᠠᠲᠤᠯᠠᠭ᠎ᠠ ᠶᠢᠨ ᠦᠢᠯᠡᠳᠦᠯ ᠢ ᠦᠨᠡᠨ ᠬᠦ  ᠪᠠᠳᠠᠷᠠᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号