1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ ᠬᠤᠷᠠᠯᠳᠤᠭᠤᠯᠤᠭᠰᠠᠨ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢ ᠠᠬᠤᠶ ᠶᠢᠨ ᠤᠭ ᠭᠠᠷᠤᠯᠲᠠ ᠶᠢᠨ ᠤᠷᠤᠨ ᠤ | ᠪᠦᠲᠦᠭᠡᠭᠳᠡᠬᠦᠨ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠮᠡᠳᠡᠭᠰᠡᠨ ᠨᠢ᠂ ᠡᠨᠡ ᠵᠢᠯ᠂ ᠮᠠᠨ ᠤ ᠤᠷᠤᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠠᠪᠴᠤ ᠠᠮᠢ ᠠᠬᠤᠶ ᠶᠢᠨ ᠤᠭ ᠭᠠᠷᠤᠯᠲᠠ ᠶᠢᠨ ᠤᠷᠤᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ ᠢ ᠪᠦᠬᠦ ᠲᠠᠯ᠎ᠠ | ᠪᠠᠷ ᠲᠦᠯᠬᠢᠨ ᠠᠬᠢᠭᠤᠯᠵᠤ᠂ ᠡᠨᠡᠬᠦ ᠪᠣᠬᠢᠷᠲᠤᠯ ᠦᠭᠡᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠷᠠᠳ | ᠤᠯᠠᠨ ᠤ ᠠᠮᠢᠳᠤᠷᠠᠯ ᠳᠤ ᠲᠦᠷᠭᠡᠨ ᠣᠷᠤᠭᠤᠯᠵᠤ᠂ ᠠᠷᠠᠳ ᠨᠡᠶᠢᠲᠡ ᠳᠤ ᠠᠰᠢᠭ ᠬᠦᠷᠲᠡᠭᠡᠨ᠎ᠡ ᠭᠡᠪᠡ᠃ | ᠦᠪᠦᠷ ᠮᠣᠩᠭᠤᠯ ᠤᠨ ᠬᠢᠯᠢ ᠪᠠᠷ ᠤᠷᠤᠭᠤᠯᠵᠤ ᠭᠠᠷᠭᠠᠬᠤ ᠰᠢᠯᠭᠠᠨ ᠪᠠᠶᠢᠴᠠᠭᠠᠯᠲᠠ ᠬᠢᠵᠢᠭ | ᠪᠠᠶᠢᠴᠠᠭᠠᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢᠦ ᠰᠢᠨ ᠲᠠᠨᠢᠯᠴᠠᠭᠤᠯᠤᠭᠰᠠᠨ ᠨᠢ᠂ ᠠᠮᠢ ᠠᠬᠤᠢ ᠶᠢᠨ ᠤᠭ | ᠭᠠᠷᠤᠯᠲᠠ ᠶᠢᠨ ᠤᠷᠤᠨ ᠤ ᠪᠦᠲᠦᠭᠡᠭᠳᠡᠬᠦᠨ ᠭᠡᠳᠡᠭ ᠪᠣᠯ ᠪᠦᠲᠦᠭᠡᠭᠳᠡᠬᠦᠨ ᠤ ᠠᠮᠢ ᠨᠠᠰᠤᠨ ᠤ ᠦᠶᠡᠯᠡᠯ ᠨᠢ | ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ᠂ ᠳᠣᠣᠷ᠎ᠠ ᠨᠡᠭᠦᠷᠡᠰᠦᠲᠥ᠋ᠷᠥᠭᠴᠢ ᠲᠠᠢ ᠪᠦᠭᠡᠳ ᠪᠠᠭ᠎ᠠ ᠡᠨᠧᠷᠭᠢ | ᠠᠷᠪᠢᠯᠠᠬᠤ᠂ ᠡᠬᠢ ᠪᠠᠶᠠᠯᠢᠭ ᠢ ᠠᠷᠪᠢᠯᠠᠬᠤ ᠱᠠᠭᠠᠷᠳᠠᠯᠭ᠎ᠠ ᠳᠤ ᠨᠡᠶᠢᠴᠡᠬᠦ ᠪᠦᠭᠡᠳ ᠤᠭ ᠭᠠᠷᠤᠯᠲᠠ ᠶᠢᠨ ᠤᠷᠤᠨ ᠤ | ᠦᠪᠡᠷᠮᠢᠴᠡ ᠣᠨᠴᠠᠯᠢᠭ ᠢ ᠬᠠᠳᠠᠭᠠᠯᠠᠭᠰᠠᠨ ᠰᠢᠯᠢᠳᠡᠭ ᠰᠠᠶᠢᠨ ᠠᠮᠢ ᠠᠬᠤᠶ ᠶᠢᠨ ᠬᠡᠯᠪᠡᠷᠢ ᠶᠢᠨ ᠪᠦᠲᠦᠭᠡᠭᠳᠡᠬᠦᠨ ᠢ | ᠵᠢᠭᠠᠵᠤ᠂ ᠠᠮᠢ ᠠᠬᠤᠢ ᠶᠢᠨ ᠪᠦᠲᠦᠭᠡᠭᠳᠡᠬᠦᠨ ᠬᠢᠭᠡᠳ ᠤᠭ ᠭᠠᠷᠤᠯᠲᠠ ᠶᠢᠨ ᠤᠷᠤᠨ ᠤ ᠢᠮ ᠲᠡᠮᠳᠡᠭ ᠢ | ᠣᠷᠭᠠᠨᠢᠭ ᠢᠶᠠᠷ ᠤᠶᠠᠯᠳᠤᠭᠤᠯᠤᠭᠰᠠᠨ ᠪᠥᠭᠡᠳ ︽ᠨᠡᠷᠡᠲᠦ ᠲᠦᠷᠦᠯ ᠲᠡᠮᠲᠡᠭᠲᠦ︾᠂ ︽ᠮᠥᠷᠳᠡᠵᠦ ᠪᠣᠯᠬᠤ︾ ᠪᠠ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠥᠮᠦᠨ ᠨᠡᠶᠢᠭᠡᠮ ᠤᠨ ᠬᠦᠴᠦᠨ ᠵᠦᠢᠯ ᠢ ᠰᠢᠩᠭᠡᠭᠡᠨ | ᠣᠷᠤᠭᠤᠯᠵᠤ᠂ ᠤᠯᠤᠰ ᠤᠷᠤᠨ ᠤ ᠬᠢᠷᠢ ᠭᠡᠮ ᠲᠠᠢ ᠦᠨᠡᠯᠡᠯᠲᠡ ᠶᠢᠨ ᠪᠠᠶᠢᠭᠤᠯᠤᠮᠵᠢ ᠶᠢᠨ ᠦᠨᠡᠯᠡᠨ ᠲᠣᠭᠲᠠᠭᠠᠯᠲᠠ | ᠪᠠᠷ ᠬᠢᠷᠢ ᠲᠡᠩᠴᠡᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢ ᠠᠬᠤᠢ ᠶᠢᠨ ᠤᠭ | ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ ᠪᠦᠲᠦᠭᠡᠭᠳᠡᠬᠦᠨ︾ ᠵᠢᠴᠢ ︽PEOP︾ ᠲᠡᠮᠳᠡᠭ ᠢ ᠬᠡᠷᠡᠭᠯᠡᠵᠦ | ᠪᠣᠯᠬᠤ ᠨᠢᠭᠡᠨ ᠭᠠᠵᠠᠷ ᠤᠷᠤᠨ ᠤ ᠡᠬᠢ ᠪᠠᠶᠠᠯᠢᠭ᠂ ᠪᠣᠳᠠᠲᠤ ᠬᠦᠴᠦᠨ᠂ ᠳᠠᠯᠳᠠ ᠬᠦᠴᠦᠨ ᠤ ᠶᠡᠷᠦᠩᠬᠡᠶᠢᠯᠡᠭᠰᠡᠨ | ᠢᠯᠡᠷᠡᠯ ᠪᠣᠯᠤᠨ᠎ᠠ᠃ ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠪᠦᠲᠦᠭᠡᠭᠳᠡᠬᠦᠨ ᠤ ᠬᠠᠮᠠᠭᠠᠯᠠᠯᠲᠠ | ᠬᠡᠷᠡᠴᠢᠯᠡᠯᠲᠡ ᠶᠢ ᠲᠥᠯᠬᠢᠨ ᠠᠬᠢᠭᠤᠯᠬᠤ ᠨᠢ ᠪᠦᠲᠦᠭᠡᠭᠳᠡᠬᠦᠨ ᠤ ᠤᠯᠠᠨ ᠤᠯᠤᠰ ᠤᠨ ᠵᠠᠬ᠎ᠠ ᠳᠡᠯᠭᠡᠭᠦᠷ ᠳᠡᠭᠡᠷᠡᠬᠢ | ᠦᠷᠢᠰᠦᠯᠳᠦᠬᠦ ᠬᠦᠴᠦᠨ ᠪᠠ ᠪᠦᠬᠦᠶᠢᠯᠡ ᠳᠦᠷᠢ ᠳᠥᠷᠬᠦ᠂ ᠬᠡᠷᠡᠭᠯᠡᠭᠴᠢᠳ ᠤᠨ ᠢᠲᠡᠭᠡᠯ ᠵᠣᠷᠢᠭ᠂ ᠤᠯᠠᠨ | ᠤᠯᠤᠰ ᠲᠠᠬᠢ ᠨᠡᠷ᠎ᠡ ᠠᠯᠳᠠᠷ ᠵᠢᠴᠢ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠠᠵᠤ ᠦᠢᠯᠡᠰ | ᠵᠢᠴᠢ ᠠᠵᠤ ᠠᠬᠤᠶᠢᠯᠠᠯ ᠤᠨ ᠪᠣᠬᠢᠷᠲᠤᠯ ᠦᠭᠡᠢ ᠠᠮᠤᠷ ᠲᠥᠪᠰᠢᠨ᠂ ᠡᠨᠧᠷᠭᠢ ᠠᠷᠪᠢᠯᠠᠨ ᠥᠨᠳᠥᠷ ᠪᠦᠲᠦᠮᠵᠢᠲᠡᠶ᠂ | ᠳᠣᠣᠷ᠎ᠠ ᠨᠡᠭᠦᠷᠡᠰᠦᠲᠥ᠋ᠷᠥᠭᠴᠢ ᠲᠠᠢ ᠪᠦᠭᠡᠳ ᠣᠷᠴᠢᠨ ᠠᠬᠤᠢ ᠶᠢ ᠬᠠᠮᠠᠭᠠᠯᠠᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠵᠠᠰᠠᠭ ᠤᠨ ᠤᠷᠳᠤᠨ ᠤ ᠳᠡᠮᠵᠢᠯᠭᠡ ᠶᠢ ᠣᠯᠬᠤ ᠳᠤ ᠠᠰᠢᠭᠲᠠᠢ | ᠶᠤᠮ ᠭᠡᠪᠡ᠃ | ᠲᠠᠨᠢᠯᠴᠠᠭᠤᠯᠤᠭᠰᠠᠨ ᠢᠶᠠᠷ᠂ 2015 ᠣᠨ ᠤ ᠵᠢᠯ ᠤᠨ ᠡᠴᠦᠰ ᠬᠦᠷᠲᠡᠯ᠎ᠡ᠂ ᠮᠠᠨ ᠤ ᠤᠯᠤᠰ ᠤᠨ 21 ᠶᠡᠭᠡ | ᠲᠦᠷᠦᠯ ᠤᠨ 130 ᠭᠠᠷᠤᠢ ᠪᠦᠲᠦᠭᠡᠭᠳᠡᠬᠦᠨ ᠨᠢ ᠳᠤᠮᠳᠠᠳᠤ ᠤᠯᠤᠰ ᠤᠨ ᠠᠮᠢ ᠠᠬᠤᠢ ᠶᠢᠨ ᠤᠭ ᠭᠠᠷᠤᠯᠲᠠ ᠶᠢᠨ | ᠤᠷᠤᠨ ᠤ ᠪᠦᠲᠦᠭᠡᠭᠳᠡᠬᠦᠨ ᠢᠶᠠᠷ ᠬᠠᠮᠠᠭᠠᠯᠠᠭᠳᠠᠪᠠ᠃ ᠮᠠᠨ ᠤ ᠤᠷᠤᠨ ᠤ ᠠᠮᠢ ᠠᠬᠤᠢ ᠶᠢᠨ ᠤᠭ ᠭᠠᠷᠤᠯᠲᠠ ᠶᠢᠨ | ᠤᠷᠤᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ ᠤᠨ ᠡᠬᠢᠯᠡᠯᠲᠡ ᠨᠢ ᠣᠷᠤᠢ ᠪᠣᠯᠪᠠᠴᠤ ᠢᠷᠡᠭᠡᠳᠦᠢ ᠪᠣᠯ ᠰᠠᠷᠠᠭᠤᠯ | ᠶᠤᠮ᠃ ᠮᠣᠩᠭᠤᠯ ᠡᠪᠡᠰᠦ ᠭᠠᠩ ᠬᠠᠭᠤᠷᠠᠢ ᠳᠤ ᠲᠡᠰᠪᠦᠷᠢᠲᠡᠢ ᠪᠠᠶᠢᠬᠤ ᠪᠠᠷ ᠢᠶᠠᠨ ᠤᠯᠤᠰ ᠤᠨ ᠠᠮᠢ ᠠᠬᠤᠢ ᠶᠢᠨ | ᠤᠭ ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠪᠣᠯᠤᠭᠰᠠᠨ ᠤ ᠳᠠᠷᠠᠭ᠎ᠠ᠂ ᠺᠠᠶᠢᠯᠦ ᠰᠢᠶᠠᠨ ᠤ | ᠤᠯᠠᠭᠠᠨ ᠯᠠᠵᠢᠶᠣᠣ ᠵᠡᠷᠭᠡ ᠭᠤᠷᠪᠠᠨ ᠪᠦᠲᠦᠭᠡᠭᠳᠡᠬᠦᠨ ᠴᠦ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ | ᠱᠠᠲᠤᠨ ᠳᠤ ᠣᠷᠤᠭᠰᠠᠨ ᠪᠠᠶᠢᠨ᠎ᠠ᠃ | ᠰᠤᠷᠪᠤᠯᠵᠢᠯᠠᠭᠴᠢ ᠨᠡᠶᠢᠲᠡᠯᠡᠬᠦ ᠬᠤᠷᠠᠯ ᠠᠴᠠ ᠮᠡᠳᠡᠭᠰᠡᠨ ᠨᠢ᠂ ᠡᠨᠡ ᠵᠢᠯ᠂ ᠦᠪᠡᠷᠲᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠠᠴᠠ ᠤᠯᠠᠨ ᠵᠦᠢᠯ ᠤᠨ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠨᠡᠶᠢᠲᠡᠯᠡᠨ ᠠᠵᠤ | ᠠᠬᠤᠶᠢᠯᠠᠯ ᠪᠠ ᠨᠢᠭᠡᠴᠡ ᠨᠦᠭᠦᠳ ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠪᠦᠲᠦᠭᠡᠭᠳᠡᠬᠦᠨ ᠤ | ᠬᠠᠮᠠᠭᠠᠯᠠᠯᠲᠠ ᠶᠢᠨ ᠠᠵᠢᠯ ᠦᠷᠨᠢᠭᠦᠯᠬᠦ ᠶᠢ ᠵᠣᠷᠢᠭᠵᠢᠭᠤᠯᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠠᠪᠴᠤ ᠦᠪᠦᠷ ᠮᠣᠩᠭᠤᠯ ᠤᠨ ᠪᠣᠬᠢᠷᠲᠤᠯ ᠦᠭᠡᠢ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠵᠠᠢ᠂ ᠡᠨᠡ ᠨᠢ | ᠦᠪᠦᠷ ᠮᠣᠩᠭᠤᠯ ᠤᠨ ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠪᠦᠲᠦᠭᠡᠭᠳᠡᠬᠦᠨ ᠢ ᠬᠠᠮᠠᠭᠠᠯᠠᠬᠤ ᠠᠵᠢᠯ | ᠲᠦᠷᠭᠡᠯᠡᠬᠦ ᠵᠠᠮ ᠳᠠᠭᠠᠨ ᠣᠷᠤᠭᠰᠠᠨ ᠪᠡᠯᠭᠡ ᠲᠡᠮᠳᠡᠭ ᠮᠦᠨ᠃ ᠡᠳᠡᠭᠡᠷ ᠬᠠᠷᠠᠭᠠᠯᠵᠠᠯ ᠤᠨ ᠲᠥᠷᠦ ᠶᠢᠨ ᠪᠣᠳᠤᠯᠭ᠎ᠠ | ᠨᠢ᠄ ᠵᠠᠰᠠᠭ ᠤᠨ ᠤᠷᠳᠤᠨ ᠢᠶᠠᠷ ᠭᠤᠣᠯ ᠪᠣᠯᠭᠠᠬᠤ᠂ ᠰᠠᠯᠠᠭ᠎ᠠ ᠮᠦᠴᠢᠷ ᠬᠠᠮᠲᠤᠷᠠᠨ ᠬᠥᠳᠡᠯᠦᠯᠴᠡᠬᠦ᠂ ᠲᠣᠯᠤᠭᠠᠶᠢᠯᠠᠨ | ᠳᠠᠶᠢᠴᠢᠯᠠᠬᠤ᠂ ᠬᠠᠮᠲᠤᠪᠠᠷ ᠪᠠᠶᠢᠭᠤᠯᠤᠨ ᠬᠠᠮᠲᠤᠪᠠᠷ ᠵᠠᠰᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ︔ | ᠭᠤᠶᠤᠴᠢᠯᠠᠵᠤ ᠰᠢᠯᠭᠠᠨ ᠲᠣᠭᠲᠠᠭᠠᠭᠰᠠᠨ ᠠᠵᠤ ᠠᠬᠤᠶᠢᠯᠠᠯ ᠪᠠ ᠨᠢᠭᠡᠴᠡ ᠳᠤ ᠵᠣᠬᠢᠬᠤ ᠬᠡᠮᠵᠢᠶᠡᠨ ᠤ ᠠᠵᠤ | ᠠᠬᠤᠢ ᠶᠢᠨ ᠬᠦᠬᠢᠭᠦᠯᠦᠯ ᠢ ᠢᠳᠡᠪᠬᠢᠲᠡᠢ ᠪᠠᠷ ᠲᠡᠮᠡᠴᠡᠨ ᠣᠯᠭᠤᠨ᠎ᠠ᠃ ᠭᠤᠶᠤᠴᠢᠯᠠᠭᠴᠢ ᠨᠢ ᠵᠠᠰᠠᠭ ᠤᠨ ᠤᠷᠳᠤᠨ᠂ | ᠠᠵᠢᠯ ᠲᠦᠷᠦᠯ ᠤᠨ ᠨᠡᠶᠢᠭᠡᠮᠯᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠶᠤ ᠦᠢᠯᠡᠳᠪᠦᠷᠢᠯᠡᠭᠴᠢ ᠡᠵᠡᠩᠨᠡᠭᠴᠢ | ᠪᠠᠶᠢᠵᠤ ᠪᠦᠷ ᠪᠣᠯᠤᠨ᠎ᠠ︔ ᠬᠢᠨᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠦ ᠶᠢᠨ ᠪᠣᠳᠤᠯᠭ᠎ᠠ ᠣᠯᠭᠤᠨ᠎ᠠ᠃ ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ | ᠪᠦᠲᠦᠭᠡᠭᠳᠡᠬᠦᠨ ᠢ ᠢᠳᠡᠪᠬᠢᠲᠡᠢ ᠭᠤᠶᠤᠴᠢᠯᠠᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠪᠣᠶᠤ ᠬᠢᠯᠢ ᠪᠠᠷ | ᠤᠷᠤᠭᠤᠯᠵᠤ ᠭᠠᠷᠭᠠᠬᠤ ᠨᠢ ᠨᠢᠭᠡᠨᠲᠡ ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ | ᠪᠦᠲᠦᠭᠡᠭᠳᠡᠬᠦᠨ ᠢ ᠪᠣᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ᠂ ᠬᠢᠨᠠᠨ ᠪᠠᠶᠢᠴᠠᠭᠠᠬᠤ ᠬᠢᠵᠢᠭ | ᠪᠠᠶᠢᠴᠠᠭᠠᠬᠤ ᠰᠠᠯᠠᠭ᠎ᠠ ᠮᠦᠴᠢᠷ ᠠᠴᠠ ᠰᠠᠭᠠᠳ ᠦᠭᠡᠢ ᠨᠡᠪᠲᠡᠷᠡᠬᠦᠯᠬᠦ᠂ ᠴᠠᠭᠠᠰᠤ ᠦᠭᠡᠢ ᠪᠠᠷ ᠪᠣᠭᠤᠮᠲᠠ ᠭᠠᠲᠤᠯᠬᠤ | ᠲᠤᠷᠰᠢᠯᠲᠠ ᠶᠢᠨ ᠴᠢᠭ᠋ ᠪᠣᠯᠭᠠᠬᠤ᠂ ᠳᠡᠭᠡᠳᠦ ᠳᠡᠰ ᠤᠨ ᠳᠦᠷᠦᠯ ᠬᠤᠪᠢᠶᠠᠭᠰᠠᠨ ᠬᠢᠨᠠᠯᠲᠠ ᠬᠠᠮᠢᠶᠠᠷᠤᠯᠲᠠ | ᠶᠠᠪᠤᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠦ ᠶᠢᠨ ᠪᠣᠳᠤᠯᠭ᠎ᠠ ᠶᠢ ᠤᠷᠢᠳᠠᠪᠡᠷ ᠣᠯᠭᠤᠨ᠎ᠠ︔ | ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠢᠶᠠᠷ ᠦᠨᠡᠯᠡᠨ | ᠲᠣᠭᠲᠠᠭᠠᠭᠳᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠠᠮᠢ ᠠᠬᠤᠢ ᠶᠢᠨ ᠤᠭ | ᠭᠠᠷᠤᠯᠲᠠ ᠶᠢᠨ ᠤᠷᠤᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠠᠵᠢᠯ ᠬᠢᠭᠡᠳ ᠦᠨᠡᠨᠴᠢ ᠢᠲᠡᠭᠡᠮᠵᠢᠲᠦ | ᠬᠠᠮᠢᠶᠠᠷᠤᠯᠲᠠ᠂ ᠠᠶᠤᠯ ᠲᠥᠭᠰᠢᠭᠦᠷᠢ ᠶᠢᠨ ᠬᠠᠮᠢᠶᠠᠷᠤᠯᠲᠠ ᠵᠡᠷᠭᠡ ᠠᠵᠢᠯ ᠲᠠᠢ ᠨᠢᠭᠲᠠ ᠤᠶᠠᠯᠳᠤᠭᠤᠯᠵᠤ᠂ ᠬᠢᠨᠠᠨ | ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠯᠲᠠ ᠬᠠᠮᠢᠶᠠᠷᠤᠯᠲᠠ᠂ ᠪᠣᠭᠤᠮᠲᠠ ᠭᠠᠲᠤᠯᠬᠤ ᠳᠤ ᠳᠦᠭᠦᠮ ᠳᠦᠲᠡ᠂ ᠡᠯ᠎ᠡ | ᠲᠥᠷᠥᠯ ᠤᠨ ᠭᠡᠷᠡᠴᠢ ᠪᠢᠴᠢᠭ ᠣᠯᠭᠤᠬᠤ᠂ ᠢᠲᠡᠭᠡᠮᠵᠢ ᠶᠢᠨ ᠦᠨᠡᠯᠡᠯᠲᠡ ᠵᠡᠷᠭᠡ ᠲᠠᠯ᠎ᠠ ᠪᠠᠷ ᠠᠮᠢ ᠠᠬᠤᠢ ᠶᠢᠨ ᠤᠭ | ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠪᠠ ᠬᠠᠮᠢᠶ᠎ᠠ ᠪᠦᠬᠦᠢ ᠠᠵᠤ ᠠᠬᠤᠶᠢᠯᠠᠯ ᠳᠤ ᠨᠡᠩ | ᠤᠯᠠᠨ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠣᠯᠭᠤᠨ᠎ᠠ︔ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠫᠣᠷᠲ᠋ᠧᠯ ᠰᠦᠯᠵᠢᠶ᠎ᠡ᠂ ᠰᠣᠨᠢᠨ ᠲᠧᠯᠸᠢᠰ᠂ ᠲᠦᠷᠦ ᠶᠢᠨ ᠪᠤᠳᠤᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ᠂ ᠮᠡᠳᠡᠭᠡ | ᠵᠠᠩᠭᠢ ᠶᠢᠨ ᠲᠦᠷᠭᠡᠨ ᠮᠡᠳᠡᠭᠡ᠂ ᠪᠢᠴᠢᠯ ᠪᠦᠷᠭᠡ ᠸᠢᠴᠠᠲ ᠵᠡᠷᠭᠡ ᠤᠯᠠᠨ ᠵᠦᠢᠯ ᠤᠨ ᠤᠯᠠᠮᠵᠢᠯᠠᠬᠤ ᠵᠠᠭᠤᠴᠢ ᠪᠠᠷ | ᠳᠠᠮᠵᠢᠨ ᠵᠠᠰᠠᠭ ᠤᠨ ᠤᠷᠳᠤᠨ᠂ ᠨᠡᠶᠢᠭᠡᠮ᠂ ᠠᠵᠤ ᠠᠬᠤᠶᠢᠯᠠᠯ ᠵᠡᠷᠭᠡ ᠨᠢᠭᠡᠴᠡ ᠳᠤ ᠠᠮᠢ ᠠᠬᠤᠢ ᠶᠢᠨ ᠤᠭ | ᠭᠠᠷᠤᠯᠲᠠ ᠶᠢᠨ ᠤᠷᠤᠨ ᠤ ᠪᠦᠲᠦᠭᠡᠭᠳᠡᠬᠦᠨ ᠤ ᠬᠠᠮᠠᠭᠠᠯᠠᠯᠲᠠ ᠶᠢᠨ ᠠᠴᠢ ᠬᠤᠯᠪᠤᠭᠳᠠᠯ ᠪᠠ ᠦᠢᠯᠡᠳᠦᠯᠭᠡ ᠦᠷ᠎ᠡ | ᠪᠦᠲᠦᠮᠵᠢ ᠶᠢ ᠤᠬᠠᠭᠤᠯᠵᠤ᠂ ᠪᠦᠬᠦ ᠠᠷᠠᠳ ᠤᠨ ᠪᠣᠬᠢᠷᠲᠤᠯ ᠦᠭᠡᠢ᠂ ᠣᠷᠴᠢᠨ ᠠᠬᠤᠢ ᠶᠢ ᠬᠠᠮᠠᠭᠠᠯᠠᠬᠤ᠂ ᠳᠣᠣᠷ᠎ᠠ | ᠨᠡᠭᠦᠷᠡᠰᠦᠲᠥ᠋ᠷᠥᠭᠴᠢ ᠲᠠᠢ ᠠᠮᠢ ᠠᠬᠤᠢ ᠶᠢᠨ ᠣᠨᠤᠯᠵᠢᠬᠤᠨ ᠪᠠ ᠬᠡᠷᠡᠭᠯᠡᠭᠡᠨ ᠤ ᠢᠲᠡᠭᠡᠯ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠮᠢ ᠠᠬᠤᠢ ᠶᠢᠨ ᠤᠭ ᠭᠠᠷᠤᠯᠲᠠ ᠶᠢᠨ ᠤᠷᠤᠨ ᠤ ᠬᠠᠮᠠᠭᠠᠯᠠᠯᠲᠠ ᠶᠢᠨ ᠪᠦᠲᠦᠭᠡᠭᠳᠡᠬᠦᠨ ᠤ ᠨᠡᠷ᠎ᠡ | ᠲᠦᠷᠦ ᠶᠢᠨ ᠨᠥᠯᠥᠭᠡᠯᠡᠬᠦ ᠬᠦᠴᠦᠨ ᠢ ᠨᠡᠶᠢᠭᠡᠮ ᠳᠠᠶᠠᠭᠠᠷ ᠲᠤ ᠪᠦᠷᠬᠦᠭᠦᠯᠵᠦ᠂ ᠨᠡᠩ ᠤᠯᠠᠨ ᠪᠣᠬᠢᠲᠤᠯ ᠦᠭᠡᠢ | ᠡᠷᠡᠭᠦᠯ ᠪᠦᠲᠦᠭᠡᠭᠳᠡᠬᠦᠨ ᠢ ᠦᠶ ᠣᠯᠠᠨ ᠠᠶᠢᠯ ᠡᠷᠦᠬᠡ ᠳᠤ ᠣᠷᠤᠭᠤᠯᠵᠤ᠂ ᠬᠤᠶᠢᠲᠤ ᠦᠶ᠎ᠡ ᠳᠡᠭᠡᠨ ᠪᠣᠶᠠᠨ | ᠦᠢᠯᠡᠳᠬᠦ ᠶᠢ ᠪᠠᠭᠲᠠᠭᠠᠨ᠎ᠠ᠃ |