ᠪᠦᠬᠦ ᠣᠷᠣᠨ ᠤ 2015 ᠣᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠭᠤᠯᠤᠨ ᠰᠢᠯᠭᠠᠬᠤ ᠠᠵᠢᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2016/1/7
     12 ᠳ᠋ᠦ᠋ᠭᠡᠷ ᠰᠠᠷ᠎ᠠ ᠶᠢᠨ ᠡᠴᠦᠰ ᠲᠤ᠂ ᠪᠦᠬᠦ ᠣᠷᠣᠨ ᠤ 2015 ᠣᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠭᠤᠯᠤᠨ ᠰᠢᠯᠭᠠᠬᠤ ᠠᠵᠢᠯ ᠲᠡᠭᠦᠰ ᠠᠮᠵᠢᠯᠲᠠ ᠲᠠᠢ ᠲᠡᠭᠦᠰᠪᠡ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠭᠤᠯᠤᠨ ᠰᠢᠯᠭᠠᠬᠤ ᠦᠷᠳᠡᠭᠡ ᠪᠣᠯᠤᠨ ᠬᠥᠯᠥᠨ ᠪᠤᠶᠢᠷ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠦᠩᠯᠢᠶᠣᠤ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠷᠳᠤᠰ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠤᠯᠠᠭᠠᠨᠴᠠᠪ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠲᠣᠪᠴᠢᠶ᠎ᠠ ᠵᠡᠷᠭᠡ ᠠᠶᠢᠮᠠᠭ ᠬᠤᠲᠠ ᠶᠢᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠭᠤᠯᠤᠨ ᠰᠢᠯᠭᠠᠬᠤ ᠥᠷᠲᠡᠭᠡ ᠲᠤᠰ ᠵᠢᠯ ᠪᠣᠯᠪᠠᠰᠤᠷᠠᠭᠤᠯᠤᠯ ᠰᠢᠯᠭᠠᠯᠲᠠ ᠶᠢᠨ ᠠᠩᠭᠢ ᠶᠢ ᠨᠡᠶᠢᠳᠡ 19 ᠬᠤᠭᠤᠴᠠᠭ᠎ᠠ ᠡᠷᠬᠢᠯᠡᠵᠦ᠂ 2900 ᠭᠠᠷᠤᠶ ᠬᠥᠮᠦᠨ ᠤᠳᠠᠭ᠎ᠠ ᠶᠢ ᠪᠣᠯᠪᠠᠰᠤᠷᠠᠭᠤᠯᠤᠨ ᠰᠢᠯᠭᠠᠪᠠ᠃ ᠥᠪᠡᠷᠲᠡᠭᠡᠨ ᠵᠠᠰᠠᠭ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠭᠤᠯᠤᠨ ᠰᠢᠯᠭᠠᠬᠤ ᠲᠥᠪ ᠢ ᠪᠠᠶᠢᠭᠤᠯᠤᠭᠰᠠᠨ ᠠᠴᠠ ᠨᠠᠰᠢ᠂ ᠮᠣᠩᠭᠤᠯ ᠬᠡᠯᠡ ᠪᠢᠴᠢᠭ ᠤᠨ ᠰᠢᠨᠵᠢᠯᠡᠬᠦ ᠤᠬᠠᠭᠠᠨ ᠤ ᠬᠠᠮᠢᠶᠠᠷᠤᠯᠲᠠ ᠶᠢᠨ ᠭᠠᠵᠠᠷ ᠨᠢ ᠵᠦᠪᠯᠡᠯ ᠤᠨ ᠤᠳᠤᠷᠢᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠪᠣᠯᠪᠠᠰᠤᠷᠠᠭᠤᠯᠤᠨ ᠰᠢᠯᠭᠠᠬᠤ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠡᠭᠦᠷᠭᠡᠯᠡᠵᠦ᠂ ᠠᠩᠬᠠᠨ ᠤ ᠡᠭᠡᠯᠵᠢ ᠶᠢᠨ ᠪᠣᠯᠪᠠᠰᠤᠷᠠᠭᠤᠯᠤᠨ ᠰᠢᠯᠭᠠᠬᠤ ᠠᠵᠢᠯ ᠢ 2004 ᠣᠨ ᠳᠤ ᠡᠬᠢᠯᠡᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠭ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠪᠦᠬᠦ ᠣᠷᠣᠨ ᠤ ᠬᠡᠪᠴᠢᠶᠡᠨ ᠳᠣᠲᠣᠷ᠎ᠠ ᠤᠷᠢᠳ ᠬᠤᠵᠢᠳ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠤᠯᠪᠠᠰᠤᠷᠠᠭᠤᠯᠤᠨ ᠰᠢᠯᠭᠠᠬᠤ ᠦᠷᠳᠡᠭᠡ15᠎ ᠶᠢ ᠪᠠᠶᠢᠭᠤᠯᠵᠤ᠂ ᠤᠷᠢᠳ ᠬᠤᠵᠢᠳ 2 ᠲᠦᠮᠡ ᠭᠠᠷᠤᠶ ᠬᠥᠮᠦᠨ ᠤᠳᠠᠭ᠎ᠠ ᠪᠣᠯᠪᠠᠰᠤᠷᠠᠭᠤᠯᠤᠨ ᠰᠢᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号