ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠠᠷᠭ᠎ᠠ
ᠨᠡᠶᠢᠲᠡᠯᠡᠭᠰᠡᠨ ᠴᠠᠭ᠄
2016/1/7
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ              215 ᠳ᠋ᠤᠭᠠᠷ ᠲᠤᠭᠠᠳᠤ            ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠠᠷᠭ᠎ᠠ︾᠎ ᠶᠢ 2015 ᠣᠨ ᠤ 6 ᠳ᠋ᠣᠭᠠᠷ ᠰᠠᠷ᠎ᠠ ᠶᠢᠨ 17᠎ ᠤ ᠡᠳᠣᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠣ ᠪᠠᠳᠣᠯᠠᠭᠠᠣᠨ᠂ ᠡᠳᠣᠭᠡ ᠨᠡᠶᠢᠲᠡᠯᠡᠪᠡ᠂ 2015 ᠣᠨ ᠤ 8 ᠳ᠋ᠣᠭᠠᠷ ᠰᠠᠷ᠎ᠠ ᠶᠢᠨ 1᠎ ᠤ ᠡᠳᠣᠷ ᠠᠴᠠ ᠡᠬᠢᠯᠡᠵᠦ ᠬᠡᠷᠡᠭᠵᠢᠭᠦᠯᠦᠨ᠎ᠡ᠃                        ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠠᠭᠠᠲᠤᠷ                        2015 ᠣᠨ ᠤ 7 ᠳ᠋ᠤᠭᠠᠷ ᠰᠠᠷ᠎ᠠ ᠶᠢᠨ 1᠎ ᠤ ᠡᠳᠦᠷ            ᠨᠢᠭᠡᠳᠦᠭᠡᠷ ᠵᠦᠢᠯ ᠴᠡᠷᠢᠭ ᠬᠥᠮᠦᠨ ᠳᠤ ᠣᠯᠭᠤᠬᠤ ᠤᠯᠤᠰ ᠤᠨ ᠠᠰᠠᠷᠠᠮᠵᠢ ᠬᠠᠷᠠᠭᠠᠯᠵᠠᠯ ᠢ ᠪᠠᠳᠣᠯᠠᠨ᠂ ᠠᠰᠠᠷᠠᠮᠵᠢ ᠬᠠᠷᠠᠭᠠᠯᠵᠠᠯ ᠭᠦᠷᠳᠡᠭᠴᠢᠣᠨ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠣᠰᠠᠳᠠ᠂ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ︾᠂ ︽ᠦᠷᠡᠭᠳᠡᠭᠰᠡᠨ ᠪᠠᠭᠠᠲᠤᠷᠴᠤᠳ ᠢ ᠪᠠᠳᠣᠯᠠᠨ ᠰᠠᠶᠢᠰᠢᠶᠠᠬᠤ ᠳᠦᠷᠢᠮ︾᠎ ᠢ ᠦᠨᠳᠣᠰᠣᠯᠠᠵᠣ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠠᠯᠪᠠ ᠬᠠᠭᠠᠵᠣ ᠪᠠᠶᠢᠬᠤ ᠴᠡᠷᠢᠭ ᠬᠥᠮᠦᠨ ︵ᠲᠣᠣᠷ᠎ᠡ ᠠᠯᠪᠠ ᠬᠠᠭᠠᠵᠣ ᠪᠠᠶᠢᠬᠤ ᠴᠡᠷᠢᠭ ᠬᠥᠮᠦᠨ ᠭᠡᠵᠦ ᠲᠣᠪᠴᠢᠯᠠᠨ᠎ᠠ︶᠂ ᠴᠡᠷᠢᠭ ᠤᠨ ᠠᠯᠪᠠ ᠠᠴᠠ ᠪᠠᠭᠤᠬᠰᠠᠨ ᠵᠡᠮᠳᠡᠭ ᠴᠡᠷᠢᠭ ᠬᠥᠮᠦᠨ ᠵᠢᠴᠢ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠪᠠᠭᠤᠭᠰᠠᠣᠨ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠭᠡᠷ ᠪᠦᠯᠢ ᠶᠢᠨ ᠬᠢᠨ᠂ ᠠᠯᠪᠠ ᠬᠠᠭᠠᠵᠣ ᠪᠠᠶᠢᠬᠤ ᠴᠡᠷᠢᠭ ᠤᠨ ᠭᠡᠷ ᠪᠦᠯᠢ ᠶᠢᠨ ᠬᠢᠨ ᠪᠣᠯ ᠲᠤᠰ ᠠᠷᠭ᠎ᠠ ᠳᠤ ᠲᠣᠭᠲᠠᠭᠠᠭᠰᠠᠨ ᠠᠰᠠᠷᠠᠮᠵᠢ ᠬᠠᠷᠠᠭᠠᠯᠵᠠᠯ ᠭᠦᠷᠳᠡᠭᠴᠢᠣᠨ ᠮᠥᠨ ᠪᠣᠯᠬᠤᠷ᠂ ᠲᠣᠭᠲᠠᠭᠠᠯ ᠶᠣᠰᠣᠭᠠᠷ ᠠᠰᠠᠷᠠᠮᠵᠢ ᠬᠠᠷᠠᠭᠠᠯᠵᠠᠯ ᠭᠦᠷᠳᠡᠭᠦ ᠪᠣᠯᠣᠨ᠎ᠠ᠃      ᠭᠤᠷᠪᠠᠳᠤᠭᠠᠷ ᠵᠦᠢᠯ ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠳᠤ᠂ ᠤᠯᠤᠰ ᠪᠠ ᠨᠡᠶᠢᠭᠡᠮ ᠤᠨ ᠬᠠᠷᠢᠯᠴᠠᠨ ᠤᠶᠠᠯᠳᠤᠭᠤᠯᠣᠭᠰᠠᠨ ᠴᠢᠭᠯᠡᠯᠲᠡ ᠶᠢ ᠬᠡᠷᠡᠭᠵᠢᠭᠦᠯᠵᠦ᠂ ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠲᠠᠢ ᠬᠠᠷᠢᠯᠴᠠᠨ ᠵᠣᠬᠢᠴᠠᠯᠳᠣᠬᠤ ᠶᠢ ᠪᠠᠳᠣᠯᠠᠵᠣ᠂ ᠠᠰᠠᠷᠠᠮᠵᠢ ᠬᠠᠷᠠᠭᠠᠯᠵᠠᠯ ᠭᠦᠷᠳᠡᠭᠴᠢᠣᠨ ᠤᠨ ᠠᠮᠢᠳᠤᠷᠠᠯ ᠨᠢ ᠲᠤᠬᠠᠶ ᠶᠢᠨ ᠭᠠᠵᠠᠷ ᠤᠨ ᠳᠤᠮᠳᠠᠴᠢ ᠠᠮᠢᠳᠤᠷᠠᠯ ᠤᠨ ᠬᠢᠷᠢ ᠬᠡᠮᠵᠢᠶ᠎ᠡ ᠠᠴᠠ ᠳᠣᠣᠷ᠎ᠠ ᠦᠭᠡᠢ ᠪᠠᠶᠢᠬᠤ ᠶᠢ ᠪᠠᠲᠤᠯᠠᠨ᠎ᠠ᠃ ᠨᠡᠶᠢᠭᠡᠮ ᠨᠡᠶᠢᠲᠡ ᠪᠠᠷ ᠢᠶᠠᠨ ᠠᠰᠠᠷᠠᠮᠵᠢ ᠬᠠᠷᠠᠭᠠᠯᠵᠠᠯ ᠭᠦᠷᠳᠡᠭᠴᠢᠣᠨ ᠢ ᠬᠠᠯᠠᠮᠵᠢᠯᠠᠵᠤ ᠬᠦᠨᠳᠦᠳᠬᠡᠨ᠂ ᠣᠯᠠᠨ ᠵᠦᠢᠯ ᠤᠨ ᠬᠡᠯᠪᠡᠷᠢ ᠪᠠᠷ ᠴᠡᠷᠢᠭ ᠢᠶᠠᠨ ᠬᠦᠷᠢᠶᠡᠯᠡᠨ ᠭᠡᠷ ᠪᠦᠯᠢ ᠶᠢᠨ ᠬᠢᠨ ᠢ ᠨᠢ ᠬᠠᠷᠠᠭᠠᠯᠵᠠᠬᠤ ᠠᠵᠢᠯᠯᠠᠭ᠎ᠠ ᠥᠷᠨᠢᠭᠦᠯᠭᠦ ᠬᠡᠷᠩᠳᠠᠢ᠃ ᠴᠡᠷᠢᠭ ᠬᠥᠮᠦᠨ ᠳᠤ ᠣᠯᠭᠤᠬᠤ ᠠᠰᠠᠷᠠᠮᠵᠢ ᠬᠠᠷᠠᠭᠠᠯᠵᠠᠯ ᠤᠨ ᠠᠵᠢᠯ ᠦᠢᠯᠡᠰ ᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠲᠤᠰᠠᠯᠠᠮᠵᠢ ᠦᠵᠡᠭᠦᠯᠬᠦ ᠶᠢ ᠵᠣᠷᠢᠬᠵᠢᠭᠤᠯᠣᠨ᠎ᠠ᠃     ᠳᠥᠷᠪᠡᠳᠦᠭᠡᠷ ᠵᠦᠢᠯ ᠴᠡᠷᠢᠭ ᠬᠥᠮᠦᠨ ᠳᠤ ᠣᠯᠭᠤᠬᠤ ᠠᠰᠠᠷᠠᠮᠵᠢ ᠬᠠᠷᠠᠭᠠᠯᠵᠠᠯ ᠳᠤ ᠬᠡᠷᠡᠭᠰᠡᠬᠦ ᠵᠠᠷᠤᠳᠠᠯ ᠳᠠᠬᠢ᠂ ᠲᠥᠪ ᠤᠨ ᠡᠳ᠋ ᠤᠨ ᠵᠠᠰᠠᠭ ᠠᠴᠠ ᠡᠭᠦᠷᠭᠡᠯᠡᠵᠣ ᠪᠠᠶᠢᠬᠤ ᠠᠴᠠ ᠪᠣᠰᠣᠣᠨ ᠢ ᠪᠣᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠱᠠᠲᠤ ᠬᠤᠪᠢᠶᠠᠨ ᠡᠭᠦᠷᠭᠡᠯᠡᠨ᠎ᠡ᠃ ᠴᠡᠷᠢᠭ ᠬᠥᠮᠦᠨ ᠳᠤ ᠣᠯᠭᠤᠬᠤ ᠠᠰᠠᠷᠠᠮᠵᠢ ᠬᠠᠷᠠᠭᠠᠯᠵᠠᠯ ᠤᠨ ᠵᠠᠷᠤᠳᠠᠯ ᠤᠨ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢᠨ ᠬᠠᠮᠲᠤ᠂ ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ ᠮᠥᠴᠢᠷ ᠤᠨ ᠬᠢᠨᠠᠯᠲᠠ ᠳᠠᠯᠪᠢᠬᠤ ᠶᠢ ᠭᠦᠯᠢᠶᠠᠭᠦ ᠬᠡᠷᠩᠳᠠᠢ᠃      ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠬᠠᠷᠢᠶᠠᠨ ᠳᠠᠬᠢ ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠠᠵᠢᠯ ᠢ ᠭᠤᠣᠯᠴᠢᠯᠠᠨ ᠬᠠᠮᠢᠶᠠᠷᠣᠨ᠎ᠠ᠃ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ ᠨᠦᠭᠦᠳ ᠴᠡᠷᠢᠭ ᠬᠥᠮᠦᠨ ᠳᠤ ᠣᠯᠭᠤᠬᠤ ᠠᠰᠠᠷᠠᠮᠵᠢ ᠬᠠᠷᠠᠭᠠᠯᠵᠠᠯ ᠤᠨ ᠳᠠᠯ᠎ᠠ ᠪᠠᠷ ᠬᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃      ᠵᠢᠷᠭᠤᠳᠤᠭᠠᠷ ᠵᠦᠢᠯ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠭᠡᠷ ᠪᠦᠯᠢ ᠶᠢᠨ ᠬᠢᠨ ᠳᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷᠡᠭᠳᠡᠭᠰᠡᠨ ᠪᠠᠭᠠᠲᠤᠷᠴᠤᠳ ᠤᠨ ᠭᠡᠷᠡᠴᠢ ᠪᠢᠴᠢᠭ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠭᠡᠷᠡᠴᠢ ᠪᠢᠴᠢᠭ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠭᠦᠮᠣᠨ ᠤ ᠡᠪᠡᠳᠴᠢᠨ ᠢᠶᠠᠷ ᠨᠠᠰᠤ ᠪᠠᠷᠠᠭᠰᠠᠨ ᠭᠡᠷᠡᠴᠢ ᠪᠢᠴᠢᠭ︾ ︵ᠲᠣᠣᠷ᠎ᠡ ︽ᠭᠡᠷᠡᠴᠢ ᠪᠢᠴᠢᠭ︾ ᠭᠡᠵᠦ ᠶᠡᠷᠦᠩᠬᠡᠶᠢᠯᠡᠨ ᠨᠡᠷᠡᠶᠢᠳᠦᠨ᠎ᠡ︶᠎ ᠢ ᠲᠤᠰ ᠲᠤᠰ ᠣᠯᠭᠤᠬᠤ ᠬᠡᠷᠩᠳᠠᠢ᠃      ︽ᠭᠡᠷᠡᠴᠢ ᠪᠢᠴᠢᠭ︾ ᠭᠠᠷᠳᠠᠬᠤ ᠬᠥᠮᠦᠨ ᠢ ᠪᠣᠯ ᠲᠡᠭᠦᠨ ᠤ ᠡᠴᠢᠭᠡ ᠡᠬᠡ ︵ᠠᠰᠠᠷᠠᠨ ᠲᠡᠵᠢᠭᠡᠭᠴᠢ︶᠂ ᠬᠤᠯᠪᠣᠰᠤ᠂ ᠦᠷ᠎ᠡ ᠬᠡᠦᠬᠡᠳ᠂ ᠠᠬ᠎ᠠ ᠳᠡᠭᠦᠦ ᠡᠭᠡᠴᠢ ᠥᠬᠢᠨ ᠳᠡᠭᠦᠦ ᠨᠢ ᠵᠥᠪᠳᠡᠯᠴᠡᠨ ᠲᠣᠭᠲᠠᠭᠠᠵᠣ᠂ ᠵᠥᠪᠯᠡᠭᠰᠡᠨ ᠦᠷ᠎ᠡ ᠳ᠋ᠦᠩ ᠢᠶᠠᠨ ᠪᠢᠴᠢᠭ ᠢᠶᠠᠷ ᠦᠨᠡᠮᠯᠡᠯ ᠣᠯᠭᠤᠬᠤ ᠪᠠᠶᠢᠭᠤᠯᠭ᠎ᠠ ᠳᠤ ᠮᠡᠳᠡᠭᠦᠯᠭᠦ ᠬᠡᠷᠩᠳᠠᠢ︔ ᠵᠥᠪᠳᠡᠯᠴᠡᠭᠡᠳ ᠪᠦᠲᠦᠭᠰᠡᠨ ᠦᠭᠡᠶ ᠪᠣᠯ᠂ ᠳᠣᠣᠷ᠎ᠠ ᠵᠢᠭᠰᠠᠭᠠᠭᠰᠠᠨ ᠳᠡᠰ ᠳᠠᠷᠠᠭᠠᠯᠠᠯ ᠢᠶᠠᠷ ᠲᠣᠭᠲᠠᠭᠠᠨ᠎ᠠ᠄      ︵ᠨᠢᠭᠡ︶ ᠡᠴᠢᠭᠡ ᠡᠬᠡ ︵ᠠᠰᠠᠷᠠᠨ ᠲᠡᠵᠢᠭᠡᠭᠴᠢ︶᠃      ︵ᠬᠤᠶᠠᠷ︶ ᠬᠤᠯᠪᠣᠰᠤ᠃      ︵ᠭᠤᠷᠪᠠ︶ ᠦᠷ᠎ᠡ ᠬᠡᠦᠬᠡᠳ ︵ᠣᠯᠠᠨ ᠦᠷ᠎ᠡ ᠬᠡᠦᠬᠡᠳ ᠲᠠᠢ ᠪᠣᠯ᠂ ᠨᠠᠰᠣ ᠪᠠᠷ ᠠᠬ᠎ᠠ ᠪᠣᠯᠬᠤ ᠦᠷ᠎ᠡ ᠬᠡᠦᠬᠡᠳ ᠲᠤ ᠣᠯᠭᠤᠨ᠎ᠠ︶᠃      ︵ᠳᠥᠷᠪᠡ︶ ᠠᠬ᠎ᠠ ᠳᠡᠭᠦᠦ ᠡᠭᠡᠴᠢ ᠥᠬᠢᠨ ᠳᠡᠭᠦᠦ ︵ᠣᠯᠠᠨ ᠠᠬ᠎ᠠ ᠳᠡᠭᠦᠦ ᠡᠭᠡᠴᠢ ᠥᠬᠢᠨ ᠳᠡᠭᠦᠦ ᠲᠠᠢ ᠪᠣᠯ᠂ ᠲᠡᠭᠦᠨ ᠤ ᠳᠣᠲᠣᠷᠠᠬᠢ ᠨᠠᠰᠣ ᠪᠠᠷ ᠠᠬ᠎ᠠ ᠳᠤᠨᠢ ᠣᠯᠭᠤᠨ᠎ᠠ︶᠃ ᠡᠮᠦᠨᠡᠬᠢ ᠵᠣᠷᠪᠣᠰ ᠤᠨ ᠲᠣᠭᠲᠠᠭᠠᠭᠰᠠᠨ ᠢᠶᠠᠷ ᠨᠦᠭᠴᠢᠭᠰᠡᠣᠨ ᠲᠤ ᠭᠡᠷ ᠪᠦᠯᠢ ᠶᠢᠨ ᠭᠦᠮᠣᠨ ᠦᠭᠡᠶ ᠪᠣᠯ᠂ ︽ᠭᠡᠷᠡᠴᠢ ᠪᠢᠴᠢᠭ︾ ᠣᠯᠭᠤᠬᠤ ᠦᠭᠡᠢ᠃     ᠳᠣᠯᠣᠳᠤᠭᠠᠷ ᠵᠦᠢᠯ ᠨᠢᠭᠡ ᠯᠡ ᠤᠳᠠᠭᠠᠨ ᠤ ᠴᠢᠨᠠᠷᠲᠠᠶ ᠣᠯᠭᠤᠬᠤ ᠠᠰᠠᠷᠠᠮᠵᠢ ᠶᠢᠨ ᠮᠥᠩᠭᠦ ᠶᠢ ᠪᠣᠯ ᠤᠯᠤᠰ ᠤᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ᠂ ︽ᠭᠡᠷᠡᠴᠢ ᠪᠢᠴᠢᠭ︾ ᠭᠠᠷᠳᠡᠬᠴᠢ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠳᠣᠣᠷ᠎ᠠ ᠵᠢᠭᠰᠠᠭᠠᠭᠰᠠᠨ ᠠᠷᠭ᠎ᠠ ᠶᠣᠰᠣᠭᠠᠷ ᠣᠯᠭᠤᠨ᠎ᠠ᠄      ︵ᠨᠢᠭᠡ︶ ᠡᠴᠢᠭᠡ ᠡᠬᠡ ︵ᠠᠰᠠᠷᠠᠨ ᠲᠡᠵᠢᠭᠡᠭᠴᠢ︶᠂ ᠬᠤᠯᠪᠣᠰᠤ᠂ ᠦᠷ᠎ᠡ ᠬᠡᠦᠬᠡᠳ ᠲᠠᠢ ᠪᠥᠭᠡᠳ ᠬᠤᠪᠢᠶᠠᠷᠢᠯᠠᠬᠤ ᠲᠤᠭ᠎ᠠ ᠶᠢ ᠵᠥᠪᠳᠡᠯᠴᠡᠭᠡᠳ ᠰᠠᠨᠠᠯ ᠨᠢᠭᠡᠳᠠᠢ ᠪᠠᠶᠢᠪᠡᠯ᠂ ᠵᠥᠪᠳᠡᠯᠴᠡᠭᠡᠣᠨ ᠲᠣᠭᠳᠠᠭᠰᠠᠨ ᠲᠤᠭ᠎ᠠ ᠶᠣᠰᠣᠭᠠᠷ ᠣᠯᠭᠤᠨ᠎ᠠ︔ ᠵᠥᠪᠳᠡᠯᠴᠡᠭᠡᠳ ᠪᠦᠲᠦᠭᠰᠡᠨ ᠦᠭᠡᠶ ᠪᠠᠶᠢᠪᠠᠯ᠂ ᠬᠥᠮᠦᠨ ᠤ ᠲᠤᠭ᠎ᠠ ᠪᠠᠷ ᠲᠡᠩᠴᠡᠭᠦᠯᠣᠭ᠍ᠰᠡᠨ ᠲᠤᠭ᠎ᠠ ᠪᠠᠷ ᠣᠯᠭᠤᠨ᠎ᠠ᠃      ︵ᠬᠤᠶᠠᠷ︶ ᠡᠴᠢᠭᠡ ᠡᠬᠡ ︵ᠠᠰᠠᠷᠠᠨ ᠲᠡᠵᠢᠭᠡᠭᠴᠢ︶᠂ ᠬᠤᠯᠪᠣᠰᠤ᠂ ᠦᠷ᠎ᠡ ᠬᠡᠦᠬᠡᠳ ᠦᠭᠡᠢ ᠪᠣᠯ᠂ ᠪᠦᠬᠦᠯᠢ 18 ᠨᠠᠰᠤ ᠬᠦᠷᠦᠭᠡᠳᠦᠢ ᠠᠬ᠎ᠠ ᠳᠡᠭᠦᠦ ᠡᠭᠡᠴᠢ ᠥᠬᠢᠨ ᠳᠡᠭᠦᠦ ᠪᠣᠯᠤᠨ ᠪᠦᠬᠦᠯᠢ 18 ᠨᠠᠰᠤ ᠬᠦᠷᠦᠭᠰᠡᠨ ᠪᠣᠯᠪᠠᠴᠤ ᠠᠮᠢᠳᠤᠷᠠᠯ ᠤᠨ ᠵᠠᠷᠤᠳᠠᠯ ᠤᠨ ᠢᠷᠡᠯᠲᠡ ᠦᠭᠡᠶ ᠮᠦᠷᠳᠡᠭᠡᠨ ᠲᠤᠰ ᠴᠡᠷᠢᠭ ᠬᠥᠮᠦᠨ ᠤ ᠠᠮᠢᠳᠤ ᠰᠡᠷᠡᠭᠦᠨ ᠪᠠᠶᠢᠬᠤ ᠳᠠᠭᠠᠨ ᠠᠰᠠᠷᠠᠨ ᠲᠡᠵᠢᠭᠡᠵᠣ ᠪᠠᠶᠢᠭᠰᠠᠨ ᠠᠬ᠎ᠠ ᠳᠡᠭᠦᠦ ᠡᠭᠡᠴᠢ ᠥᠬᠢᠨ ᠳᠡᠭᠦᠦ ᠳᠤᠨᠢ ᠣᠯᠭᠤᠨ᠎ᠠ᠃ ᠠᠬ᠎ᠠ ᠳᠡᠭᠦᠦ ᠡᠭᠡᠴᠢ ᠥᠬᠢᠨ ᠳᠡᠭᠦᠦ ᠶᠢᠨ ᠲᠣᠳᠣᠷᠠᠬᠢ ᠬᠤᠶᠠᠷ ᠬᠥᠮᠦᠨ ᠠᠴᠠ ᠳᠡᠭᠡᠭᠰᠢᠬᠢ ᠮᠥᠷᠲᠡᠭᠡᠨ ᠬᠤᠪᠢᠶᠠᠷᠢᠯᠠᠬᠤ ᠲᠤᠭ᠎ᠠ ᠶᠢ ᠵᠥᠪᠳᠡᠯᠴᠡᠭᠡᠳ ᠰᠠᠨᠠᠯ ᠨᠢᠭᠡᠳᠠᠢ ᠪᠠᠶᠢᠪᠡᠯ᠂ ᠵᠥᠪᠳᠡᠯᠴᠡᠭᠡᠣᠨ ᠲᠣᠭᠲᠠᠭᠰᠠᠨ ᠲᠤᠭ᠎ᠠ ᠶᠣᠰᠣᠭᠠᠷ ᠣᠯᠭᠤᠨ᠎ᠠ︔ ᠵᠥᠪᠳᠡᠯᠴᠡᠭᠡᠳ ᠪᠦᠲᠦᠭᠰᠡᠨ ᠦᠭᠡᠶ ᠪᠠᠶᠢᠪᠠᠯ᠂ ᠬᠥᠮᠦᠨ ᠤ ᠲᠤᠭ᠎ᠠ ᠪᠠᠷ ᠲᠡᠩᠴᠡᠭᠦᠯᠣᠭ᠍ᠰᠡᠨ ᠲᠤᠭ᠎ᠠ ᠪᠠᠷ ᠣᠯᠭᠤᠨ᠎ᠠ᠃      ᠡᠮᠦᠨᠡᠬᠢ ᠵᠣᠷᠪᠣᠰ ᠤᠨ ᠲᠣᠭᠲᠠᠭᠠᠭᠰᠠᠨ ᠢᠶᠠᠷ ᠨᠦᠭᠴᠢᠭᠰᠡᠣᠨ ᠲᠤ ᠭᠡᠷ ᠪᠦᠯᠢ ᠶᠢᠨ ᠭᠦᠮᠣᠨ ᠦᠭᠡᠶ ᠪᠣᠯ᠂ ᠨᠢᠭᠡ ᠯᠡ ᠤᠳᠠᠭᠠᠨ ᠤ ᠴᠢᠨᠠᠷᠲᠠᠶ ᠠᠰᠠᠷᠠᠮᠵᠢ ᠶᠢᠨ ᠮᠥᠩᠭᠦ ᠣᠯᠭᠤᠬᠤ ᠦᠭᠡᠶ᠃      ᠨᠠᠢᠮᠠᠳᠤᠭᠠᠷ ᠵᠦᠢᠯ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ︾᠎ ᠳᠤ ᠲᠣᠭᠲᠠᠭᠠᠭᠰᠠᠨ ᠨᠥᠬᠦᠴᠡᠯ ᠯᠦᠭᠡ ᠨᠡᠶᠢᠴᠡᠬᠦ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠬᠥᠮᠦᠨ ᠤ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠭᠡᠷ ᠪᠦᠯᠢ ᠶᠢᠨ ᠬᠢᠨ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠶᠢᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠶᠢ ᠭᠦᠷᠳᠡᠨ᠎ᠠ᠃ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠶᠢ ᠪᠣᠯ ᠨᠥᠭᠴᠢᠭᠰᠡᠳ ᠤᠨ ᠭᠡᠷ ᠪᠦᠯᠢ ᠶᠢᠨ ᠬᠢᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠣᠯᠭᠤᠨ᠎ᠠ᠃       ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠣᠯᠭᠤᠭᠤᠯᠬᠤ ᠪᠠᠷ ᠭᠤᠶᠤᠴᠢᠯᠠᠭᠰᠠᠨ ᠨᠦᠭᠴᠢᠭᠰᠡᠣᠨ ᠤᠨ ᠭᠡᠷ ᠪᠦᠯᠢ ᠶᠢᠨ ᠬᠢᠨ ᠨᠢ ᠲᠤᠰ ᠬᠥᠮᠦᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠭᠦᠷᠴᠣ ᠳᠡᠮᠳᠡᠭᠯᠡᠭᠦᠯᠭᠦ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠳᠡᠮᠳᠡᠭᠯᠡᠭᠦᠯᠭᠦ ᠭᠤᠶᠤᠴᠢᠯᠠᠯ ᠢ ᠬᠦᠯᠢᠶᠡᠨ ᠠᠪᠣᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠬᠡᠷᠡᠭᠲᠡᠶ᠂ ᠬᠠᠤᠯᠢ ᠪᠠᠷ ᠲᠣᠭᠲᠠᠭᠠᠭᠰᠠᠨ ᠨᠥᠬᠦᠴᠡᠯ ᠯᠦᠭᠡ ᠨᠡᠶᠢᠴᠡᠪᠡᠯ᠂ ︽ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠠᠪᠬᠤ ᠦᠨᠡᠮᠯᠡᠯ︾ ᠣᠯᠭᠤᠨ᠎ᠠ︔ ᠬᠠᠤᠯᠢ ᠳᠤ ᠲᠣᠭᠲᠠᠭᠠᠭᠰᠠᠨ ᠨᠥᠬᠦᠴᠡᠯ ᠯᠦᠭᠡ ᠨᠡᠶᠢᠴᠡᠬᠦ ᠦᠭᠡᠶ ᠪᠠᠶᠢᠪᠠᠯ᠂ ᠪᠢᠴᠢᠭ ᠢᠶᠠᠷ ᠤᠴᠢᠷ ᠰᠢᠯᠲᠠᠭᠠᠨ ᠢ ᠨᠢ ᠮᠡᠳᠡᠭᠳᠡᠭᠦ ᠬᠡᠷᠡᠭᠲᠡᠶ᠃ ︽ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠠᠪᠬᠤ ᠦᠨᠡᠮᠯᠡᠯ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢᠭᠡᠳᠦᠯᠲᠡᠶ ᠳᠠᠷᠤᠮᠠᠯᠯᠠᠨ ᠦᠢᠯᠡᠳᠦᠨ᠎ᠡ᠃      ᠶᠢᠰᠦᠳᠦᠭᠡᠷ ᠵᠦᠢᠯ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠶᠢ ᠪᠣᠯ ᠴᠡᠷᠢᠭ ᠬᠦᠮᠣᠨ ᠦᠭᠦᠵᠣ ᠦᠷᠡᠭᠳᠡᠭᠰᠡᠨ ᠪᠠᠭᠠᠲᠤᠷ ᠢᠶᠠᠷ ᠵᠥᠪᠰᠢᠶᠡᠷᠡᠭᠳᠡᠭᠰᠡᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠬᠥᠮᠦᠨ ᠪᠠ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠢᠶᠠᠷ ᠲᠣᠳᠣᠯᠣᠭᠰᠠᠨ ᠲᠤᠰ ᠰᠠᠷ᠎ᠠ ᠠᠴᠠ ᠡᠬᠢᠯᠡᠨ ᠪᠤᠳᠤᠵᠤ ᠣᠯᠭᠤᠬᠤ ᠬᠡᠷᠩᠳᠠᠢ᠃      ᠨᠥᠭᠴᠢᠭᠰᠡᠳ ᠤᠨ ᠭᠡᠷ ᠪᠦᠯᠢ ᠶᠢᠨ ᠬᠢᠨ ᠳᠤ ᠬᠤᠶᠠᠷ ᠬᠥᠮᠦᠨ ᠠᠴᠠ ᠳᠡᠭᠡᠭᠰᠢ ᠪᠠᠶᠢᠬᠤ ᠮᠥᠷᠲᠡᠭᠡᠨ ᠡᠷᠦᠬᠡ ᠠᠮᠠ ᠶᠢᠨ ᠳᠠᠩᠰᠠ ᠨᠢ ᠨᠢᠭᠡ ᠭᠠᠵᠠᠷ ᠪᠠᠶᠢᠬᠤ ᠦᠭᠡᠶ ᠪᠠᠶᠢᠪᠠᠯ᠂ ᠨᠥᠭᠴᠢᠭᠰᠡᠳ ᠤᠨ ᠭᠡᠷ ᠪᠦᠯᠢ ᠶᠢᠨ ᠬᠢᠨ ᠤ ᠲᠤᠰ ᠲᠤᠰ ᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠶᠢ ᠲᠤᠰ ᠲᠤᠰ ᠣᠯᠭᠤᠨ᠎ᠠ᠃      ᠠᠷᠪᠠᠳᠤᠭᠠᠷ ᠵᠦᠢᠯ ᠰᠤᠮᠤ ᠰᠢᠶᠠᠩ ᠳᠤ ᠴᠡᠷᠢᠭ ᠠᠴᠠ ᠬᠠᠯᠠᠭᠳᠠᠭᠰᠠᠳ ᠦᠭᠦᠭᠰᠡᠨ ᠪᠣᠯ᠂ 12 ᠰᠠᠷ᠎ᠠ ᠶᠢᠨ ᠲᠣᠭᠲᠠᠮᠠᠯ ᠬᠤᠭᠤᠴᠠᠭ᠎ᠠ ᠲᠠᠢ ᠲᠣᠭᠳᠠᠭᠰᠠᠨ ᠬᠡᠮᠵᠢᠶᠡᠨ ᠤ ᠠᠮᠢᠳᠤᠷᠠᠯ ᠤᠨ ᠨᠥᠬᠦᠪᠥᠷᠢ ᠮᠥᠩᠭᠦ ᠶᠢ ᠨᠢᠭᠡ ᠯᠡ ᠤᠳᠠᠭᠠᠨ ᠤ ᠴᠢᠨᠠᠷᠲᠠᠶ ᠪᠠᠷ ᠣᠯᠭᠤᠵᠣ᠂ ᠨᠠᠰᠤ ᠨᠥᠭᠴᠢᠭᠰᠡᠳ ᠢ ᠣᠷᠣᠰᠢᠭᠤᠯᠬᠤ ᠶᠢᠨ ᠨᠦᠭᠦᠪᠣᠷᠢ ᠵᠠᠷᠣᠳᠠᠯ ᠪᠣᠯᠭᠠᠵᠣ᠂ ᠤᠤᠯ ᠤᠨ ᠭᠦᠷᠳᠡᠵᠣ ᠪᠠᠶᠢᠭᠰᠠᠨ ᠲᠣᠭᠳᠠᠮᠠᠯ ᠬᠤᠭᠤᠴᠠᠭ᠎ᠠ ᠲᠠᠢ ᠲᠣᠭᠳᠠᠭᠰᠠᠨ ᠭᠡᠮᠵᠢᠶᠠᠨ ᠤ ᠠᠮᠢᠳᠤᠷᠠᠯ ᠤᠨ ᠨᠥᠬᠦᠪᠥᠷᠢ ᠶᠢ ᠨᠢ ᠳᠠᠷᠠᠭᠠᠴᠢ ᠶᠢᠨ ᠰᠠᠷ᠎ᠠ ᠠᠴᠠ ᠵᠣᠭᠰᠣᠭᠠᠬᠤ ᠬᠡᠷᠩᠳᠠᠢ᠃      ᠠᠷᠪᠠᠨ ᠨᠢᠭᠡᠳᠦᠭᠡᠷ ᠵᠦᠢᠯ ᠴᠡᠷᠢᠭ ᠤᠨ ᠠᠯᠪᠠ ᠠᠴᠠ ᠪᠠᠭᠤᠭᠰᠠᠨ ᠵᠡᠮᠳᠡᠭ ᠴᠡᠷᠢᠭ ᠭᠦᠮᠣᠨ ᠳᠤ ᠬᠢᠮᠡᠯ ᠮᠥᠴᠢ᠂ ᠠᠯᠬᠤᠬᠤ ᠶᠢ ᠣᠷᠣᠯᠠᠬᠤ ᠭᠤᠷᠪᠠᠨ ᠬᠦᠷᠳᠦᠲᠦ ᠲᠡᠷᠭᠡ ᠵᠡᠷᠭᠡ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠣ ᠦᠭᠭᠦ ᠴᠢᠬᠤᠯᠠ ᠲᠠᠢ ᠪᠠᠶᠢᠪᠠᠯ᠂ ᠲᠤᠰ ᠬᠥᠮᠦᠨ ᠨᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠪᠢᠴᠢᠭ ᠢᠶᠠᠷ ᠭᠤᠶᠤᠴᠢᠯᠠᠯ ᠲᠣᠷᠠᠣᠡᠴᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠣᠭ᠍ᠰᠡᠨ ᠤ ᠳᠠᠷᠠᠭ᠎ᠠ ᠲᠣᠭᠳᠠᠭᠠᠭᠰᠠᠨ ᠪᠠᠶᠢᠭᠤᠯᠤᠮᠵᠢ ᠳᠤ ᠭᠦᠷᠴᠣ ᠲᠣᠬᠢᠷᠠᠭᠤᠯᠤᠨ᠎ᠠ᠂ ᠤᠭᠰᠠᠷᠠᠵᠤ ᠲᠣᠬᠢᠷᠠᠭᠤᠯᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠷᠢᠭᠤᠴᠠᠨ ᠰᠢᠢᠣᠡᠪᠣᠷᠢᠯᠡᠭᠦ ᠬᠡᠷᠡᠭᠲᠡᠶ᠃      ᠬᠢᠮᠡᠯ ᠮᠥᠴᠢ ᠲᠣᠬᠢᠷᠠᠭᠤᠯᠬᠤ ᠵᠡᠮᠳᠡᠭ ᠴᠡᠷᠢᠭ ᠬᠥᠮᠦᠨ ᠤ ᠣᠴᠢᠵᠤ ᠢᠷᠡᠬᠦ ᠵᠠᠮ ᠤᠨ ᠵᠠᠷᠤᠳᠠᠯ ᠵᠢᠴᠢ ᠬᠦᠷᠳᠦᠲᠦ ᠰᠠᠨᠳᠠᠯᠢ᠂ ᠠᠯᠬᠤᠬᠤ ᠶᠢ ᠣᠷᠣᠯᠠᠬᠤ ᠭᠤᠷᠪᠠᠨ ᠬᠦᠷᠳᠦᠲᠦ ᠲᠡᠷᠭᠡ ᠵᠡᠷᠭᠡ ᠲᠤᠰᠠᠯᠠᠬᠤ ᠪᠠᠭᠠᠵᠢ ᠬᠡᠷᠡᠭᠰᠡᠯ ᠤᠨ ᠲᠡᠭᠡᠭᠡᠪᠦᠷᠢ ᠶᠢᠨ ᠰᠦᠢᠳᠬᠡᠯ ᠢ ᠪᠣᠯ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠠᠷᠢᠭᠤᠴᠠᠨ ᠰᠢᠢᠣᠡᠪᠣᠷᠢᠯᠡᠭᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠤ᠂ ᠳᠡᠳᠠᠨ ᠤ ᠭᠡᠷ ᠪᠦᠯᠢ ᠶᠢᠨ ᠬᠢᠨ ᠳᠤ ᠴᠡᠷᠢᠭ ᠲᠤ ᠣᠷᠣᠬᠤ ᠦᠶ᠎ᠡ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠯ ᠪᠦᠷᠢ ᠭᠡᠷ ᠪᠦᠯᠢ ᠶᠢᠨ ᠬᠠᠷᠠᠭᠠᠯᠵᠠᠯ ᠤᠨ ᠮᠥᠩᠭᠦ ᠣᠯᠭᠤᠨ᠎ᠠ᠃ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠦᠩᠭᠦ ᠶᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠶᠢᠨ ᠮᠥᠩᠭᠦ ᠶᠢᠨ 1.5 ᠳᠠᠬᠢᠨ ᠠᠴᠠ ᠳᠣᠣᠷ᠎ᠠ ᠪᠠᠶᠢᠯᠭᠠᠵᠣ ᠪᠣᠯᠬᠤ ᠦᠭᠡᠶ᠂ ᠬᠡᠷᠡᠭᠰᠡᠬᠦ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠩᠳᠠᠢ᠃      ᠢᠷᠠᠭᠤ ᠠᠯᠳᠠᠷ ᠤᠨ ᠴᠣᠯᠠ ᠤᠯᠣᠭᠰᠠᠨ ᠪᠤᠶᠤ ᠭᠠᠪᠢᠶ᠎ᠠ ᠪᠠᠶᠢᠭᠤᠯᠤᠭᠰᠠᠨ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠢᠨ ᠭᠡᠷ ᠪᠦᠯᠢ ᠶᠢᠨ ᠬᠠᠷᠠᠭᠠᠯᠵᠠᠯ ᠤᠨ ᠮᠦᠩᠭᠦ ᠶᠢ ᠭᠦᠷᠳᠡᠭᠰᠡᠨ ᠰᠠᠭᠤᠷᠢᠨ ᠳᠡᠭᠡᠷ᠎ᠡ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠳᠣᠣᠷ᠎ᠠ ᠵᠢᠭᠰᠠᠭᠠᠭᠰᠠᠨ ᠬᠠᠷᠢᠴᠠᠯ ᠶᠣᠰᠣᠭᠠᠷ ᠨᠢᠭᠡ ᠯᠡ ᠤᠳᠠᠭᠠᠨ ᠤ ᠴᠢᠨᠠᠷᠲᠠᠶ ᠬᠠᠷᠠᠭᠠᠯᠵᠠᠯ ᠤᠨ ᠱᠠᠩᠨᠠᠯ ᠤᠨ ᠮᠥᠩᠭᠦ ᠨᠡᠮᠡᠵᠦ ᠣᠯᠭᠤᠨ᠎ᠠ᠄      ︵ᠨᠢᠭᠡ︶ ᠢᠷᠠᠭᠤ ᠠᠯᠳᠠᠷ ᠤᠨ ᠴᠣᠯᠠ ᠣᠯᠤᠭᠰᠠᠨ᠂ ᠨᠢᠭᠡᠳᠦᠭᠡᠷ ᠳᠡᠰ ᠤᠨ ᠭᠠᠪᠢᠶ᠎ᠠ ᠪᠠᠶᠢᠭᠤᠯᠣᠭᠰᠠᠨ ᠪᠣᠯ᠂ 50%᠎ ᠪᠠᠷ ᠨᠡᠮᠡᠵᠦ ᠣᠯᠭᠤᠨ᠎ᠠ᠃      ︵ᠬᠤᠶᠠᠷ︶ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠣᠭᠰᠠᠨ ᠪᠣᠯ᠂ 30%᠎ ᠪᠠᠷ ᠨᠡᠮᠡᠵᠦ ᠣᠯᠭᠤᠨ᠎ᠠ᠃      ︵ᠭᠤᠷᠪᠠ︶ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠣᠭᠰᠠᠨ ᠪᠣᠯ᠂ 15%᠎ ᠪᠠᠷ ᠨᠡᠮᠡᠵᠦ ᠣᠯᠭᠤᠨ᠎ᠠ᠃ ᠣᠨ ᠤ ᠳᠣᠲᠣᠷ᠎ᠠ ᠣᠯᠠᠨ ᠤᠳᠠᠭ᠎ᠠ ᠢᠷᠠᠭᠤ ᠠᠯᠳᠠᠷ ᠴᠣᠯᠠ ᠤᠯᠣᠭᠰᠠᠨ ᠪᠤᠶᠤ ᠭᠠᠪᠢᠶ᠎ᠠ ᠪᠠᠶᠢᠭᠤᠯᠤᠭᠰᠠᠨ ᠪᠣᠯ᠂ ᠡᠮᠦᠨᠡᠬᠢ ᠵᠣᠷᠪᠣᠰ ᠤᠨ ᠲᠣᠭᠲᠠᠭᠠᠯ ᠤᠨ ᠬᠠᠮᠤᠭ ᠦᠨᠳᠣᠷ ᠳᠡᠰ ᠢᠶᠠᠷ ᠨᠢᠭᠡ ᠯᠡ ᠤᠳᠠᠭ᠎ᠠ ᠶᠢᠨ ᠴᠢᠨᠠᠷᠲᠠᠶ ᠬᠠᠷᠠᠭᠠᠯᠵᠠᠯ ᠤᠨ ᠱᠠᠩᠨᠠᠯ ᠤᠨ ᠮᠥᠩᠭᠦ ᠶᠢ ᠨᠡᠮᠡᠵᠦ ᠣᠯᠭᠤᠨ᠎ᠠ᠃      ᠠᠷᠪᠠᠨ ᠭᠤᠷᠪᠠᠳᠤᠭᠠᠷ ᠵᠦᠢᠯ ᠴᠡᠷᠢᠭ ᠤᠨ ᠠᠯᠪᠠ ᠠᠴᠠ ᠪᠠᠭᠤᠭᠰᠠᠨ ᠨᠢᠭᠡᠳᠣᠭᠡᠷ ᠳᠡᠰ ᠠᠴᠠ ᠵᠢᠷᠭᠤᠳᠤᠭᠠᠷ ᠳᠡᠰ ᠭᠦᠷᠳᠡᠯᠡᠭᠢ ᠵᠡᠮᠳᠡᠭ ᠴᠡᠷᠢᠭ ᠬᠥᠮᠦᠨ ᠨᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠰᠠᠭᠤᠷᠢᠨ ᠳᠡᠭᠡᠷ᠎ᠡ ᠡᠮᠴᠢᠯᠡᠭᠡ ᠶᠢᠨ ᠨᠥᠬᠦᠪᠥᠷᠢ ᠭᠦᠷᠳᠡᠨ᠎ᠠ᠂ ᠳᠡᠳᠠᠨ ᠤ ᠡᠮᠴᠢᠯᠡᠭᠡ ᠶᠢᠨ ᠵᠠᠷᠤᠳᠠᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠲᠤᠯᠠᠬᠤ ᠬᠡᠷᠡᠭᠲᠡᠶ᠃      ᠴᠡᠷᠢᠭ ᠤᠨ ᠠᠯᠪᠠ ᠠᠴᠠ ᠪᠠᠭᠤᠬᠰᠠᠨ ᠳᠣᠯᠣᠳᠤᠭᠠᠷ ᠳᠡᠰ ᠠᠴᠠ ᠠᠷᠪᠠᠳᠤᠭᠠᠷ ᠳᠡᠰ ᠭᠦᠷᠳᠡᠯᠡᠬᠢ ᠵᠡᠮᠳᠡᠭ ᠴᠡᠷᠢᠭ ᠬᠥᠮᠦᠨ ᠤ ᠬᠠᠭᠤᠴᠢᠨ ᠰᠢᠷᠬ᠎ᠠ ᠳᠤ ᠵᠠᠷᠣᠴᠠᠭᠤᠯᠣᠭᠰᠠᠨ ᠡᠮᠴᠢᠯᠡᠭᠡ ᠶᠢᠨ ᠵᠠᠷᠤᠳᠠᠯ ᠢ ᠪᠣᠯ ᠨᠢᠭᠡᠨᠲᠡ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠭᠠᠷᠭᠠᠵᠤ ᠥᠭᠭᠦᠨ᠎ᠡ︔ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠭᠡᠶ ᠪᠠᠶᠢᠪᠡᠯ᠂ ᠠᠵᠢᠯ ᠲᠠᠢ ᠪᠣᠯ ᠠᠵᠢᠯᠯᠠᠵᠣ ᠪᠠᠶᠢᠭ᠎ᠠ ᠨᠢᠭᠡᠴᠨ ᠠᠴᠠ ᠰᠢᠢᠣᠡᠪᠣᠷᠢᠯᠡᠵᠣ ᠦᠭᠭᠦᠨ᠎ᠠ᠂ ᠠᠵᠢᠯᠯᠠᠵᠣ ᠪᠠᠶᠢᠭ᠎ᠠ ᠨᠢᠭᠡᠴᠨ ᠨᠢ ᠰᠢᠢᠣᠡᠪᠣᠷᠢᠯᠡᠭᠦ ᠳᠤ ᠪᠡᠷᠭᠡ ᠲᠠᠢ ᠪᠤᠶᠤ ᠠᠵᠢᠯᠯᠠᠬᠤ ᠨᠢᠭᠡᠴᠨ ᠪᠠᠶᠢᠬᠤ ᠦᠭᠡᠶ ᠪᠣᠯ᠂ ᠳᠡᠳᠠᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠰᠠᠷᠠᠮᠵᠢ ᠬᠠᠷᠠᠭᠠᠯᠵᠠᠯ ᠭᠦᠷᠳᠡᠭᠴᠢᠣᠨ ᠤᠨ ᠡᠮᠴᠢᠯᠡᠭᠡ ᠶᠢᠨ ᠨᠥᠬᠦᠪᠥᠷᠢ ᠶᠢᠨ ᠪᠡᠯᠡ ᠮᠦᠩᠭᠦᠨ ᠠᠴᠠ ᠰᠢᠢᠣᠡᠪᠣᠷᠢᠯᠡᠵᠣ ᠦᠭᠭᠦ ᠬᠡᠷᠩᠳᠠᠢ᠃       ᠴᠡᠷᠢᠭ ᠤᠨ ᠠᠯᠪᠠ ᠠᠴᠠ ᠪᠠᠭᠤᠬᠰᠠᠨ ᠳᠣᠯᠣᠳᠤᠭᠠᠷ ᠳᠡᠰ ᠠᠴᠠ ᠠᠷᠪᠠᠳᠤᠭᠠᠷ ᠳᠡᠰ ᠭᠦᠷᠳᠡᠯᠡᠬᠢ ᠵᠡᠮᠳᠡᠭ ᠴᠡᠷᠢᠭ ᠬᠥᠮᠦᠨ ᠤ ᠬᠠᠭᠤᠴᠢᠨ ᠰᠢᠷᠬ᠎ᠠ ᠳᠤ ᠵᠠᠷᠣᠴᠠᠭᠤᠯᠣᠭᠰᠠᠨ ᠠᠴᠠ ᠪᠣᠰᠣᠣᠨ ᠡᠭᠦᠳᠡᠨ ᠡᠮᠨᠡᠯᠭᠡ ᠶᠢᠨ ᠵᠠᠷᠤᠳᠠᠯ ᠢ᠂ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠭᠦᠷᠳᠡᠵᠣ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠭᠡᠷ ᠪᠦᠯᠢ ᠶᠢᠨ ᠬᠢᠨ ᠪᠠ ᠤᠯᠤᠰ ᠤᠨ ᠲᠣᠭᠲᠠᠭᠠᠯ ᠶᠣᠰᠣᠭᠠᠷ ᠠᠮᠢᠳᠤᠷᠠᠯ ᠤᠨ ᠨᠥᠬᠦᠪᠥᠷᠢ ᠭᠦᠷᠳᠡᠭᠦ ᠴᠡᠷᠢᠭ ᠠᠴᠠ ᠬᠠᠯᠠᠭᠳᠠᠭᠰᠠᠳ᠂ ᠡᠪᠡᠣᠡᠴᠢᠨ ᠢᠶᠠᠷ ᠨᠤᠲᠤᠭ ᠲᠠᠭᠠᠨ ᠪᠤᠴᠠᠵᠣ ᠴᠡᠷᠢᠭ ᠠᠴᠠ ᠪᠠᠭᠤᠭᠰᠠᠳ ᠤᠨ ᠡᠭᠦᠳᠡᠨ ᠡᠮᠨᠡᠯᠭᠡ ᠶᠢᠨ ᠵᠠᠷᠤᠳᠠᠯ ᠢ ᠪᠣᠯ ᠳᠡᠳᠠᠨ ᠤ ᠣᠨ ᠤ ᠵᠡᠮᠳᠡᠭ ᠤᠨ ᠠᠰᠠᠷᠠᠮᠵᠢ ᠶᠢᠨ ᠮᠥᠩᠭᠦ᠂ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠮᠥᠩᠭᠦ ᠪᠤᠶᠤ ᠠᠮᠢᠳᠤᠷᠠᠯ ᠤᠨ ᠨᠥᠬᠦᠪᠥᠷᠢ ᠵᠠᠷᠤᠳᠠᠯ ᠤᠨ ᠬᠢᠨᠢ ᠪᠦᠬᠦ ᠲᠤᠭ᠎ᠠ ᠶᠢᠨ 10%᠎ ᠠᠴᠠ ᠲᠣᠣᠷ᠎ᠡ ᠦᠭᠡᠢ ᠪᠠᠶᠢᠯᠭᠠᠬᠤ ᠪᠠᠷᠢᠮᠵᠢᠶ᠎ᠠ ᠪᠠᠷ ᠨᠥᠬᠦᠪᠥᠷᠢ ᠣᠯᠭᠤᠨ᠎ᠠ᠃      ᠲᠤᠰ ᠵᠦᠢᠯ ᠤᠨ ᠬᠤᠶᠠᠳᠤᠭᠠᠷ ᠵᠣᠷᠪᠣᠰ ᠪᠠ ᠭᠤᠷᠪᠠᠳᠤᠭᠠᠷ ᠵᠣᠷᠪᠣᠰ ᠲᠤ ᠲᠣᠭᠲᠠᠭᠠᠭᠰᠠᠨ ᠠᠰᠠᠷᠠᠮᠵᠢ ᠬᠠᠷᠠᠭᠠᠯᠵᠠᠯ ᠭᠦᠷᠳᠡᠭᠴᠢᠣᠨ ᠤᠨ ᠡᠮᠴᠢᠯᠡᠭᠡ ᠶᠢᠨ ᠵᠠᠷᠤᠳᠠᠯ ᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠣᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠥᠬᠦᠪᠥᠷᠢ ᠣᠯᠭᠤᠨ᠎ᠠ᠃      ᠠᠷᠪᠠᠨ ᠳᠥᠷᠪᠡᠳᠦᠭᠡᠷ ᠵᠦᠢᠯ ᠠᠰᠠᠷᠠᠮᠵᠢ ᠬᠠᠷᠠᠭᠠᠯᠵᠠᠯ ᠭᠦᠷᠳᠡᠭᠴᠢᠣᠨ ᠡᠮᠴᠢᠯᠡᠭᠡ ᠶᠢᠨ ᠪᠠᠶᠢᠭᠤᠯᠤᠮᠵᠢ ᠳᠤ ᠭᠦᠷᠴᠣ ᠡᠪᠡᠳᠴᠢᠨ ᠦᠵᠡᠭᠦᠯᠬᠦ ᠦᠶ᠎ᠡ ᠳᠤ᠂ ᠬᠤᠯᠪᠣᠭᠳᠠᠯ ᠪᠦᠬᠦᠢ ᠭᠡᠷᠡᠴᠢ ᠦᠨᠡᠮᠯᠡᠯ ᠪᠠᠷ ᠤᠷᠢᠳᠠᠪᠠᠷ ᠳ᠋ᠤᠭᠠᠷᠯᠠᠵᠣ᠂ ᠤᠷᠢᠳᠠᠪᠠᠷ ᠡᠪᠡᠳᠴᠢᠨ ᠦᠵᠡᠭᠦᠯᠣᠨ᠂ ᠤᠷᠢᠳᠠᠪᠠᠷ ᠡᠮ ᠠᠪᠴᠣ᠂ ᠤᠷᠢᠳᠠᠪᠠᠷ ᠡᠮᠨᠡᠯᠭᠡ ᠳᠤ ᠰᠠᠭᠤᠬᠤ ᠪᠠᠨ ᠭᠦᠢᠴᠡᠣᠡᠭᠡᠭᠦ ᠶᠢᠨ ᠬᠠᠮᠳᠣ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠷᠤᠳᠠᠯ ᠢ ᠨᠢ ᠬᠥᠩᠭᠡᠯᠡᠵᠦ ᠬᠡᠯᠲᠦᠷᠢᠭᠦᠯᠣᠨ᠎ᠠ᠃     ᠠᠷᠪᠠᠨ ᠲᠠᠪᠤᠳᠤᠭᠠᠷ ᠵᠦᠢᠯ ᠬᠥᠮᠦᠨ ᠬᠡᠷᠡᠭᠯᠡᠬᠦ ᠨᠢᠭᠡᠴᠨ ᠨᠦᠭᠦᠳ ᠠᠵᠢᠯᠲᠠᠨ ᠠᠵᠢᠯᠴᠢᠨ ᠡᠯᠰᠡᠵᠣ ᠣᠷᠢᠬᠤ ᠳᠠᠭᠠᠨ᠂ ᠠᠳᠠᠯᠢᠬᠠᠨ ᠨᠥᠬᠦᠴᠡᠯ ᠲᠠᠢ ᠪᠠᠶᠢᠳᠠᠯ ᠳᠤ ᠠᠯᠪᠠ ᠬᠠᠭᠠᠵᠣ ᠪᠠᠶᠢᠭ᠎ᠠ ᠴᠡᠷᠢᠭ ᠬᠥᠮᠦᠨ ᠤ ᠬᠤᠯᠪᠣᠰᠤ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠭᠡᠷ ᠪᠦᠯᠢ ᠶᠢᠨ ᠬᠢᠨ ᠪᠠ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠭᠦᠷᠳᠡᠯᠡᠬᠢ ᠵᠡᠮᠳᠡᠭ ᠴᠡᠷᠢᠭ ᠬᠥᠮᠦᠨ ᠤ ᠬᠤᠯᠪᠣᠰᠤ ᠶᠢ ᠤᠷᠢᠳᠠᠪᠠᠷ ᠡᠯᠰᠡᠵᠦ ᠬᠡᠷᠡᠭᠯᠡᠬᠦ ᠬᠡᠷᠡᠭᠲᠡᠶ᠃      ᠠᠷᠪᠠᠨ ᠵᠢᠷᠭᠤᠳᠤᠭᠠᠷ ᠵᠦᠢᠯ ᠵᠡᠮᠳᠡᠭ ᠴᠡᠷᠢᠭ ᠬᠥᠮᠦᠨ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠬᠥᠮᠦᠨ ᠤ ᠭᠡᠷ ᠪᠦᠯᠢ ᠶᠢᠨ ᠬᠢᠨ᠂ ᠰᠤᠮᠣ ᠰᠢᠶᠠᠩ ᠳᠤ ᠴᠡᠷᠢᠭ ᠠᠴᠠ ᠬᠠᠯᠠᠭᠳᠠᠭᠰᠠᠳ᠂ ᠡᠪᠡᠣᠡᠴᠢᠨ ᠢᠶᠠᠷ ᠨᠤᠲᠤᠭ ᠲᠠᠭᠠᠨ ᠪᠤᠴᠠᠵᠣ ᠴᠡᠷᠢᠭ ᠠᠴᠠ ᠬᠠᠯᠠᠭᠳᠠᠭᠰᠠᠳ᠂ ᠳᠠᠶᠢᠨ ᠳᠤ ᠣᠷᠣᠯᠴᠠᠵᠣ ᠴᠡᠷᠢᠭ ᠤᠨ ᠠᠯᠪᠠᠨ ᠠᠴᠠ ᠪᠠᠭᠤᠭᠰᠠᠣᠨ᠂ ᠴᠥᠮ᠎ᠡ ᠶᠢᠨ ᠲᠤᠷᠰᠢᠯᠲᠠ ᠳᠤ ᠣᠷᠣᠯᠴᠠᠵᠣ ᠴᠡᠷᠢᠭ ᠤᠨ ᠠᠯᠪᠠᠨ ᠠᠴᠠ ᠪᠠᠭᠤᠭᠰᠠᠣᠨ ︵ᠦᠷᠡᠨ ᠤ ᠠᠭᠤᠷᠬᠠᠶ ᠶᠢ ᠨᠡᠭᠡᠭᠡᠨ ᠮᠠᠯᠲᠠᠬᠤ ᠳᠤ ᠰᠢᠭᠤᠣᠨ ᠣᠷᠣᠯᠴᠠᠭᠰᠠᠨ ᠴᠡᠷᠢᠭ ᠠᠩᠭᠢ ᠶᠢᠨ ᠠᠯᠪᠠ ᠠᠴᠠ ᠬᠠᠯᠠᠭᠳᠠᠭᠰᠠᠣᠨ ᠪᠠᠭᠲᠠᠨ᠎ᠠ︶᠂ ᠬᠡᠰᠡᠭ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ︵ᠤᠯᠤᠰ ᠪᠠᠶᠢᠭᠤᠯᠤᠭᠳᠠᠬᠤ ᠠᠴᠠ ᠡᠮᠦᠨ᠎ᠡ ᠪᠤᠷᠤᠭᠤ ᠪᠠᠷ ᠠᠯᠠᠭᠳᠠᠭᠰᠠᠨ ᠤ ᠳᠠᠷᠠᠭ᠎ᠠ ᠨᠢ ᠴᠠᠭᠠᠳᠬᠠᠭᠳᠠᠭᠰᠠᠨ ᠬᠥᠮᠦᠨ ᠤ ᠦᠷ᠎ᠡ ᠬᠡᠦᠬᠡᠳ ᠪᠠᠭᠳᠠᠨ᠎ᠠ︶᠂ ᠮᠠᠯᠵᠢᠬᠤ ᠳᠠᠷᠢᠶᠠᠯᠠᠬᠤ ᠣᠷᠣᠨ ᠳᠤ ᠨᠤᠲᠤᠭ ᠲᠠᠢ 60 ᠨᠠᠰᠤᠨ ᠠᠴᠠ ᠳᠡᠭᠡᠭᠰᠢᠬᠢ ᠴᠡᠷᠢᠭ ᠠᠴᠠ ᠪᠠᠭᠤᠭᠰᠠᠣᠨ ᠵᠡᠷᠭᠡ ᠠᠰᠠᠷᠠᠮᠵᠢ ᠬᠠᠷᠠᠭᠠᠯᠵᠠᠯ ᠭᠦᠷᠳᠡᠭᠴᠢᠣᠨ ᠣᠷᠣᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠳᠤ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠢᠳᠠᠪᠠᠷ ᠪᠠᠷ ᠪᠣᠳᠣᠯᠬᠢᠯᠠᠬᠤ ᠪᠦᠭᠡᠣᠨ ᠬᠠᠷᠭᠠᠯᠵᠠᠯᠠᠯ ᠭᠦᠷᠳᠡᠭᠡᠨ᠎ᠠ᠃ ᠬᠥᠳᠡᠭᠡ ᠲᠣᠰᠬᠤᠨ ᠳᠤ ᠣᠷᠣᠰᠢᠨ ᠰᠠᠭᠤᠵᠣ ᠪᠠᠶᠢᠭ᠎ᠠ ᠠᠰᠠᠷᠠᠮᠵᠢ ᠬᠠᠷᠠᠭᠠᠯᠵᠠᠯ ᠭᠦᠷᠳᠡᠭᠴᠢᠣᠨ ᠣᠷᠣᠨ ᠰᠠᠭᠤᠴᠠ ᠶᠢᠨ ᠳᠠᠯ᠎ᠠ ᠪᠠᠷ ᠬᠦᠴᠢᠷᠳᠡᠯ ᠲᠠᠢ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠪᠰᠤᠷᠤᠨ ᠰᠢᠢᠣᠡᠪᠣᠷᠢᠯᠡᠵᠣ ᠦᠭᠭᠦ ᠬᠡᠷᠡᠭᠲᠡᠶ᠃      ᠠᠷᠪᠠᠨ ᠳᠣᠯᠣᠳᠤᠭᠠᠷ ᠵᠦᠢᠯ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠳᠤ ᠲᠦᠰᠢᠭᠯᠡᠨ ᠠᠮᠢᠳᠤᠷᠠᠬᠤ ᠳᠤ ᠮᠥᠨ ᠯᠡ ᠬᠦᠴᠢᠷ ᠲᠠᠢ ᠠᠰᠠᠷᠠᠮᠵᠢ ᠬᠠᠷᠠᠭᠠᠯᠵᠠᠯ ᠭᠦᠷᠳᠡᠭᠴᠢᠥᠨ ᠢ ᠪᠣᠯ ᠤᠷᠢᠳᠠᠪᠠᠷ ᠬᠤᠲᠠ ᠪᠠᠯᠭᠠᠰᠣᠨ ᠤ ᠨᠡᠶᠢᠭᠡᠮ ᠤᠨ ᠠᠪᠤᠷᠠᠨ ᠲᠤᠰᠠᠯᠠᠬᠤ ᠶᠢ ᠪᠠᠳᠣᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢᠶᠠᠨ ᠦᠨᠳᠣᠰᠣᠯᠡᠵᠣ ᠬᠠᠷᠠᠭᠠᠯᠵᠠᠨ ᠲᠡᠳᠬᠦᠬᠦ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ ᠬᠦᠷᠢᠶᠡᠯᠡᠩ ᠪᠠᠶᠢᠭᠤᠯᠵᠣ ᠪᠠᠶᠢᠭᠠᠣᠨ ᠥᠨᠥᠴᠢᠣᠨ ᠨᠠᠰᠣᠳᠠᠣᠨ ᠪᠠ ᠠᠮᠢᠳᠤᠷᠠᠯ ᠤᠨ ᠲᠠᠯ᠎ᠠ ᠪᠠᠷ ᠦᠪᠡᠷ ᠢ ᠪᠠᠨ ᠠᠷᠭᠠᠴᠠᠵᠣ ᠴᠢᠳᠠᠬᠤ ᠦᠭᠡᠶ ᠠᠰᠠᠷᠠᠮᠵᠢ ᠬᠠᠷᠠᠭᠠᠯᠵᠠᠯ ᠭᠦᠷᠳᠡᠭᠴᠢᠣᠨ ᠢ ᠡᠮᠨᠡᠨ ᠵᠠᠰᠠᠬᠤ ᠪᠤᠶᠤ ᠲᠥᠪᠯᠡᠷᠡᠭᠦᠯᠵᠣ ᠠᠰᠠᠷᠠᠨ ᠲᠡᠵᠢᠭᠡᠬᠦ ᠬᠡᠷᠡᠭᠲᠡᠶ᠃ ᠨᠡᠶᠢᠭᠡᠮ ᠤᠨ ᠡᠯ᠎ᠡ ᠲᠥᠷᠥᠯ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠠᠰᠠᠷᠠᠮᠵᠢ ᠬᠠᠷᠠᠭᠠᠯᠵᠠᠯ ᠭᠦᠷᠳᠡᠭᠴᠢᠣᠨ ᠢ ᠤᠷᠢᠳᠠᠪᠠᠷ ᠬᠦᠯᠢᠶᠡᠨ ᠠᠪᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠵᠢᠯ ᠪᠦᠷᠢ ᠶᠢᠨ ︽8.1︾᠎ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠣᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠶᠢᠭᠠᠣᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠠᠰᠠᠷᠠᠮᠵᠢ ᠬᠠᠷᠠᠭᠠᠯᠵᠠᠯ ᠭᠦᠷᠳᠡᠭᠴᠢᠣᠨ ᠢ ᠲᠣᠬᠤᠨᠢᠭᠤᠯᠵᠤ ᠬᠡᠷᠩᠳᠠᠢ᠃       ᠬᠤᠷᠢᠳᠤᠭᠠᠷ ᠵᠦᠢᠯ ᠶᠠᠮᠠᠷᠪᠠ ᠨᠢᠭᠡᠴᠨ ᠪᠠ ᠬᠤᠪᠢ ᠬᠥᠮᠦᠨ ᠭᠡᠣᠨ ᠠᠰᠠᠷᠠᠮᠵᠢ ᠬᠠᠷᠠᠭᠠᠯᠵᠠᠯ ᠭᠦᠷᠳᠡᠭᠴᠢᠣᠨ ᠤᠨ ᠠᠰᠠᠷᠠᠮᠵᠢ ᠬᠠᠷᠠᠭᠠᠯᠵᠠᠯ ᠭᠦᠷᠳᠡᠭᠦ ᠳᠤ ᠣᠨᠳᠣᠣ ᠰᠠᠨᠠᠯ ᠲᠠᠢ ᠪᠣᠯ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠭᠦᠷᠴᠣ ᠵᠠᠭᠠᠯᠳᠤᠬᠤ ᠪᠤᠶᠤ ᠢᠯᠡᠴᠢᠯᠡᠨ ᠮᠡᠳᠡᠭᠦᠯᠬᠦ ᠡᠷᠬᠡ ᠲᠠᠢ᠃       ᠬᠤᠷᠢᠨ ᠨᠢᠭᠡᠳᠦᠭᠡᠷ ᠵᠦᠢᠯ ᠬᠦᠯᠢᠶᠡᠨ ᠠᠪᠴᠤ ᠰᠢᠢᠣᠡᠪᠣᠷᠢᠯᠡᠭᠦ ᠰᠠᠯᠠᠭ᠎ᠠ ᠮᠥᠴᠢᠷ ᠨᠢ ᠠᠷᠠᠳ ᠢᠷᠭᠡᠨ᠂ ᠬᠠᠤᠯᠢ ᠶᠢᠨ ᠡᠷᠭᠡᠳᠠᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠭᠠᠯᠳᠤᠯᠭ᠎ᠠ ᠪᠤᠶᠤ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠵᠤ ᠬᠢᠨᠠᠨ ᠬᠠᠷᠭᠤᠭᠤᠯᠣᠨ᠂ ᠴᠠᠭ ᠲᠤᠬᠠᠶ ᠳᠤᠨᠢ ᠰᠢᠢᠣᠡᠪᠣᠷᠢᠯᠡᠭᠦ ᠶᠢᠨ ᠬᠠᠮᠳᠣ᠂ ᠰᠢᠢᠣᠡᠪᠣᠷᠢᠯᠡᠭᠰᠠᠨ ᠦᠷ᠎ᠡ ᠳ᠋ᠦᠩ ᠢᠶᠠᠨ ᠵᠠᠭᠠᠯᠳᠤᠭᠴᠢ ᠪᠤᠶᠤ ᠢᠯᠡᠴᠢᠯᠡᠨ ᠮᠡᠳᠡᠭᠦᠯᠦᠭᠰᠡᠨ ᠬᠥᠮᠦᠨ ᠳᠤ ᠮᠡᠳᠡᠭᠳᠡᠭᠦ ᠬᠡᠷᠩᠳᠠᠢ᠃       ᠬᠤᠷᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠡᠯ᠂ ︽ᠴᠡᠷᠢᠭ ᠬᠥᠮᠦᠨ ᠤ ᠠᠰᠠᠷᠠᠮᠵᠢ ᠬᠠᠷᠠᠭᠠᠯᠵᠠᠯ ᠤᠨ ᠳᠦᠷᠢᠮ︾᠂ ︽ᠦᠷᠡᠭᠳᠡᠭᠰᠡᠨ ᠪᠠᠭᠠᠲᠤᠷᠴᠤᠳ ᠢ ᠪᠠᠳᠣᠯᠠᠨ ᠰᠠᠶᠢᠰᠢᠶᠠᠬᠤ ᠳᠦᠷᠢᠮ︾᠎ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃       ᠬᠤᠷᠢᠨ ᠭᠤᠷᠪᠠᠳᠤᠭᠠᠷ ᠵᠦᠢᠯ ᠲᠤᠰ ᠠᠷᠭ᠎ᠠ ᠶᠢ 2015 ᠣᠨ ᠤ 8 ᠳ᠋ᠣᠭᠠᠷ ᠰᠠᠷ᠎ᠡ ᠶᠢᠨ 1᠎ ᠤ ᠡᠳᠣᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号