ᠥᠪᠥᠷ ᠮᠣᠩᠭᠤᠯ 2015 ᠣᠨ ᠳᠤ ᠰᠣᠶᠣᠯ ᠤᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠎ ᠶᠢ 6.48 ᠳ᠋ᠦᠩᠰᠢᠭᠤᠷ ᠲᠦᠬᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2016/1/8
     2015 ᠣᠨ ᠳᠤ ᠰᠣᠶᠣᠯ ᠤᠨ ᠲᠢᠩᠬᠢᠮ ᠰᠠᠭᠤᠷᠢ ᠪᠡᠯᠡᠳᠬᠡᠮᠵᠢ ᠪᠣᠯᠣᠨ ︽ᠠᠷᠪᠠ ᠶᠢ ᠪᠦᠷᠢᠨ ᠪᠦᠷᠬᠦᠭᠦᠯᠬᠦ ︾ ᠢᠨᠵᠧᠨᠧᠷᠢᠩ ᠢ ᠦᠷᠭᠦᠯᠵᠢᠯᠡᠨ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠵᠤ᠂ ᠰᠣᠶᠣᠯ ᠤᠨ ᠰᠠᠭᠤᠷᠢ ᠪᠡᠯᠡᠳᠬᠡᠮᠵᠢ 20 ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠨᠡᠶᠢᠲᠡ 6.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ 4688 ᠭᠠᠴᠠᠭ᠎ᠠ ᠲᠣᠰᠬᠤᠨ ᠤ ᠰᠣᠶᠣᠯ ᠤᠨ ᠥᠷᠥᠭᠡ ᠳᠤ ᠲᠥᠬᠦᠭᠡᠷᠦᠮᠵᠢ ᠲᠦᠭᠡᠭᠡᠬᠦ ᠡᠭᠦᠷᠭᠡ ᠶᠢ ᠪᠡᠶᠡᠯᠡᠭᠦᠯᠵᠦ᠂ ᠶᠡᠷᠦᠩᠬᠡᠶ ᠡᠭᠦᠷᠭᠡ ᠶᠢᠨ 97.7%᠎ ᠶᠢ ᠡᠵᠡᠯᠡᠵᠦ᠂ ᠪᠤᠰᠤᠳ ᠢ ᠨᠢ ᠴᠥᠮ ᠬᠤᠳᠠᠯᠳᠤᠨ ᠠᠪᠬᠤ ᠶᠠᠪᠤᠴᠠ ᠳᠤ ᠪᠠᠶᠢᠨ᠎ᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠯᠠᠨ ᠨᠡᠶᠢᠲᠡ ᠶᠢᠨ ᠰᠣᠶᠣᠯ ᠤᠨ  ᠠᠳᠠᠯᠢᠳᠬᠠᠨ ᠰᠢᠯᠭᠠᠷᠠᠭᠤᠯᠵᠤ ᠰᠢᠯᠢᠳᠡᠭ ᠢ ᠡᠭᠦᠳᠬᠦ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ᠃ ᠪᠦᠬᠦ ᠣᠷᠣᠨ ᠤ ᠳᠥᠷᠪᠡᠳᠦᠭᠡᠷ ᠤᠳᠠᠭᠠᠨ ᠤ ᠰᠤᠶᠤᠯ ᠤᠨ ᠣᠷᠳᠣᠨ ᠤ ᠦᠨᠡᠯᠡᠨ ᠵᠢᠱᠢᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ︔ 2013~2014 ᠣᠨ ᠤ ᠲᠤᠪᠤᠶᠢᠮ᠎ᠠ ᠠᠮᠵᠢᠯᠲᠠ ᠪᠦᠲᠦᠮᠵᠢ  ᠎ ᠲᠠᠢ ᠦᠨᠳᠦᠰᠦᠨ ᠱᠠᠲᠤᠨ ᠤ ᠠᠷᠪᠠᠨ ᠰᠢᠯᠢᠳᠡᠭ ᠨᠣᠮ ᠤᠨ ᠰᠠᠩ᠂ ᠰᠣᠶᠣᠯ ᠤᠨ ᠣᠷᠳᠣᠨ᠂ ᠰᠣᠶᠣᠯ ᠤᠨ ᠦᠷᠳᠡᠭᠡ᠂ ᠠᠷᠠᠳ ᠤᠨ ᠵᠦᠴᠦᠭᠡ ᠶᠢᠨ ᠪᠦᠯᠬᠦᠮ᠂ ᠰᠣᠶᠣᠯ ᠤᠨ ᠡᠷᠦᠬᠡ ︵ᠶᠡᠭᠡ ᠬᠦᠷᠢᠶ᠎ᠡ︶᠎ ᠶᠢ ᠰᠢᠯᠭᠠᠷᠠᠭᠤᠯᠤᠨ ᠰᠤᠩᠭᠤᠵᠤ ᠨᠡᠷᠡᠶᠢᠳᠪᠡ︔ ᠥᠪᠥᠷ ᠮᠣᠩᠭᠤᠯ ᠤᠨ ᠨᠣᠮ ᠤᠨ ᠰᠠᠩ ᠤᠨ ᠳᠠᠷᠤᠭ᠎ᠠ ᠯᠢ ᠰᠢᠶᠤᠤ ᠴᠢᠦ ︽2015 ᠣᠨ ᠤ ᠳᠤᠮᠳᠠᠳᠤ ᠤᠯᠤᠰ ᠤᠨ ᠨᠣᠮ ᠤᠨ ᠰᠠᠩ ᠤᠨ ᠠᠷᠪᠠᠨ ᠶᠡᠭᠡ ᠦᠯᠢᠭᠡᠷ ᠳᠠᠭᠤᠷᠢᠶᠠᠯ ᠬᠥᠮᠦᠨ︾᠎ ᠎ ᠢᠶᠠᠷ ᠦᠨᠡᠯᠡᠭᠳᠡᠵᠦ᠂ ᠪᠤᠭᠤᠲᠤ ᠬᠤᠳᠠ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠸᠠᠨ ᠱᠦᠢ ᠴᠢᠣᠸᠠᠨ ᠪᠠᠯᠭᠠᠰᠤ ᠶᠢᠨ ᠶᠡᠷᠦᠩᠬᠡᠶᠢᠯᠡᠭᠰᠡᠨ ᠰᠣᠶᠣᠯ ᠤᠨ ᠦᠷᠳᠡᠭᠡ ᠨᠢ ︽2015 ᠣᠨ ᠤ ᠪᠦᠬᠦ ᠤᠯᠤᠰ ᠤᠨ ᠰᠢᠯᠢᠳᠡᠭ ᠰᠣᠶᠣᠯ ᠤᠨ ᠦᠷᠳᠡᠭᠡ︾᠎ ᠪᠠᠷ ᠨᠡᠷᠡᠶᠢᠳᠦᠭᠳᠡᠪᠡ᠃ ᠤᠯᠠᠨ ᠨᠡᠶᠢᠳᠡ ᠶᠢᠨ ᠰᠣᠶᠣᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠬᠥᠬᠡᠬᠤᠲᠠ ᠪᠦᠬᠦ ᠤᠯᠤᠰ ᠤᠨ ᠭᠤᠷᠪᠠᠳᠤᠭᠠᠷ ᠪᠦᠯᠦᠭ ᠤᠨ  ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠤᠳᠠ ᠪᠠᠷ ᠰᠤᠩᠭᠤᠭᠳᠠᠪᠠ᠃ ᠡᠭᠦᠨ ᠤ ᠬᠠᠮᠲᠤ᠂ ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ ᠣᠷᠣᠭᠤᠯᠬᠤ ᠢᠨᠵᠧᠨᠧᠷᠢᠩ  ᠳᠤ 3500 ᠲᠦᠮᠡᠨ ᠲᠥᠭᠦᠷᠢᠭ ᠤᠨ ᠪᠡᠯᠡ ᠣᠷᠣᠭᠤᠯᠵᠤ᠂  ᠨᠢᠭᠡᠳᠦᠭᠡᠷ ᠳᠡᠰ ᠤᠨ ᠲᠣᠭᠠᠴᠢᠯᠠᠭᠰᠠᠨ ᠲᠣᠰᠣ ᠨᠡᠮᠡᠬᠦ ᠥᠷᠲᠡᠭᠡ 219᠂ ᠰᠢᠯᠵᠢᠮᠡᠯ ᠲᠣᠭᠠᠴᠢᠯᠠᠭᠰᠠᠨ ᠲᠣᠰᠤᠨ ᠨᠡᠮᠡᠬᠦ ᠥᠷᠲᠡᠭᠡ 700᠎ ᠶᠢ ᠪᠦᠲᠦᠭᠡᠨ ᠪᠠᠶᠢᠭᠤᠯᠵᠤ᠂ 200 ᠭᠠᠷᠤᠶ ᠲᠦᠮᠡᠨ ᠬᠥᠮᠦᠨ ᠠᠰᠢᠭ ᠬᠦᠷᠲᠡᠪᠡ᠃ ᠪᠦᠬᠦ ᠣᠷᠣᠨ ᠳᠤ ᠤᠳᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ᠂ ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ᠂ ᠪᠤᠭᠤᠲᠤ ᠶᠢᠨ ᠪᠣᠭᠤ ᠬᠤᠲᠠ ᠰᠣᠶᠣᠯ ᠤᠨ ᠨᠠᠶᠢᠷ᠂ ᠡᠵᠡᠨ᠎ᠡ ᠶᠢᠨ ᠲᠣᠣᠷᠠᠶ ᠶᠢᠨ ᠨᠠᠶᠢᠷ ᠵᠡᠷᠭᠡ ᠤᠨᠴᠠᠯᠢᠬᠵᠢᠭᠰᠠᠨ᠂ ᠨᠡᠷᠡᠲᠦ ᠲᠡᠮᠳᠡᠭᠴᠢᠯᠡᠭᠰᠡᠨ᠂ ᠬᠡᠪᠴᠢᠶᠡᠵᠢᠭᠰᠡᠨ ᠪᠠᠶᠠᠷ ᠳᠤᠷᠠᠰᠬᠠᠯ ᠤᠨ ᠰᠣᠶᠣᠯ ᠎ ᠤᠨ ᠠᠵᠢᠯᠯᠠᠭ᠎ᠠ 166 ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号