ᠪᠠᠭᠠᠳᠤᠷ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠦ  ︽ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠰᠠᠨᠠᠯ ᠬᠤᠷᠢᠶᠠᠬᠤ ᠡᠬᠡ ᠨᠤᠤᠷᠠᠭ︶︾᠎ ᠳᠤ ᠰᠠᠨᠠᠯ ᠬᠤᠷᠢᠶᠠᠪᠠ
ᠨᠡᠶᠢᠲᠡᠯᠡᠭᠰᠡᠨ ᠴᠠᠭ᠄
2016/1/8
     1 ᠳ᠋ᠤᠭᠡᠷ ᠰᠠᠷ᠎ᠠ ᠶᠢᠨ 7᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠦ᠂ ᠡᠯ᠎ᠠ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠠ ᠵᠠᠰᠠᠭ ᠤᠨ ᠤᠷᠳᠤᠨ ᠤ ᠵᠦᠪᠯᠡᠭᠴᠢ᠂ ᠰᠤᠶᠤᠯ ᠲᠡᠦᠭᠡ ᠶᠢᠨ ᠤᠷᠳᠤᠨ ᠤ ᠰᠠᠩᠴᠢ ᠨᠠᠷ ᠠᠴᠠ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠰᠠᠨᠠᠯ ᠬᠤᠷᠢᠶᠠᠬᠤ ᠡᠭᠡ ᠨᠤᠤᠷᠠᠭ︶︾ ︵ᠳᠤᠷᠤᠭᠰᠢ ︽ᠢᠯᠡᠳᠭᠡᠯ︾ ᠭᠡᠵᠦ ᠲᠣᠪᠴᠢᠯᠠᠨ᠎ᠠ︶᠎ ᠳᠤ ᠰᠠᠨᠠᠯ ᠬᠤᠷᠢᠶᠠᠪᠠ᠃      ᠶᠠᠷᠢᠯᠴᠠᠬᠤ ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠭᠡᠰᠢᠬᠦᠨ ᠳ᠋ᠦᠩ ᠾᠧᠩ ᠢᠤᠢ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠶᠢᠨ ᠡᠷᠬᠢᠯᠡᠭᠴᠢ ᠭᠡᠰᠢᠬᠦᠨ ᠨᠢᠦ ᠭᠤᠸᠠᠩ ᠮᠢᠩ᠂ ᠦᠪᠡᠷᠲᠡᠭᠡᠨ ᠵᠠᠰᠠᠬᠤ ᠤᠷᠤᠨ ᠤ ᠭᠤᠮᠢᠨᠳᠠᠩ ᠤᠨ ᠬᠤᠪᠢᠰᠬᠠᠯ ᠤᠨ ᠵᠦᠪᠯᠡᠯ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠵᠦᠪᠯᠡᠯ᠂ ︽93︾᠎ ᠶᠢᠨ ᠡᠷᠳᠡᠮ ᠰᠢᠵᠢᠯᠡᠭᠡᠨ ᠤ ᠨᠡᠶᠢᠭᠡᠮᠯᠢᠭ᠂ ᠨᠠᠮ ᠪᠦᠯᠦᠭ ᠤᠨ ᠪᠤᠰᠤ ᠬᠦᠮᠦᠰ ᠤᠨ ᠲᠦᠯᠦᠭᠡᠯᠡᠭᠴᠢᠳ ᠵᠢᠴᠢ ᠦᠪᠡᠷᠲᠡᠭᠡᠨ ᠵᠠᠰᠠᠬᠤ ᠤᠷᠤᠨ ᠤ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠳᠠᠨ᠂ ᠵᠠᠰᠠᠭ ᠤᠨ ᠤᠷᠳᠤᠨ ᠤ ᠵᠦᠪᠯᠡᠭᠴᠢ᠂ ᠰᠤᠶᠤᠯ ᠲᠡᠦᠭᠡ ᠶᠢᠨ ᠤᠷᠳᠤᠨ ᠤ ᠰᠠᠩᠴᠢ ᠨᠠᠷ ᠤᠷᠢᠳ ᠬᠤᠵᠢᠳ ᠶᠠᠷᠢᠶ᠎ᠠ ᠲᠠᠯᠪᠢᠵᠠᠢ᠃ ᠣᠯᠠᠨ ᠢᠶᠠᠷ ᠢᠶᠠᠨ ᠰᠠᠨᠠᠯ ᠨᠢᠭᠡᠲᠡᠢ ᠦᠵᠡᠭᠰᠡᠨ ᠨᠢ᠂ ︽12.5︾᠎ ᠶᠢᠨ ᠬᠤᠭᠤᠴᠠᠭ᠎ᠠ᠂ ᠤᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠠᠬᠦᠯᠦᠨ ᠳᠠᠶᠢᠴᠢᠯᠠᠵᠦ᠂ ᠲᠦᠪ ᠤᠨ ᠡᠯ᠎ᠠ ᠲᠥᠷᠥᠯ ᠤᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠥᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠠ ᠶᠢ ᠡᠬᠦᠳᠴᠦ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠴᠤ᠋ ᠰᠢᠨ᠎ᠠ ᠪᠠᠶᠢᠳᠠᠯ ᠢ ᠪᠤᠢ ᠪᠤᠯᠭᠠᠵᠦ᠂ ᠡᠯ᠎ᠠ ᠲᠦᠷᠦᠯ ᠤᠨ ᠠᠵᠢᠯ ᠢ ᠲᠠᠬᠢᠨᠳᠠ ᠰᠢᠨ᠎ᠠ ᠳᠡᠭᠳᠡᠷ ᠲᠤ ᠭᠠᠷᠭᠠᠬᠤ ᠶᠢ ᠠᠬᠢᠭᠤᠯᠵᠠᠢ᠃ ︽ᠢᠯᠡᠳᠭᠡᠯ︾᠎ ᠳᠤ ︽12.5︾᠎ ᠶᠢᠨ ᠬᠤᠭᠤᠴᠠᠭ᠎ᠠ ᠵᠢᠴᠢ 2015 ᠣᠨ ᠳᠤ ᠣᠯᠣᠭᠰᠠᠨ ᠠᠮᠵᠢᠯᠳᠠ᠂ ᠦᠨᠳᠦᠰᠦᠨ ᠲᠤᠷᠰᠢᠯᠭ᠎ᠠ ᠪᠣᠯᠣᠨ ᠤᠷᠤᠰᠢᠵᠦ ᠪᠠᠶᠢᠬᠤ ᠭᠤᠤᠯ ᠠᠰᠠᠭᠤᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ︽13.5︾᠎ ᠶᠢᠨ ᠬᠤᠭᠤᠴᠠᠭᠠᠨ ᠳᠠᠬᠢ ᠪᠣᠯᠣᠨ 2016 ᠣᠨ ᠤ ᠵᠠᠰᠠᠭ ᠤᠨ ᠤᠷᠳᠤᠨ ᠤ ᠠᠵᠢᠯ ᠤᠨ ᠭᠤᠤᠯ ᠡᠬᠦᠷᠭᠡ ᠶᠢ ᠲᠤᠷᠠᠳᠴᠦ ᠂ ᠲᠦᠪ ᠪᠣᠯᠣᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠢᠴᠡᠳ ᠢᠯᠡᠷᠡᠬᠦᠯᠵᠦ᠂ ᠪᠥᠬᠦ ᠢᠯᠡᠳᠬᠡᠯ ᠳᠤ ᠰᠢᠨᠵᠢᠯᠡᠬᠦ ᠤᠬᠠᠭᠠᠨᠴᠢ ᠪᠤᠳᠠᠳᠠᠢ ᠶᠢ ᠡᠷᠬᠢᠮᠯᠡᠬᠦ᠂ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠵᠤᠷᠢᠭ ᠰᠠᠨᠠᠭ᠎ᠠ ᠶᠢ ᠲᠤᠤᠱᠯᠠᠭᠤᠯᠵᠠᠢ ᠭᠡᠪᠡ᠃ ᠤᠯᠠᠨ ᠢᠶᠠᠷ ᠢᠶᠠᠨ ᠪᠠᠰᠠ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠰᠤᠷᠭᠠᠨ ᠬᠦᠮᠦᠵᠢᠯ ᠰᠤᠶᠤᠯ᠂ ᠰᠠᠭᠤᠷᠢ ᠪᠡᠯᠡᠳᠬᠡᠮᠵᠢ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ᠂ ︽ᠲᠠᠷᠢᠶᠠᠯᠠᠩ᠂ ᠲᠠᠷᠢᠶᠠᠯᠠᠬᠤ ᠤᠷᠤᠨ᠂ ᠲᠠᠷᠢᠶᠠᠴᠢᠨ᠂ ᠮᠠᠯ ᠠᠵᠤ ᠠᠬᠤᠢ᠂ ᠮᠠᠯᠵᠢᠬᠤ ᠣᠷᠣᠨ᠂ ᠮᠠᠯᠴᠢᠨ︾᠂ ᠭᠠᠳᠠᠭᠠᠳᠤ ᠲᠠᠢ ᠴᠢᠯᠤᠭᠡᠲᠡᠢ ᠶᠠᠪᠤᠯᠴᠠᠬᠤ᠂ ᠵᠠᠰᠠᠭ ᠤᠨ ᠤᠷᠳᠤᠨ ᠤ ᠪᠠᠶᠢᠭᠤᠯᠤᠯᠳᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠴᠠᠢ᠃      ᠪᠠᠭᠠᠳᠤᠷ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠠ ᠵᠠᠰᠠᠭ ᠤᠨ ᠤᠷᠳᠤᠨ ᠤ ᠵᠦᠪᠯᠡᠭᠴᠢ᠂ ᠰᠤᠶᠤᠯ ᠲᠡᠦᠭᠡ ᠶᠢᠨ ᠤᠷᠳᠤᠨ ᠤ ᠰᠠᠩᠴᠢ ᠨᠠᠷ ᠤᠨ ᠵᠠᠰᠠᠭ ᠤᠨ ᠤᠷᠳᠤᠨ ᠤ ᠠᠵᠢᠯ ᠢ ᠬᠠᠯᠠᠮᠵᠢᠯᠠᠨ ᠳᠡᠮᠵᠢᠵᠦ ᠪᠠᠶᠢᠬᠤ ᠳᠤ ᠳᠠᠯᠠᠷᠬᠠᠵᠦ ᠪᠠᠶᠢᠬᠤ ᠪᠠᠨ ᠢᠯᠡᠳᠭᠡᠵᠦ᠂ ᠨᠠᠷᠢᠨ ᠬᠢᠨᠠᠮᠠᠭᠠᠢ ᠰᠤᠳᠤᠯᠵᠦ᠂ ᠤᠯᠠᠨ ᠤ ᠰᠠᠨᠠᠯ ᠰᠠᠨᠠᠭᠤᠯᠭ᠎ᠠ ᠶᠢ ᠬᠦᠢᠴᠡᠳ ᠰᠢᠩᠭᠡᠭᠡᠨ ᠠᠪᠴᠤ᠂ ︽ᠢᠯᠡᠳᠭᠡᠯ︾᠎ ᠢ ᠰᠠᠶᠢᠲᠤᠷ ᠵᠠᠰᠠᠨ ᠰᠠᠶᠢᠵᠢᠷᠠᠭᠤᠯᠵᠦ᠂ ᠵᠠᠰᠠᠭ ᠤᠨ ᠤᠷᠳᠤᠨ ᠤ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ ᠪᠠ ᠰᠠᠶᠢᠵᠢᠷᠠᠭᠤᠯᠬᠤ ᠭᠡᠷᠡᠭᠲᠡᠢ ᠭᠡᠵᠦ ᠱᠠᠭᠠᠷᠳᠠᠪᠠ᠃ ᠲᠡᠷᠡ᠂ ᠰᠠᠶ᠋ᠢᠬᠠᠨ ᠦᠩᠭᠡᠷᠡᠭᠰᠡᠨ 2015 ᠣᠨ ᠳᠤ᠂ ᠬᠦᠴᠢᠷᠳᠡᠯ ᠪᠠ ᠳᠠᠷᠤᠯᠳᠠ ᠨᠡᠯᠢᠶᠡᠳ ᠶᠡᠭᠡ ᠪᠠᠶᠢᠭᠰᠠᠨ ᠪᠠᠶᠢᠳᠠᠯ ᠳᠤᠤᠷ᠎ᠠ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠢᠯᠡᠳᠳᠡ ᠦᠷ᠎ᠠ ᠪᠦᠳᠦᠮᠵᠢ ᠤᠯᠵᠦ᠂ ︽12.5︾᠎ ᠶᠢᠨ ᠡᠬᠦᠷᠭᠡ ᠶᠢ ᠠᠮᠵᠢᠯᠳᠠ ᠲᠠᠢ ᠪᠡᠶᠡᠯᠡᠬᠦᠯᠪᠠ᠂ ᠡᠨᠡ ᠪᠤᠯ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠰᠢᠷᠭᠠᠭᠤ ᠬᠠᠳᠠᠭᠤᠵᠢᠯᠳᠠᠢ ᠴᠢᠷᠮᠠᠶᠢᠨ ᠠᠵᠢᠯᠯᠠᠭᠰᠠᠨ ᠤ ᠦᠷ᠎ᠠ ᠳ᠋ᠦᠩ ᠮᠦᠨ᠂ ᠪᠠᠰᠠᠴᠦ ᠤᠯᠠᠨ ᠤ ᠬᠠᠮᠳᠦ ᠶᠢᠨ ᠴᠢᠷᠮᠠᠶᠢᠯᠭ᠎ᠠ ᠠᠴᠠ ᠰᠠᠯᠵᠦ ᠴᠢᠳᠠᠬᠤ ᠦᠭᠡᠢ ᠶᠤᠮ᠃ ︽13.5︾᠎ ᠶᠢᠨ ᠬᠤᠭᠤᠴᠠᠭᠠᠨ ᠳᠤ᠂ ᠠᠵᠠ ᠲᠤᠬᠢᠶᠠᠯ ᠪᠣᠯᠣᠨ ᠦᠷᠢᠰᠦᠯᠳᠦᠭᠡᠨ ᠵᠡᠷᠭᠡᠴᠡᠨ ᠤᠷᠤᠰᠢᠵᠦ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠯᠳᠠ ᠲᠠᠢ ᠪᠤᠯᠬᠤ ᠦᠨᠳᠦᠰᠦᠨ ᠪᠠᠶᠢᠳᠠᠯ ᠬᠤᠪᠢᠷᠠᠭᠰᠠᠨ ᠦᠭᠡᠢ ᠶᠤᠮ᠃ ᠪᠢᠳᠡ ᠠᠵᠠ ᠲᠤᠬᠢᠶᠠᠯ ᠢ ᠰᠠᠶᠢᠳᠤᠷ ᠠᠳᠬᠤᠵᠦ ᠠᠰᠢᠭᠯᠠᠨ᠂ ᠡᠯ᠎ᠠ ᠲᠠᠯ᠎ᠠ ᠶᠢᠨ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠳᠠᠷᠠᠭᠤᠯᠵᠦ᠂ ᠲᠠᠯ᠎ᠠ ᠪᠦᠷᠢ ᠶᠢᠨ ᠬᠢᠨ ᠤ ᠢᠳᠡᠪᠬᠢᠵᠢᠯ ᠢ ᠲᠠᠢᠴᠢᠯᠠᠬᠤ ᠭᠡᠷᠡᠭᠲᠡᠢ ᠬᠡᠵᠤ ᠬᠡᠯᠡᠪᠠ᠃ ᠲᠡᠷᠡ ᠪᠠᠰᠠ ᠡᠯ᠎ᠠ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ ᠬᠤᠳᠠᠯᠳᠤᠭ᠎ᠠ ᠶᠢᠨ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠣᠯᠣᠨ ᠵᠠᠰᠠᠭ ᠤᠨ ᠤᠷᠳᠤᠨ ᠤ ᠵᠦᠪᠯᠡᠭᠴᠢ᠂ ᠰᠤᠶᠤᠯ ᠲᠡᠦᠭᠡ ᠶᠢᠨ ᠤᠷᠳᠤᠨ ᠤ ᠰᠠᠩᠴᠢ ᠨᠡᠷ ᠵᠠᠰᠠᠭ ᠤᠨ ᠤᠷᠳᠤᠨ ᠤ ᠠᠵᠢᠯ ᠳᠤ ᠢᠯᠡᠭᠦᠭᠡᠨ ᠰᠠᠨᠠᠯ ᠳᠤᠷᠠᠳᠴᠦ᠂ ᠢᠳᠡᠬᠢᠳᠠᠢ ᠪᠠᠷ ᠠᠷᠭ᠎ᠠ ᠤᠬᠠᠭᠠᠨ ᠳᠡᠪᠰᠢᠭᠦᠯᠵᠦ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠡᠯ᠎ᠠ ᠲᠦᠷᠦᠯ ᠤᠨ ᠠᠵᠢᠯ ᠢ ᠬᠠᠮᠳᠤᠪᠠᠷ ᠢᠶᠠᠨ ᠨᠡᠩ ᠰᠠᠶᠢᠳᠤᠷ ᠬᠢᠬᠦ ᠶᠢ ᠬᠦᠰᠡᠵᠦ ᠪᠠᠶᠢᠨ᠎ᠠ ᠭᠡᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠹᠦ᠋ ᠲᠠᠢ ᠽᠧᠩ ᠬᠤᠷᠠᠯ ᠳᠤ ᠤᠷᠤᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号