| | 1 ᠳ᠋ᠦ᠋ᠭᠡᠷ ᠰᠠᠷ᠎ᠠ ᠶᠢᠨ 5 ᠤ ᠡᠳᠦᠷ ᠠᠴᠠ 8 ᠤ ᠡᠳᠦᠷ ᠪᠣᠯᠲᠠᠯ᠎ᠠ᠂ ︽2015 ᠣᠨ ᠤ ᠣᠨᠴᠠ | ᠲᠦᠷᠦᠯ ᠤᠨ ᠲᠣᠨᠤᠭ ᠲᠦᠬᠦᠬᠡᠷᠦᠮᠵᠢ ᠶᠢᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠢ | ᠦᠷᠨᠢᠭᠦᠯᠬᠦ ᠲᠤᠬᠠᠢ ᠶᠠᠰᠤ ᠴᠢᠨᠠᠷ ᠤᠨ ᠬᠢᠨᠠᠯᠲᠠ ᠲᠠᠯᠪᠢᠬᠤ ᠶᠡᠷᠦᠩᠬᠡᠢ ᠲᠣᠪᠴᠢᠶ᠎ᠠ ᠶᠢᠨ ᠣᠨᠴᠠ ᠲᠦᠷᠦᠯ ᠤᠨ | ᠲᠣᠨᠤᠭ ᠲᠦᠬᠦᠬᠡᠷᠦᠮᠵᠢ ᠶᠢᠨ ᠲᠣᠪᠴᠢᠶᠠᠨ ᠤ ᠮᠡᠳᠡᠭᠳᠡᠯ︾ ︵ᠴᠢᠨᠠᠷ ᠬᠢᠨᠠᠯᠲᠠ ᠣᠨᠴᠠ ᠪᠢᠴᠢᠭ ﹇2015﹈ 72 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠤᠭᠠᠷ᠂ ᠦᠪᠦᠷ ᠮᠣᠩᠭᠤᠯ ᠤᠨ ᠶᠠᠰᠤ ᠴᠢᠨᠠᠷ ᠤᠨ ᠬᠢᠨᠠᠯᠲᠠ ᠲᠠᠯᠪᠢᠬᠤ | ᠲᠣᠪᠴᠢᠶ᠎ᠠ ᠠᠴᠠ 2015 ᠣᠨ ᠤ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ ᠲᠤᠭ᠎ᠠ ᠪᠦᠷᠢᠳᠬᠡᠯ ᠤᠨ | ᠣᠨ ᠤ ᠮᠡᠳᠡᠭᠦᠯᠦᠯᠲᠡ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠨᠢᠭᠡᠴᠡ ᠶᠢᠨ | 2015 ᠣᠨ ᠤ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ ᠲᠤᠭ᠎ᠠ ᠪᠦᠷᠢᠳᠬᠡᠯ ᠤᠨ ᠣᠨ ᠤ | ᠮᠡᠳᠡᠭᠦᠯᠦᠯᠲᠡ ᠶᠢᠨ ᠠᠵᠢᠯ ᠢᠶᠠᠨ ᠰᠠᠶᠢᠲᠤᠷ ᠬᠢᠬᠦ ᠶᠢ ᠵᠢᠯᠤᠭᠤᠳᠤᠪᠠ᠃ ᠪᠦᠬᠦ ᠤᠷᠤᠨ ᠤ ᠡᠯ᠎ᠡ ᠠᠶᠢᠮᠠᠭ ᠬᠤᠲᠠ ᠶᠢᠨ | ᠶᠠᠰᠤ ᠴᠢᠨᠠᠷ ᠤᠨ ᠬᠢᠨᠠᠯᠲᠠ ᠲᠠᠯᠪᠢᠬᠤ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵ᠭᠡᠰᠢᠭᠦᠳ ᠤᠨ ᠬᠤᠷᠠᠯ︶᠂ ᠡᠯ᠎ᠡ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢ ᠰᠢᠯᠭᠠᠨ ᠪᠠᠶᠢᠴᠠᠭᠠᠬᠤ | ᠪᠠᠶᠢᠭᠤᠯᠤᠮᠵᠢ ᠵᠢᠴᠢ ᠠᠵᠢᠯ ᠲᠦᠷᠦᠯ ᠤᠨ ᠨᠡᠶᠢᠭᠡᠮᠯᠢᠭ ᠵᠡᠷᠭᠡ ᠠᠴᠠ ᠢᠷᠡᠭᠰᠡᠨ ᠨᠡᠶᠢᠲᠡ 34 ᠲᠦᠯᠦᠭᠡᠯᠡᠭᠴᠢ | ᠬᠤᠷᠠᠯ ᠳᠤ ᠣᠷᠤᠯᠴᠠᠪᠠ᠃ | ᠦᠪᠦᠷ ᠮᠣᠩᠭᠤᠯ ᠤᠨ ᠶᠠᠰᠤ ᠴᠢᠨᠠᠷ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠣᠨᠴᠠ ᠲᠦᠷᠦᠯ ᠤᠨ ᠲᠣᠨᠤᠭ | ᠲᠦᠬᠦᠬᠡᠷᠦᠮᠵᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠲᠠᠨ | ᠨᠦᠬᠦᠳ ᠡᠬᠢᠯᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠣᠨᠴᠠ ᠲᠦᠷᠦᠯ ᠤᠨ ᠲᠣᠨᠤᠭ | ᠲᠦᠬᠦᠬᠡᠷᠦᠮᠵᠢ ᠶᠢᠨ ᠲᠤᠭ᠎ᠠ ᠪᠠᠷᠢᠮᠳᠠ ᠶᠢᠨ ᠪᠦᠷᠢᠳᠬᠡᠯ ᠨᠢ ᠣᠨᠴᠠ ᠲᠦᠷᠦᠯ ᠤᠨ ᠲᠤᠨᠤᠭ ᠲᠦᠬᠦᠬᠡᠷᠦᠮᠵᠢ ᠶᠢᠨ | ᠠᠵᠢᠯ ᠳᠤᠮᠳᠠ ᠴᠢᠬᠤᠯᠠ ᠶᠡᠭᠡ ᠠᠴᠢ ᠬᠤᠯᠪᠣᠭᠳᠠᠯ ᠲᠠᠢ ᠪᠠᠶᠢᠵᠤ᠂ ᠲᠤᠭ᠎ᠠ ᠪᠠᠷᠢᠮᠳᠠ ᠶᠢᠨ ᠪᠦᠷᠢᠳᠬᠡᠯ ᠪᠣᠯ | ᠵᠠᠳᠠᠯᠤᠨ ᠮᠠᠭᠠᠳᠯᠠᠬᠤ᠂ ᠰᠢᠢᠳᠪᠦᠷᠢᠲᠤ ᠪᠣᠳᠤᠯᠭ᠎ᠠ ᠲᠣᠭᠲᠠᠭᠠᠬᠤ ᠴᠢᠨᠠᠭᠰᠢᠯᠠᠪᠠᠯ ᠠᠳᠡᠯ ᠢ ᠮᠠᠭᠠᠳᠯᠠᠬᠤ ᠵᠡᠷᠭᠡ | ᠠᠵᠢᠯ ᠤᠨ ᠴᠢᠬᠤᠯᠠ ᠲᠦᠰᠢᠭ ᠲᠤᠯᠭᠠᠭᠤᠷᠢ ᠮᠦᠨ᠃ ᠲᠤᠰ ᠤᠳᠠᠭᠠᠨ ᠤ ᠣᠨᠴᠠ ᠲᠦᠷᠦᠯ ᠤᠨ ᠲᠣᠨᠤᠭ | ᠲᠦᠬᠦᠬᠡᠷᠦᠮᠵᠢ ᠶᠢᠨ ᠲᠤᠭ᠎ᠠ ᠪᠠᠷᠢᠮᠳᠠ ᠶᠢᠨ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠬᠤ | ᠶᠠᠪᠤᠴᠠ ᠳᠤᠮᠳᠠ᠂ ᠬᠤᠷᠠᠯ ᠳᠤ ᠣᠷᠤᠯᠴᠠᠭᠰᠠᠳ ᠤᠶᠤᠨ ᠴᠢᠳᠠᠯ ᠢᠶᠠᠨ ᠲᠥᠪᠯᠡᠷᠡᠭᠦᠯᠦᠨ ᠲᠤᠭ᠎ᠠ ᠪᠠᠷᠢᠮᠲᠠ ᠶᠢ | ᠨᠠᠷᠢᠨ ᠬᠢᠨᠠᠮᠠᠭᠠᠶ ᠲᠠᠭᠯᠠᠨ ᠮᠡᠳᠡᠭᠦᠯᠵᠦ᠂ ᠲᠤᠭ᠎ᠠ ᠪᠦᠷᠢᠳᠬᠡᠯ ᠤᠨ ᠡᠭᠦᠷᠭᠡ ᠪᠠᠨ ᠴᠢᠨᠠᠷ ᠰᠠᠶᠢᠲᠠᠢ ᠪᠦᠷᠢᠨ ᠭᠦᠢᠴᠡᠳ | ᠪᠡᠶᠡᠯᠡᠭᠦᠯᠪᠡ᠃ ᠡᠯ᠎ᠡ ᠨᠢᠭᠡᠴᠡ ᠨᠦᠭᠦᠳ ᠲᠤᠭ᠎ᠠ ᠪᠦᠷᠢᠳᠬᠡᠯ ᠤᠨ ᠠᠵᠢᠯ ᠢ ᠨᠡᠩ ᠬᠦᠨᠳᠦᠳᠬᠡᠨ ᠦᠵᠡᠵᠦ᠂ ᠲᠤᠭ᠎ᠠ | ᠪᠦᠷᠢᠳᠬᠡᠯ ᠤᠨ ᠠᠵᠢᠯ ᠳᠠᠬᠢ ᠲᠠᠨᠢᠯᠲᠠ ᠪᠠᠨ ᠰᠢᠨ᠎ᠡ ᠳᠡᠭᠡᠳᠦ ᠬᠡᠮᠵᠢᠶᠡᠨ ᠳᠤ ᠬᠦᠷᠦᠭᠦᠯᠵᠦ᠂ ᠲᠤᠭ᠎ᠠ | ᠪᠦᠷᠢᠳᠬᠡᠯ ᠤᠨ ᠠᠵᠢᠯ ᠪᠠ ᠮᠡᠳᠡᠭᠡ ᠵᠠᠩᠬᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ᠂ ᠲᠤᠭ᠎ᠠ | ᠪᠠᠷᠢᠮᠳᠠ ᠶᠢᠨ ᠪᠦᠷᠢᠳᠬᠡᠯ ᠢᠶᠠᠷ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠳᠤ ᠨᠡᠩ ᠰᠠᠶᠢᠨ ᠲᠤᠯᠭᠠᠭᠤᠷᠢᠯᠠᠬᠤ ᠦᠢᠯᠡᠳᠦᠯ ᠦᠵᠡᠭᠦᠯᠬᠦ ᠪᠣᠯᠤᠨ᠎ᠠ ᠭᠡᠪᠡ᠃ | ᠲᠤᠰ ᠬᠤᠷᠠᠯ ᠤᠨ ᠭᠤᠣᠯ ᠠᠭᠤᠯᠭ᠎ᠠ ᠭᠡᠪᠡᠯ᠂ ᠨᠢᠭᠡ ᠳᠤ 2015 ᠣᠨ ᠤ ᠲᠤᠭ᠎ᠠ ᠪᠦᠷᠢᠳᠬᠡᠯ ᠤᠨ ᠠᠵᠢᠯ | ᠳᠤᠮᠳᠠᠬᠢ ᠲᠤᠭ᠎ᠠ ᠪᠦᠷᠢᠳᠬᠡᠯ ᠤᠨ ᠴᠠᠭ᠂ ᠴᠠᠭ ᠤᠨ ᠬᠢᠵᠠᠭᠠᠷ᠂ ᠲᠤᠭ᠎ᠠ ᠪᠦᠷᠢᠳᠬᠡᠯ ᠤᠨ ᠠᠳᠠᠯᠢ ᠲᠦᠷᠦᠯ ᠤᠨ | ᠪᠠᠷᠢᠮᠵᠢᠶ᠎ᠠ ᠶᠢᠨ ᠲᠤᠬᠠᠢ ᠪᠣᠯᠪᠠᠰᠤᠷᠠᠭᠤᠯᠤᠯ ᠬᠢᠬᠦ ᠪᠣᠯᠤᠨ᠎ᠠ︔ ᠬᠤᠶᠠᠷ ᠲᠤ ᠰᠢᠨ᠎ᠡ ᠣᠨᠴᠠ ᠲᠦᠷᠦᠯ ᠤᠨ ᠲᠣᠨᠤᠭ | ᠲᠦᠬᠦᠬᠡᠷᠦᠮᠵᠢ ᠶᠢᠨ ᠭᠠᠷᠴᠠᠭ ᠶᠣᠰᠤᠭᠠᠷ᠂ ᠣᠨᠴᠠ ᠲᠦᠷᠦᠯ ᠤᠨ ᠲᠤᠨᠤᠭ ᠲᠦᠬᠦᠬᠡᠷᠦᠮᠵᠢ ᠶᠢᠨ ᠲᠤᠭ᠎ᠠ | ᠪᠠᠷᠢᠮᠳᠠ ᠶᠢᠨ ᠬᠦᠮᠦᠷᠭᠡ ᠶᠢ ᠡᠮᠬᠢᠯᠡᠨ ᠵᠠᠰᠠᠪᠤᠷᠢᠯᠠᠬᠤ ᠪᠣᠯᠤᠨ᠎ᠠ︔ ᠭᠤᠷᠪᠠ ᠳᠤ 2015 ᠣᠨ ᠤ ᠣᠨᠴᠠ | ᠲᠦᠷᠦᠯ ᠤᠨ ᠲᠤᠨᠤᠭ ᠲᠦᠬᠦᠬᠡᠷᠦᠮᠵᠢ ᠶᠢᠨ ᠶᠡᠷᠦᠩᠬᠡᠢ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠶᠢᠨ ᠠᠵᠢᠯ ᠢ | ᠪᠡᠶᠡᠯᠡᠭᠦᠯᠬᠦ ᠪᠣᠯᠤᠨ᠎ᠠ︔ ᠳᠥᠷᠪᠡ ᠳᠤ 2015 ᠣᠨ ᠤ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ | ᠠᠳᠡᠯ ᠢ ᠪᠦᠷᠢᠳᠬᠡᠬᠦ ᠣᠨ ᠤ ᠮᠡᠳᠡᠭᠦᠯᠦᠯᠲᠡ ᠶᠢᠨ ᠠᠵᠢᠯ ᠢ ᠪᠡᠶᠡᠯᠡᠭᠦᠯᠬᠦ ᠪᠣᠯᠤᠨ᠎ᠠ᠃ | ᠬᠤᠷᠠᠯ ᠠᠴᠠ ᠡᠮᠦᠨ᠎ᠡ᠂ ᠦᠪᠦᠷ ᠮᠣᠩᠭᠤᠯ ᠤᠨ ᠶᠠᠰᠤ ᠴᠢᠨᠠᠷ ᠤᠨ ᠬᠢᠨᠠᠯᠲᠠ ᠲᠠᠯᠪᠢᠬᠤ ᠲᠤᠪᠴᠢᠶ᠎ᠠ ᠠᠴᠠ | ᠤᠷᠢᠳᠴᠢᠯᠠᠨ ᠮᠡᠳᠡᠭᠳᠡᠯ ᠶᠠᠪᠤᠭᠤᠯᠵᠤ᠂ ᠡᠯ᠎ᠡ ᠨᠢᠭᠡᠴᠡ ᠨᠦᠭᠦᠳ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ | ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠣᠨᠴᠠ ᠲᠦᠷᠦᠯ ᠤᠨ ᠲᠣᠨᠤᠭ | ᠲᠦᠬᠦᠬᠡᠷᠦᠮᠵᠢ ᠶᠢᠨ ᠠᠵᠢᠯ ᠳᠤ ᠳᠠᠳᠮᠠᠭᠠᠢ ᠪᠦᠭᠡᠳ ᠣᠨᠴᠠ ᠲᠦᠷᠦᠯ ᠤᠨ ᠲᠤᠨᠤᠭ ᠲᠦᠬᠦᠬᠡᠷᠦᠮᠵᠢ ᠶᠢᠨ ᠲᠤᠭ᠎ᠠ | ᠪᠦᠷᠢᠳᠬᠡᠯ ᠤᠨ ᠠᠵᠢᠯ ᠤᠨ ᠲᠤᠷᠰᠢᠯᠭ᠎ᠠ ᠲᠠᠢ ᠪᠠᠶᠢᠬᠤ᠂ ᠲᠡᠷᠡᠴᠢᠯᠡᠨ ᠺᠣᠮᠫᠢᠦ᠋ᠲ᠋ᠧᠷ ᠢᠶᠠᠷ ᠲᠤᠭ᠎ᠠ ᠪᠠᠷᠢᠮᠳᠠ ᠶᠢᠨ | ᠬᠦᠰᠦᠨᠦᠭᠲᠦ ᠲᠠᠭᠯᠠᠨ ᠮᠡᠳᠡᠭᠦᠯᠬᠦ ᠳᠡᠭᠡᠨ ᠪᠣᠯᠪᠠᠰᠤᠷᠠᠩᠭᠤᠢ ᠬᠦᠮᠦᠨ ᠢ ᠲᠣᠮᠢᠯᠠᠨ ᠬᠤᠷᠠᠯ ᠳᠤ ᠣᠷᠤᠯᠴᠠᠭᠤᠯᠵᠤ᠂ | ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ ᠲᠤᠭ᠎ᠠ ᠪᠠᠷᠢᠮᠳᠠ ᠶᠢᠨ ᠪᠦᠷᠢᠳᠬᠡᠯ ᠤᠨ ᠡᠩᠨᠡᠭᠡᠨ ᠤ | ᠲᠣᠭᠳᠠᠭᠤᠨ ᠪᠠᠶᠢᠬᠤ ᠶᠢ ᠠᠯᠢ ᠴᠢᠳᠠᠬᠤ ᠪᠠᠷ ᠪᠠᠷᠢᠮᠳᠠᠯᠠᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠨᠢᠭᠡᠴᠡ ᠨᠦᠭᠦᠳ | 2015 ᠣᠨ ᠳᠠᠬᠢ ᠣᠨᠴᠠ ᠲᠦᠷᠦᠯ ᠤᠨ ᠲᠣᠨᠤᠭ ᠲᠦᠬᠦᠬᠡᠷᠦᠮᠵᠢ ᠶᠢᠨ ᠶᠡᠷᠦᠩᠬᠡᠢ ᠪᠦᠷᠢᠳᠬᠡᠯ ᠵᠢᠴᠢ ᠠᠳᠡᠯ ᠤᠨ | ᠪᠠᠶᠢᠳᠠᠯ ᠢ ᠨᠠᠷᠢᠨ ᠬᠢᠨᠠᠮᠠᠭᠠᠢ ᠡᠮᠬᠢᠯᠡᠨ ᠲᠢᠭᠯᠡᠵᠦ᠂ ᠰᠢᠰᠲ᠋ᠧᠮ ᠳᠤ ᠤᠷᠢᠳᠠᠪᠠᠷ ᠣᠷᠤᠵᠤ ᠬᠠᠮᠢᠶ᠎ᠠ ᠪᠦᠬᠦᠢ ᠲᠤᠭ᠎ᠠ | ᠪᠠᠷᠢᠮᠳᠠ ᠶᠢᠨ ᠬᠡᠷᠡᠭᠴᠡᠭᠡ ᠶᠢ ᠮᠡᠳᠡᠵᠦ ᠠᠪᠬᠤ ᠪᠦᠭᠡᠳ ᠬᠠᠷᠢᠶ᠎ᠠ ᠣᠷᠣᠨ ᠤ ᠣᠨᠴᠠ ᠲᠦᠷᠦᠯ ᠤᠨ ᠲᠣᠨᠤᠭ | ᠲᠦᠬᠦᠬᠡᠷᠦᠮᠵᠢ ᠶᠢᠨ ᠲᠤᠭ᠎ᠠ ᠬᠡᠮᠵᠢᠶᠡᠨ ᠤ ᠪᠠᠶᠢᠳᠠᠯ ᠢ ᠤᠯᠠᠮ ᠴᠢᠨᠠᠭᠰᠢᠳᠠ ᠡᠵᠡᠮᠰᠢᠵᠦ᠂ ᠣᠨᠴᠠ ᠲᠦᠷᠦᠯ ᠤᠨ | ᠲᠣᠨᠤᠭ ᠲᠦᠬᠦᠬᠡᠷᠦᠮᠵᠢ ᠶᠢᠨ ᠲᠦᠷᠦᠯ ᠬᠤᠪᠢᠶᠠᠭᠰᠠᠨ ᠪᠦᠷᠢᠳᠬᠡᠯ ᠤᠨ ᠬᠦᠰᠦᠨᠦᠭᠲᠦ ᠶᠣᠰᠤᠭᠠᠷ ᠬᠠᠷᠠᠭᠠᠯᠵᠠᠭᠰᠠᠨ | ᠲᠤᠭ᠎ᠠ ᠪᠠᠷᠢᠮᠲᠠ ᠶᠢ ᠨᠠᠷᠢᠨ ᠬᠢᠨᠠᠮᠠᠭᠠᠶ ᠲᠠᠭᠯᠠᠬᠤ ᠬᠡᠷᠡᠭᠲᠡᠢ ᠭᠡᠵᠦ ᠱᠠᠭᠠᠷᠳᠠᠪᠠ᠃ |