ᠥᠪᠥᠷ ᠮᠣᠩᠭᠤᠯ ᠵᠢᠶᠠᠩᠶ᠋ᠢᠦ ᠼᠤᠤ ᠵᠡᠷᠭᠡ 22 ᠵᠦᠢᠯ ᠤᠨ ᠢᠳᠡᠭᠡᠨ ᠢ ᠵᠢᠵᠢᠭ ᠦᠢᠯᠡᠳᠬᠡᠯ ᠳᠤ ᠦᠢᠯᠡᠳᠪᠦᠷᠢᠯᠡᠬᠦ ᠪᠠ ᠪᠣᠯᠪᠠᠰᠤᠷᠠᠭᠤᠯᠬᠤ ᠶᠢ ᠴᠠᠭᠠᠵᠠᠯᠠᠪᠠ
ᠨᠡᠶᠢᠲᠡᠯᠡᠭᠰᠡᠨ ᠴᠠᠭ᠄
2016/1/8
     ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠢ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠡᠵᠡᠩᠨᠡᠯᠲᠡ ᠶᠢᠨ ᠥᠢᠯᠡ ᠠᠵᠢᠯᠯᠠᠭ᠎ᠠ ᠶᠢ ᠲᠦᠷᠢᠮᠵᠢᠭᠦᠯᠵᠦ᠂ ᠮᠠᠨ ᠤ ᠣᠷᠣᠨ ᠤ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠤᠯᠠᠨ ᠲᠦᠮᠡᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠪᠣᠯᠤᠨ ᠢᠳᠡᠭᠡᠨ ᠳᠡᠯᠭᠡᠨ ᠬᠤᠳᠠᠯᠳᠤᠭᠴᠢᠳ ᠤᠨ ᠬᠠᠮᠢᠶᠠᠷᠤᠯᠲᠠ ᠶᠢᠨ ᠳᠦᠷᠢᠮ︾᠎ ᠤᠨ ᠱᠠᠭᠠᠷᠳᠠᠯᠭ᠎ᠠ ᠶᠤᠰᠤᠭᠠᠷ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠭᠳᠡᠯ ᠨᠡᠶᠢᠲᠡᠯᠡᠵᠦ᠂ ᠡᠭᠦᠨ ᠳᠤ ᠰᠦᠨ ᠲᠠᠯᠬ᠎ᠠ᠂ ᠰᠦ ᠪᠣᠯᠪᠠᠰᠤᠷᠠᠭᠤᠯᠬᠤ᠂ ᠫᠠᠰᠲ᠋ᠤᠷ ᠤᠨ ᠪᠠᠺᠲ᠋ᠧᠷᠢ ᠦᠭᠡᠢ ᠰᠦ᠂ ᠪᠠᠺᠲ᠋ᠧᠷᠢ ᠤᠰᠠᠳᠬᠠᠭᠰᠠᠨ ᠰᠦ᠂ ᠰᠡᠯᠭᠦᠭᠡ ᠰᠦ᠂ ᠰᠦ ᠠᠭᠤᠯᠤᠭᠰᠠᠨ ᠬᠠᠲᠠᠭᠤ ᠪᠡᠶᠡᠲᠦ  ᠪᠦᠲᠦᠭᠡᠭᠳᠡᠬᠦᠨ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠢᠳᠡᠭᠡᠨ᠂ ᠠᠨᠠᠭᠠᠬᠤ ᠤᠬᠠᠭᠠᠨ ᠤ ᠣᠨᠴᠠᠭᠠᠶ  ᠬᠡᠷᠡᠭᠯᠡᠯᠲᠡ ᠶᠢᠨ ᠨᠠᠶᠢᠷᠠᠯᠠᠭ᠎ᠠ ᠲᠠᠢ ᠢᠳᠡᠭᠡᠨ᠂ ᠣᠨᠴᠠᠭᠠᠶ ᠬᠤᠭᠤᠯᠠᠨ ᠤ ᠢᠳᠡᠭᠡᠨ᠂ ᠡᠷᠡᠭᠦᠯᠵᠢᠯ ᠤᠨ ᠢᠳᠡᠭᠡᠨ᠂ ᠰᠢᠨ᠎ᠡ ᠢᠳᠡᠭᠡᠨ ᠤ ᠲᠦᠭᠦᠬᠡᠶ ᠡᠳ᠋᠂ ᠲᠤᠲᠤᠷᠭ᠎ᠠ᠂ ᠵᠢᠶᠠᠩᠶ᠋ᠢᠦ᠂ ᠢᠳᠡᠭᠡᠨ ᠤ ᠼᠤᠤ᠂ ᠠᠮᠲᠠᠨ ᠣᠬᠢ᠂ ᠨᠡᠭᠦᠷᠡᠰᠦ ᠬᠦᠴᠢᠯ ᠤᠨ ᠤᠮᠳᠠᠭᠠᠨ᠂ ᠪᠣᠭᠤᠳᠠᠯ ᠎ ᠲᠠᠢ ᠤᠤᠭᠤᠬᠤ ᠤᠰᠤ᠂ ᠪᠠᠯ᠂ ᠴᠡᠴᠡᠭ ᠤᠨ ᠲᠣᠭᠤᠰᠣ᠂ ᠳᠥᠭᠦᠮ ᠮᠢᠨᠲᠤᠤᠷ᠂ ᠭᠤᠸᠠᠨᠲ᠋ᠧᠦ᠂ ᠰᠢᠬᠢᠷ᠂ ᠴᠠᠷᠳᠠᠭᠤᠯ ᠰᠢᠬᠢᠷ᠂ ᠬᠥᠯᠳᠡᠭᠦᠦ ᠤᠮᠳᠠᠭᠠᠨ᠂ ᠬᠠᠷ᠎ᠠ ᠠᠷᠢᠬᠢ᠂ ᠦᠵᠦᠮ ᠤᠨ ᠠᠷᠢᠬᠢ ᠵᠢᠴᠢ ᠵᠢᠮᠢᠰ ᠤᠨ ᠠᠷᠢᠬᠢ᠂ ᠫᠢᠸᠤ᠋ ᠠᠷᠢᠬᠢ᠂ ᠳᠠᠷᠠᠰᠤ᠂ ᠨᠠᠶᠢᠷᠠᠭᠤᠯᠤᠭᠰᠠᠨ ᠠᠷᠢᠬᠢ᠂ ᠢᠳᠡᠭᠡᠨ ᠤ ᠨᠡᠮᠡᠯᠲᠡ ᠶᠢ ᠪᠠᠭᠲᠠᠭᠠᠭᠰᠠᠨ 22 ᠵᠦᠢᠯ ᠤᠨ ᠢᠳᠡᠭᠡᠨ ᠤ ᠲᠦᠷᠦᠯ ᠵᠦᠢᠯ ᠢᠳᠡᠭᠡᠨ ᠢ ᠵᠢᠵᠢᠭ ᠦᠢᠯᠡᠳᠬᠡᠯ ᠠᠴᠠ ᠦᠢᠯᠡᠳᠪᠦᠷᠢᠯᠡᠵᠦ ᠪᠣᠯᠪᠠᠰᠤᠷᠠᠭᠤᠯᠬᠤ ᠶᠢ ᠴᠠᠭᠠᠵᠠᠯᠠᠬᠤ ᠲᠤ ᠤᠷᠤᠭᠤᠯᠤᠭᠰᠠᠨ ᠪᠠᠶᠢᠨ᠎ᠠ᠃ ᠬᠤᠶᠢᠰᠢᠳᠠ᠂ ᠭᠠᠷᠴᠠᠭ ᠳᠣᠲᠣᠷ᠎ᠠ ᠴᠠᠭᠠᠵᠠᠯᠠᠭᠰᠠᠨ ᠢᠳᠡᠭᠡᠨ ᠢ ᠵᠢᠵᠢᠭ ᠦᠢᠯᠡᠳᠬᠡᠯ ᠦᠢᠯᠡᠳᠪᠦᠷᠢᠯᠡᠵᠦ ᠪᠤᠯᠪᠠᠰᠤᠷᠠᠭᠤᠯᠵᠤ ᠪᠣᠯᠬᠤ ᠦᠭᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号