2015 ᠣᠨ ᠳᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠠᠴᠠ | ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠶᠢ 4706 ᠲᠦᠮᠡᠨ ᠲᠥᠭᠦᠷᠢᠭ ᠪᠠᠭᠤᠯᠭᠠᠵᠤ᠂ ᠶᠠᠳᠠᠭᠤ | ᠬᠦᠴᠢᠷᠳᠡᠯᠲᠡᠶ ᠵᠡᠮᠳᠡᠭᠴᠤᠳ ᠢ 19.2 ᠲᠦᠮᠡᠨ ᠬᠦᠮᠦᠨ ᠤᠳᠠᠭ᠎ᠠ ᠨᠦᠬᠦᠪᠦᠷᠢᠯᠡᠪᠡ︔ ᠰᠤᠪᠢᠯᠠᠨ ᠠᠰᠠᠷᠠᠬᠤ | ᠨᠥᠬᠦᠪᠥᠷᠢ ᠶᠢ 6023 ᠲᠦᠮᠡᠨ ᠲᠥᠭᠦᠷᠢᠭ ᠪᠠᠭᠤᠯᠭᠠᠵᠤ᠂ ᠬᠦᠨᠳᠦ ᠬᠡᠮᠵᠢᠶᠡᠨ ᠤ ᠳᠡᠮᠳᠡᠭᠴᠤᠳ ᠢ 22 ᠲᠦᠮᠡᠨ | ᠬᠥᠮᠦᠨ ᠤᠳᠠᠭ᠎ᠠ ᠨᠦᠬᠦᠪᠦᠷᠢᠯᠡᠪᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ 509 ᠲᠦᠮᠡᠨ ᠲᠥᠭᠦᠷᠢᠭ | ᠲᠤᠬᠢᠷᠠᠭᠤᠯᠵᠤ᠂ ᠳᠡᠭᠡᠷ᠎ᠡ ᠨᠢ ᠡᠯ᠎ᠡ ᠭᠠᠵᠠᠷ ᠤᠷᠤᠨ ᠤ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ ᠶᠢ | ᠨᠡᠮᠡᠭᠡᠳ᠂ 6750 ᠡᠷᠦᠬᠡ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ | ᠪᠦᠯᠢ ᠶᠢᠨ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ | ᠪᠣᠯᠤᠨ ᠤᠯᠤᠰ ᠠᠴᠠ ᠲᠤᠰ ᠲᠤᠰ 500 ᠲᠦᠮᠡᠨ ᠲᠥᠭᠦᠷᠢᠭ ᠬᠢᠭᠡᠳ 245 ᠲᠦᠮᠡᠨ ᠲᠥᠭᠦᠷᠢᠭ ᠤᠷᠤᠭᠤᠯᠵᠤ | 2128 ᠡᠷᠦᠬᠡ ᠭᠡᠷ ᠪᠦᠯᠢ ᠶᠢ ᠰᠠᠭᠠᠳ ᠦᠭᠡᠢ ᠪᠤᠯᠭᠠᠨ ᠦᠭᠡᠷᠡᠴᠢᠯᠡᠨ ᠰᠠᠶᠢᠵᠢᠷᠠᠭᠤᠯᠪᠠ᠃ ᠤᠯᠤᠰ ᠤᠨ ︽ᠨᠡᠷᠡᠨ | ᠭᠡᠷᠡᠯᠳᠦ ᠭᠡᠷ ᠣᠷᠣᠨ ᠤ ᠲᠥᠯᠥᠪᠯᠡᠭᠡ︾ ᠶᠢᠨ ᠲᠦᠷᠦᠯ ᠵᠦᠢᠯ ᠢ ᠬᠡᠷᠡᠭᠵᠢᠬᠦᠯᠬᠦ ᠳᠤ᠂ 2015 ᠣᠨ ᠳᠤ ᠨᠡᠶᠢᠲᠡ | 842 ᠲᠦᠮᠡᠨ ᠲᠥᠭᠦᠷᠢᠭ ᠲᠤᠬᠢᠷᠠᠭᠤᠯᠤᠨ 14033 ᠵᠡᠮᠳᠡᠭᠴᠦᠳ ᠤᠨ ᠭᠡᠷ ᠲᠡᠭᠡᠨ ᠨᠠᠶᠢᠳᠠᠨ ᠠᠰᠠᠷᠠᠭᠤᠯᠬᠤ | ᠦᠢᠯᠡᠴᠢᠯᠡᠭᠡ ᠶᠢ ᠨᠦᠬᠦᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ 0~6 ᠨᠠᠰᠤᠨ ᠤ ᠶᠠᠳᠠᠭᠤ ᠬᠦᠴᠢᠷᠳᠡᠯᠲᠠᠢ | ᠵᠡᠮᠳᠡᠭ ᠬᠡᠦᠬᠡᠳ ᠢ ᠪᠠᠴᠢᠮ ᠠᠪᠤᠷᠠᠬᠤ ᠴᠢᠨᠠᠷᠲᠠᠶ ᠡᠷᠡᠭᠦᠯᠵᠢᠭᠦᠯᠬᠦ ᠢᠨᠵᠧᠨᠧᠷᠢᠩ ᠢ ᠬᠡᠷᠡᠭᠵᠢᠬᠦᠯᠬᠦ ᠳᠤ᠂ ᠥᠪᠡᠷᠲᠡᠭᠡᠨ | ᠵᠠᠰᠠᠬᠤ ᠣᠷᠣᠨ᠂ ᠠᠶᠢᠮᠠᠭ ︵ᠬᠤᠲᠠ︶ 1380 ᠲᠦᠮᠡᠨ ᠲᠥᠭᠦᠷᠢᠭ ᠲᠣᠬᠢᠷᠠᠭᠤᠯᠵᠤ᠂ 1020 ᠶᠠᠳᠠᠭᠤ | ᠬᠦᠴᠢᠷᠳᠡᠯᠲᠡᠶ ᠵᠡᠮᠳᠡᠭ ᠬᠡᠦᠬᠡᠳ ᠢ ᠠᠪᠤᠷᠠᠨ ᠲᠤᠰᠠᠯᠠᠵᠤ ᠡᠷᠡᠭᠦᠯᠵᠢᠭᠦᠯᠬᠦ ᠪᠣᠯᠪᠠᠰᠤᠷᠠᠯ ᠬᠢᠪᠡ᠃ ᠡᠨᠡ ᠵᠢᠯ᠂ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠪᠦᠬᠦ ᠣᠷᠣᠨ ᠤ ᠵᠡᠮᠳᠡᠭᠴᠦᠳ ᠤᠨ | ᠴᠢᠨᠡᠭᠡᠯᠢᠭᠵᠢᠬᠦ ᠠᠬᠢᠴᠠ ᠶᠢ ᠲᠦᠷᠭᠡᠳᠬᠡᠨ ᠠᠬᠢᠭᠤᠯᠵᠤ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠭᠰᠠᠨ | ᠪᠠᠶᠢᠨ᠎ᠠ᠃ |