ᠵᠢᠱᠢᠯᠲᠡ ᠪᠠᠷ ᠢᠷᠡᠬᠦ 3 ᠡᠳᠦᠷ ᠲᠤ ᠥᠪᠥᠷ ᠮᠣᠩᠭᠤᠯ ᠤᠨ ᠶᠡᠬᠡᠩᠬᠢ ᠬᠡᠰᠡᠭ ᠲᠤ ᠲᠤᠩᠭᠠᠯᠠᠭ ᠠᠴᠠ ᠡᠭᠦᠯᠡᠰᠢᠨ᠎ᠠ
ᠨᠡᠶᠢᠲᠡᠯᠡᠭᠰᠡᠨ ᠴᠠᠭ᠄
2016/1/8
     ᠣᠶᠢᠷ᠎ᠠ ᠳᠤ᠂ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ ᠥᠪᠥᠷ ᠮᠣᠩᠭᠤᠯ ᠳᠤ ᠶᠡᠭᠡ ᠰᠠᠯᠬᠢᠯᠠᠨ ᠬᠦᠢᠲᠡᠷᠡᠵᠦ᠂ ᠶᠡᠬᠡᠩᠬᠢ ᠭᠠᠵᠠᠷ ᠣᠷᠣᠨ ᠳᠤ ᠰᠠᠯᠬᠢᠨ ᠤ ᠬᠡᠮᠵᠢᠶ᠎ᠡ 4᠂ 5 ᠳᠡᠰ ᠲᠤ ᠬᠦᠷᠴᠦ᠂ ᠪᠣᠬᠢᠷ ᠮᠠᠨᠠᠨ ᠢ ᠦᠯᠡᠳᠡᠨ ᠬᠥᠭᠡᠭᠡᠪᠡ᠃ ᠭᠡᠪᠡᠴᠦ ᠪᠦᠬᠦ ᠣᠷᠣᠨ ᠤ ᠠᠭᠤᠷ ᠠᠮᠢᠰᠬᠤᠯ ᠬᠠᠷᠢᠴᠠᠩᠭᠤᠢ ᠬᠦᠢᠲᠡᠷᠡᠵᠦ᠂ ᠵᠡᠭᠦᠨ ᠪᠡᠶ᠎ᠡ ᠶᠢᠨ ᠤᠯᠠᠨ ᠭᠠᠵᠠᠷ ᠣᠷᠣᠨ ᠳᠤ ᠨᠢᠭᠡ ᠭᠠᠷᠠᠭ ᠦᠷᠭᠦᠯᠵᠢᠯᠡᠨ 30 ᠼᠧᠯᠰ ᠠᠴᠠ ᠳᠣᠷᠣᠭᠰᠢ ᠬᠦᠢᠲᠡᠷᠡᠪᠡ᠃ ᠵᠢᠱᠢᠯᠲᠡ ᠪᠠᠷ ᠢᠷᠡᠬᠦ ᠭᠤᠷᠪᠠᠨ ᠡᠳᠦᠷ ᠲᠤ᠂ ᠪᠦᠬᠦ ᠣᠷᠣᠨ ᠤ ᠶᠡᠬᠡᠩᠬᠢ ᠭᠠᠵᠠᠷ ᠣᠷᠣᠨ ᠳᠤ ᠲᠤᠩᠭᠠᠯᠠᠭ ᠪᠠᠶᠢᠭᠰᠠᠨ ᠠᠴᠠ ᠡᠭᠦᠯᠡᠰᠢᠵᠤ᠂ ᠵᠡᠭᠦᠨ ᠪᠡᠶ᠎ᠡ ᠶᠢᠨ ᠭᠠᠵᠠᠷ ᠣᠷᠣᠨ ᠳᠤ ᠨᠡᠯᠢᠶᠡᠳ ᠶᠡᠭᠡ ᠰᠠᠯᠬᠢᠯᠠᠵᠤ᠂ ᠳᠤᠯᠠᠭᠠᠨ ᠤ ᠬᠡᠮᠵᠢᠶ᠎ᠡ 4 ᠼᠧᠯᠰ ᠣᠷᠴᠢᠮ ᠪᠠᠭᠤᠷᠠᠵᠤ᠂ ᠳᠤᠮᠳᠠ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠪᠠᠭ᠎ᠠ ᠬᠡᠮᠵᠢᠶᠡᠨ ᠤ ᠪᠣᠬᠢᠷ ᠮᠠᠨᠠᠨ ᠲᠠᠢ᠃      1 ᠳ᠋ᠦ᠋ᠭᠡᠷ ᠰᠠᠷ᠎ᠠ ᠠᠴᠠ ᠨᠠᠰᠢ᠂ ᠨᠡᠯᠢᠶᠡᠳ ᠴᠢᠩᠭ᠎ᠠ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠳᠤ ᠶᠡᠭᠡ ᠰᠠᠯᠬᠢᠯᠠᠨ ᠬᠦᠢᠲᠡᠷᠡᠵᠦ᠂ ᠣᠨᠴᠠᠭᠠᠶᠢᠯᠠᠨ ᠳᠤᠮᠳᠠ ᠪᠠᠷᠠᠭᠤᠨ ᠪᠡᠶ᠎ᠡ ᠪᠠ ᠵᠡᠭᠦᠨ ᠪᠡᠶ᠎ᠡ ᠶᠢᠨ ᠡᠮᠦᠨ᠎ᠡ ᠬᠡᠰᠡᠭ ᠭᠠᠵᠠᠷ ᠣᠷᠣᠨ ᠢᠶᠠᠷ ᠳᠤᠯᠠᠭᠠᠨ ᠤ ᠬᠡᠮᠵᠢᠶ᠎ᠡ 6 ~ 8 ᠼᠧᠯᠰ ᠳᠤᠷᠤᠭᠰᠢᠯᠠᠪᠠ᠃ ᠡᠭᠦᠨ ᠤ ᠬᠠᠮᠲᠤ᠂ ᠰᠠᠯᠬᠢᠨ ᠤ ᠬᠦᠴᠦ ᠶᠡᠭᠡ ᠠᠴᠠ ᠪᠣᠯᠵᠤ ᠪᠦᠬᠦ ᠣᠷᠣᠨ ᠤ ᠪᠣᠬᠢᠷ ᠮᠠᠨᠠᠨ ᠢ ᠦᠯᠡᠳᠡᠨ ᠠᠷᠢᠯᠭᠠᠪᠠ᠃1 ᠳ᠋ᠦ᠋ᠭᠡᠷ ᠰᠠᠷ᠎ᠠ ᠶᠢᠨ 6 ~7᠎ ᠤ ᠡᠳᠦᠷ᠂ ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠠᠭᠠᠷ ᠮᠠᠨᠳᠤᠯ ᠤᠨ ᠪᠣᠬᠢᠷᠳᠣᠯ ᠤᠨ ᠨᠥᠬᠦᠴᠡᠯ ᠨᠢᠭᠡᠳᠦᠭᠡᠷ ᠳᠡᠰ ᠪᠣᠯᠵᠤ᠂ ᠠᠭᠤᠷ ᠠᠮᠢᠰᠬᠤᠯ ᠮᠠᠰᠢ ᠴᠡᠪᠡᠷᠰᠢᠪᠡ᠃      ᠥᠪᠥᠷ ᠮᠣᠩᠭᠤᠯ ᠤᠨ ᠴᠠᠭ ᠠᠭᠤᠷ ᠤᠨ ᠥᠷᠲᠡᠭᠡᠨ ᠤ ᠵᠢᠱᠢᠯᠲᠡ ᠶᠢ ᠦᠨᠳᠦᠰᠦᠯᠡᠪᠡᠯ ᠢᠷᠡᠬᠦ 3 ᠡᠳᠦᠷ ᠲᠤ ᠪᠦᠬᠦ ᠣᠷᠣᠨ ᠤ ᠶᠡᠬᠡᠩᠬᠢ ᠭᠠᠵᠠᠷ ᠣᠷᠣᠨ ᠳᠤ ᠲᠤᠩᠭᠠᠯᠠᠭ ᠠᠴᠠ ᠡᠭᠦᠯᠡᠰᠢᠵᠦ᠂ ᠬᠡᠰᠡᠭ ᠭᠠᠵᠠᠷ ᠣᠷᠣᠨ ᠳᠤ ᠪᠣᠬᠢᠷ ᠮᠠᠨᠠᠨ ᠲᠠᠢ᠂ ᠪᠣᠳᠠᠲᠠᠢ ᠪᠠᠷ ᠬᠡᠯᠡᠪᠡᠯ᠂1 ᠳ᠋ᠦ᠋ᠭᠡᠷ ᠰᠠᠷ᠎ᠠ ᠶᠢᠨ 8᠎ ᠤ ᠡᠳᠦᠷ᠂ ᠬᠥᠯᠥᠨ ᠪᠣᠶᠢᠷ ᠬᠤᠲᠠ ᠳᠤ ᠲᠤᠩᠭᠠᠯᠠᠭ ᠠᠴᠠ ᠡᠭᠦᠯᠡᠰᠢᠨ᠎ᠡ᠂ ᠪᠤᠰᠤᠳ ᠭᠠᠵᠠᠷ ᠣᠷᠣᠨ ᠳᠤ ᠲᠤᠩᠭᠠᠯᠠᠭ ᠬᠡᠰᠡᠭ ᠲᠡᠭᠡᠨ ᠡᠭᠦᠯᠡ ᠲᠠᠢ᠂ ᠠᠯᠠᠱᠨ ᠠᠶᠢᠮᠠᠭ᠂ ᠦᠬᠠᠢ ᠬᠤᠲᠠ᠂ ᠣᠷᠳᠣᠰ ᠬᠤᠲᠠ ᠶᠢᠨ ᠡᠮᠦᠨ᠎ᠡ ᠬᠡᠰᠡᠭ ᠲᠤ ᠪᠠᠷᠠᠭᠤᠨ ᠬᠤᠶᠢᠨ᠎ᠠ ᠠᠴᠠ 2  ᠂ 3 ᠳᠡᠰ ᠤᠨ ᠰᠠᠯᠬᠢ ᠰᠠᠯᠬᠢᠯᠠᠨ᠎ᠠ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠬᠢᠩᠭᠠᠨ ᠠᠶᠢᠮᠠᠭ᠂ ᠬᠥᠯᠥᠨ ᠪᠣᠶᠢᠷ ᠬᠤᠲᠠ ᠳᠤ ᠪᠠᠷᠠᠭᠤᠨ ᠬᠤᠶᠢᠨ᠎ᠠ ᠠᠴᠠ 4᠂ 5 ᠳᠡᠰ ᠤᠨ ᠰᠠᠯᠬᠢ ᠰᠠᠯᠬᠢᠯᠠᠨ᠎ᠠ᠂ ᠪᠤᠰᠤᠳ ᠭᠠᠵᠠᠷ ᠣᠷᠣᠨ ᠳᠤ ᠪᠠᠷᠠᠭᠤᠨ ᠬᠤᠶᠢᠨ᠎ᠠ ᠠᠴᠠ 3 ᠳᠡᠰ ᠣᠷᠴᠢᠮ ᠤᠨ ᠰᠠᠯᠬᠢ ᠰᠠᠯᠬᠢᠯᠠᠵᠤ᠂ ᠪᠤᠭᠤᠲᠤ ᠶᠢᠨ ᠡᠮᠦᠨ᠎ᠡ ᠬᠡᠰᠡᠭ᠂ ᠬᠥᠬᠡᠬᠤᠲᠠ ᠶᠢᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠪᠠᠭ᠎ᠠ ᠬᠡᠮᠵᠢᠶᠡᠨ ᠤ ᠪᠣᠬᠢᠷ ᠮᠠᠨᠠᠨ ᠲᠠᠢ︔1 ᠳ᠋ᠦ᠋ᠭᠡᠷ ᠰᠠᠷ᠎ᠠ ᠶᠢᠨ 9᠎ ᠤ ᠡᠳᠦᠷ᠂ ᠬᠥᠯᠥᠨ ᠪᠣᠶᠢᠷ ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠭ᠎ᠠ ᠴᠠᠰᠤ ᠲᠠᠢ᠂ ᠪᠤᠰᠤᠳ ᠭᠠᠵᠠᠷ ᠣᠷᠣᠨ ᠳᠤ ᠲᠤᠩᠭᠠᠯᠠᠭ ᠬᠡᠰᠡᠭ ᠲᠡᠭᠡᠨ ᠡᠭᠦᠯᠡ ᠲᠠᠢ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠬᠢᠩᠭᠠᠨ ᠠᠶᠢᠮᠠᠭ᠂ ᠬᠥᠯᠥᠨ ᠪᠣᠶᠢᠷ ᠬᠤᠲᠠ ᠳᠤ ᠪᠠᠷᠠᠭᠤᠨ ᠬᠤᠶᠢᠨ᠎ᠠ ᠠᠴᠠ 4᠂ 5 ᠳᠡᠰ ᠤᠨ ᠰᠠᠯᠬᠢ ᠰᠠᠯᠬᠢᠯᠠᠵᠤ ᠣᠬᠤᠷ ᠬᠤᠭᠤᠴᠠᠭᠠᠨ ᠳᠤ 6 ᠳᠡᠰ ᠤᠨ ᠰᠠᠯᠬᠢ ᠰᠠᠯᠬᠢᠯᠠᠨ᠎ᠠ᠂  ᠪᠤᠰᠤᠳ ᠭᠠᠵᠠᠷ ᠣᠷᠣᠨ ᠳᠤ ᠪᠠᠷᠠᠭᠤᠨ ᠬᠤᠶᠢᠨ᠎ᠠ ᠠᠴᠠ 2᠂ 3 ᠳᠡᠰ ᠤᠨ ᠰᠠᠯᠬᠢ ᠰᠠᠯᠬᠢᠯᠠᠨ᠎ᠠ᠂ ᠪᠤᠭᠤᠲᠤ ᠶᠢᠨ ᠡᠮᠦᠨ᠎ᠡ ᠬᠡᠰᠡᠭ᠂ ᠬᠥᠬᠡᠬᠤᠲᠠ ᠶᠢᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠪᠠᠭ᠎ᠠ ᠵᠡᠷᠭᠡ ᠶᠢᠨ ᠪᠣᠬᠢᠷ ᠮᠠᠨᠠᠨ ᠲᠠᠢ᠂ ᠵᠡᠭᠦᠨ ᠬᠡᠰᠡᠭ ᠤᠨ ᠬᠤᠶᠢᠭᠤᠷᠬᠢ ᠭᠠᠵᠠᠷ ᠣᠷᠣᠨ ᠢᠶᠠᠷ ᠳᠤᠯᠠᠭᠠᠨ ᠤ ᠬᠡᠮᠵᠢᠶ᠎ᠡ 4 ᠼᠧᠯᠰ ᠣᠷᠴᠢᠮ ᠪᠠᠭᠤᠷᠠᠨ᠎ᠠ︔1 ᠳ᠋ᠦ᠋ᠭᠡᠷ ᠰᠠᠷ᠎ᠠ ᠶᠢᠨ 10᠎ ᠤ ᠡᠳᠦᠷ ᠂ ᠪᠦᠬᠦ ᠣᠷᠣᠨ ᠤ ᠶᠡᠬᠡᠩᠬᠢ ᠭᠠᠵᠠᠷ ᠣᠷᠣᠨ ᠳᠤ ᠲᠤᠩᠭᠠᠯᠠᠭ ᠬᠡᠰᠡᠭ ᠲᠡᠭᠡᠨ ᠡᠭᠦᠯᠡ ᠲᠠᠢ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠬᠢᠩᠭᠠᠨ ᠠᠶᠢᠮᠠᠭ᠂ ᠬᠥᠯᠥᠨ ᠪᠣᠶᠢᠷ ᠬᠤᠲᠠ ᠳᠤ ᠪᠠᠷᠠᠭᠤᠨ ᠬᠤᠶᠢᠨ᠎ᠠ ᠠᠴᠠ 4᠂ 5 ᠳᠡᠰ ᠤᠨ ᠰᠠᠯᠬᠢ ᠰᠠᠯᠬᠢᠯᠠᠨ᠎ᠠ᠂ ᠪᠤᠰᠤᠳ ᠭᠠᠵᠠᠷ ᠣᠷᠣᠨ ᠳᠤ ᠪᠠᠷᠠᠭᠤᠨ ᠬᠤᠶᠢᠨ᠎ᠠ ᠠᠴᠠ 2᠂ 3 ᠳᠡᠰ ᠤᠨ ᠰᠠᠯᠬᠢ ᠰᠠᠯᠬᠢᠯᠠᠵᠤ ᠪᠠᠶᠢᠭᠰᠠᠨ ᠠᠴᠠ ᠵᠡᠭᠦᠨᠲᠡᠢ ᠠᠴᠠ ᠰᠠᠯᠬᠢᠯᠠᠨ᠎ᠠ᠂ ᠦᠬᠠᠢ ᠬᠤᠲᠠ᠂ ᠣᠷᠳᠣᠰ ᠬᠤᠲᠠ ᠶᠢᠨ ᠬᠤᠶᠢᠲᠤ ᠬᠡᠰᠡᠭ᠂ ᠪᠤᠭᠤᠲᠤ ᠶᠢᠨ ᠡᠮᠦᠨ᠎ᠡ ᠬᠡᠰᠡᠭ᠂ ᠬᠦᠬᠡᠬᠤᠲᠠ ᠶᠢᠨ ᠡᠮᠦᠨ᠎ᠡ ᠬᠡᠰᠡᠭ᠂ ᠤᠯᠠᠭᠠᠨᠴᠠᠪ ᠤᠨ ᠪᠠᠷᠠᠭᠤᠨ ᠡᠮᠦᠨ᠎ᠡ ᠬᠡᠰᠡᠭ ᠲᠤ ᠪᠠᠭ᠎ᠠ ᠵᠡᠷᠭᠡ ᠶᠢᠨ ᠪᠣᠬᠢᠷ ᠮᠠᠨᠠᠨ ᠲᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号