2016 ᠣᠨ ᠪᠣᠯ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ | ᠠᠬᠢᠭᠤᠯᠬᠤ ᠵᠢᠯ ᠪᠣᠯᠣᠨ᠎ᠠ᠂ ᠮᠦᠨᠴᠦ ᠰᠢᠪᠲᠤᠯᠤᠯᠲᠠ ᠶᠢᠨ ᠵᠢᠯ ᠪᠣᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ | ᠤᠳ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠠᠮᠠᠷ ᠶᠠᠮᠠᠷ ᠠᠷᠭ᠎ᠠ ᠬᠡᠮᠵᠢᠶ᠎ᠡ ᠶᠢ ᠭᠤᠣᠯᠳᠠᠯᠭ᠎ᠠ | ᠲᠠᠢ ᠨᠡᠶᠢᠲᠡᠯᠡᠨ ᠬᠡᠷᠡᠭᠵᠢᠭᠦᠯᠬᠦ ᠪᠤᠢ︖ ᠡᠨᠡ ᠵᠢᠯ ᠳᠤ ᠬᠠᠤᠯᠢ ᠴᠠᠭᠠᠵᠠ ᠶᠢᠨ ᠥᠭᠡᠷᠡᠴᠢᠯᠡᠯᠲᠡ ᠨᠢ ᠶᠠᠮᠠᠷ ᠶᠠᠮᠠᠷ | ᠡᠭᠦᠷᠭᠡ ᠶᠢ ᠪᠡᠶᠡᠯᠡᠭᠦᠯᠵᠦ᠂ ᠶᠠᠮᠠᠷ ᠬᠠᠷᠠᠯᠲᠠ ᠳᠤ ᠬᠦᠷᠬᠦ ᠪᠤᠢ︖ ᠰᠤᠷᠪᠤᠯᠵᠢᠯᠠᠭᠴᠢ ᠣᠷᠴᠢᠮᠬᠠᠨ ᠦᠨᠡᠨ ᠪᠣᠳᠠᠲᠠᠶ | ᠮᠡᠳᠡᠭᠡ ᠵᠠᠩᠭᠢ ᠶᠢ ᠣᠯᠤᠭᠰᠠᠨ ᠪᠠᠶᠢᠨ᠎ᠠ᠃ | ᠬᠠᠤᠯᠢ ᠴᠠᠭᠠᠵᠠ ᠶᠢᠨ ᠡᠷᠬᠡ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠪᠡ | ᠰᠢᠭᠦᠨ ᠲᠠᠰᠤᠯᠬᠤ ᠡᠷᠬᠡ ᠪᠣᠯᠤᠨ ᠪᠠᠶᠢᠴᠠᠭᠠᠬᠤ ᠡᠷᠬᠡ ᠶᠢ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠲᠥᠪ | ᠭᠤᠣᠯᠴᠢ ᠪᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠪᠠᠶᠢᠭᠤᠯᠤᠯ ᠤᠨ ᠲᠣᠭᠲᠠᠴᠠ ᠶᠢ ᠪᠦᠷᠢᠨᠰᠢᠭᠦᠯᠵᠦ᠂ | ᠤᠳᠤᠷᠢᠳᠬᠤ ᠺᠠᠳ᠋ᠷ ᠬᠠᠤᠯᠢ ᠴᠠᠭᠠᠵᠠ ᠶᠢᠨ ᠠᠵᠢᠯᠯᠠᠭ᠎ᠠ ᠶᠢ ᠬᠠᠷᠰᠢᠯᠠᠭᠰᠠᠨ᠂ ᠪᠣᠳᠠᠲᠠᠶ ᠬᠡᠷᠡᠭ ᠢ ᠰᠢᠢᠳᠪᠦᠷᠢᠯᠡᠬᠦ ᠳᠤ | ᠭᠠᠷ ᠳᠦᠷᠦᠭᠰᠡᠨ ᠢ ᠲᠡᠮᠳᠡᠭᠯᠡᠬᠦ᠂ ᠨᠡᠪᠲᠡᠷᠡᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠡᠷᠡᠭᠵᠢᠭᠦᠯᠬᠦ ᠠᠷᠭ᠎ᠠ ᠵᠢᠴᠢ | ᠬᠠᠮᠢᠶ᠎ᠠ ᠪᠦᠬᠦᠢ ᠪᠦᠷᠢᠨ ᠳᠦᠬᠦᠷ ᠪᠢᠴᠢᠭ ᠮᠠᠲ᠋ᠧᠷᠢᠶᠠᠯ ᠨᠡᠶᠢᠲᠡᠯᠡᠵᠦ᠂ ᠬᠠᠤᠯᠢ ᠴᠠᠭᠠᠵᠠ ᠳᠤ ᠭᠠᠷ ᠳᠦᠷᠢᠬᠦ ᠶᠢ | ᠰᠡᠷᠭᠡᠶᠢᠯᠡᠬᠦ ᠳᠦᠷᠢᠮ ᠤᠨ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠵᠠᠢ᠃ ᠬᠢᠯᠢᠰ ᠬᠤᠳᠠᠯ ᠪᠤᠷᠤᠭᠤ ᠬᠡᠷᠡᠭ ᠢ | ᠢᠯᠡᠷᠡᠭᠦᠯᠵᠦ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ᠂ ᠬᠢᠨᠠᠯᠲᠠ ᠲᠠᠯᠪᠢᠵᠤ | ᠵᠠᠯᠠᠷᠠᠭᠤᠯᠬᠤ ᠵᠡᠷᠭᠡ ᠲᠣᠭᠲᠠᠴᠠ ᠶᠢ ᠲᠡᠭᠦᠯᠳᠡᠷᠵᠢᠭᠦᠯᠪᠡ᠃ ᠬᠠᠤᠯᠢ ᠴᠠᠭᠠᠵᠠ ᠶᠢᠨ ᠠᠵᠢᠯᠲᠠᠨ ᠤ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠪᠡ᠃ ᠠᠷᠠᠳ ᠣᠯᠠᠨ ᠤ ᠬᠠᠤᠯᠢ ᠴᠠᠭᠠᠵᠠ ᠶᠢᠨ ᠶᠠᠪᠤᠳᠠᠯ ᠳᠤ ᠡᠮᠬᠢ ᠵᠢᠷᠤᠮ ᠲᠠᠢ ᠪᠠᠷ ᠣᠷᠣᠯᠴᠠᠬᠤ | ᠠᠷᠭ᠎ᠠ ᠵᠠᠮ ᠢ ᠥᠷᠭᠡᠳᠬᠡᠵᠦ᠂ ᠠᠷᠠᠳ ᠤᠨ ᠬᠠᠪᠰᠤᠷᠤᠨ ᠰᠢᠭᠦᠭᠴᠢ ᠶᠢᠨ ᠳᠦᠷᠢᠮ ᠤᠨ ᠥᠭᠡᠷᠡᠴᠢᠯᠡᠯᠲᠡ ᠶᠢᠨ | ᠲᠤᠷᠰᠢᠯᠲᠠ ᠬᠢᠵᠦ᠂ ᠠᠷᠠᠳ ᠤᠨ ᠬᠢᠨᠠᠭᠴᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠷᠠᠳ ᠤᠨ ᠬᠠᠪᠰᠤᠷᠤᠨ ᠰᠢᠭᠦᠭᠴᠢ ᠶᠢ ᠰᠢᠨ᠎ᠡ ᠪᠠᠷ 2458 ᠬᠥᠮᠦᠨ ᠨᠡᠮᠡᠵᠦ᠂ ᠠᠷᠠᠳ ᠤᠨ ᠬᠢᠨᠠᠯᠲᠠ ᠲᠠᠯᠪᠢᠭᠴᠢ | ᠶᠢ 466 ᠶᠢ ᠰᠤᠩᠭᠤᠨ ᠲᠣᠮᠢᠯᠠᠵᠠᠢ᠃ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠵᠠᠷᠭᠤ ᠶᠢᠨ ᠥᠭᠡᠷᠡᠴᠢᠯᠡᠯᠲᠡ ᠶᠢᠨ ᠲᠤᠷᠰᠢᠯᠲᠠ ᠬᠢᠵᠦ᠂ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ | 7 ᠠᠶᠢᠮᠠᠭ ᠬᠤᠲᠠ ᠶᠢᠨ ᠬᠤᠷᠢᠶ᠎ᠠ ᠵᠢᠴᠢ ᠬᠠᠷᠢᠶ᠎ᠠ ᠪᠦᠬᠦᠢ ᠦᠨᠳᠦᠰᠦᠨ ᠱᠠᠲᠤᠨ ᠤ ᠬᠤᠷᠢᠶ᠎ᠠ ᠶᠢ ᠰᠤᠩᠭᠤᠵᠤ | ᠲᠤᠷᠰᠢᠯᠲᠠ ᠬᠢᠵᠡᠢ᠃ | ᠬᠥᠮᠥᠨ ᠤ ᠡᠷᠬᠡ ᠶᠢᠨ ᠬᠠᠣᠯᠢ ᠴᠠᠭᠠᠵᠠ ᠶᠢᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠪᠡ | ᠨᠡᠶᠢᠭᠡᠮ ᠲᠣᠭᠤᠷᠢᠭ ᠤᠨ ᠵᠠᠰᠠᠮᠵᠢᠯᠠᠬᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ︽ | ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ | ᠰᠠᠨᠠᠯ︾ ᠢ ᠲᠣᠭᠲᠠᠭᠠᠵᠤ᠂ ᠨᠡᠶᠢᠭᠡᠮ ᠲᠣᠭᠤᠷᠢᠭ ᠲᠤ ᠡᠷᠡᠭᠦᠦ ᠰᠢᠳᠬᠡᠯ ᠢᠶᠠᠨ ᠭᠦᠢᠴᠡᠳᠬᠡᠵᠦ ᠪᠠᠶᠢᠭ᠎ᠠ ᠬᠦᠮᠦᠰ ᠤᠨ | ᠲᠤᠭ᠎ᠠ ᠪᠠᠷ ᠨᠡᠶᠢᠭᠡᠮ ᠲᠣᠭᠤᠷᠢᠭ ᠤᠨ ᠵᠠᠰᠠᠮᠵᠢᠯᠠᠬᠤ ᠵᠠᠷᠤᠳᠠᠯ ᠢ ᠬᠢᠨᠠᠨ ᠲᠣᠭᠲᠠᠭᠠᠬᠤ ᠳᠦᠷᠢᠮ ᠢ ᠪᠠᠶᠢᠭᠤᠯᠵᠠᠢ᠃ | ᠨᠡᠶᠢᠭᠡᠮ ᠲᠣᠭᠤᠷᠢᠭ ᠤᠨ ᠵᠠᠰᠠᠮᠵᠢᠯᠠᠬᠤ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠭᠤᠷᠪᠠᠨ | ᠱᠠᠲᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠴᠦᠮ ᠨᠡᠶᠢᠭᠡᠮ ᠲᠣᠭᠤᠷᠢᠭ ᠤᠨ ᠵᠠᠰᠠᠮᠵᠢᠯᠠᠬᠤ ᠠᠵᠢᠯ ᠤᠨ | ᠪᠠᠶᠢᠭᠤᠯᠤᠮᠵᠢ᠂ ᠠᠶᠢᠮᠠᠭ ᠬᠤᠳᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠡᠶᠢᠭᠡᠮ ᠲᠣᠭᠤᠷᠢᠭ ᠤᠨ | ᠵᠠᠯᠠᠷᠠᠭᠤᠯᠬᠤ ᠪᠠᠶᠢᠭᠤᠯᠤᠮᠵᠢ ᠳᠤ 300 ᠰᠢᠬᠠᠮ ᠴᠠᠭᠳᠠᠭ᠎ᠠ ᠲᠣᠬᠢᠷᠠᠭᠤᠯᠪᠠ᠃ ᠮᠡᠳᠡᠭᠡ ᠵᠠᠩᠭᠢᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠨᠡᠶᠢᠭᠡᠮ ᠲᠣᠭᠤᠷᠢᠭ ᠲᠤ ᠡᠷᠡᠭᠦᠦ ᠰᠢᠳᠬᠡᠯ ᠢᠶᠠᠨ | ᠭᠦᠢᠴᠡᠳᠬᠡᠵᠦ ᠪᠠᠶᠢᠭ᠎ᠠ ᠬᠦᠮᠦᠨ ᠪᠦᠬᠦᠨ ᠳᠤ ᠰᠠᠯᠬᠤ ᠠᠴᠠ ᠰᠡᠷᠭᠡᠶᠢᠯᠡᠬᠦ ᠰᠢᠨ᠎ᠡ ᠮᠠᠶ᠋ᠢᠭ ᠤᠨ ᠣᠷᠣᠨ ᠪᠠᠶᠢᠷᠢ | ᠲᠣᠭᠲᠠᠭᠠᠬᠤ ᠰᠢᠰᠲ᠋ᠧᠮ ᠤᠭᠰᠠᠷᠠᠵᠤ᠂ ᠨᠡᠶᠢᠭᠡᠮ ᠲᠣᠭᠤᠷᠢᠭ ᠲᠤ ᠡᠷᠡᠭᠦᠦ ᠰᠢᠳᠬᠡᠯ ᠢᠶᠠᠨ ᠭᠦᠢᠴᠡᠳᠬᠡᠵᠦ ᠪᠠᠶᠢᠭ᠎ᠠ | ᠬᠦᠮᠦᠰ ᠢ ᠨᠠᠷᠢᠨ ᠣᠨᠣᠪᠴᠢᠲᠠᠶ ᠬᠢᠨᠠᠨ ᠡᠵᠡᠮᠳᠡᠭᠡᠳ᠂ ᠪᠦᠬᠦ ᠣᠷᠣᠨ ᠤ ᠨᠡᠶᠢᠭᠡᠮ ᠲᠣᠭᠤᠷᠢᠭ ᠲᠤ ᠡᠷᠡᠭᠦᠦ | ᠰᠢᠳᠬᠡᠯ ᠢᠶᠠᠨ ᠭᠦᠢᠴᠡᠳᠬᠡᠵᠦ ᠪᠠᠶᠢᠭ᠎ᠠ ᠬᠦᠮᠦᠰ ᠤᠨ ᠵᠠᠰᠠᠮᠵᠢᠯᠠᠬᠤ ᠬᠤᠭᠤᠴᠠᠭᠠᠨ ᠳᠤ ᠳᠠᠬᠢᠨ ᠶᠠᠯ᠎ᠠ ᠬᠢᠬᠦ ᠨᠤᠷᠮ᠎ᠠ | ︵1 ‰︶ ᠶᠢ ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠣᠣᠷ᠎ᠠ ᠪᠣᠯᠭᠠᠪᠠ᠃ | ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ ᠢ ᠪᠦᠷᠢᠨᠰᠢᠭᠦᠯᠪᠡ᠃ ︽ᠬᠠᠤᠯᠢ ᠴᠠᠭᠠᠵᠠ ᠶᠢᠨ | ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠨᠡᠶᠢᠲᠡᠯᠡᠵᠦ᠂ ᠠᠷᠠᠳ ᠢᠷᠭᠡᠨ ᠤ | ᠠᠵᠤ ᠠᠬᠤᠶ ᠶᠢᠨ ᠬᠦᠴᠢᠷᠳᠡᠯ ᠤᠨ ᠪᠠᠷᠢᠮᠵᠢᠶ᠎ᠠ ᠶᠢ ᠠᠭᠤᠵᠢᠭᠤ ᠲᠠᠯᠪᠢᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠰᠢᠢᠳᠪᠦᠷᠢᠯᠡᠬᠦ ᠳᠤ ᠨᠦᠬᠦᠪᠦᠷᠢᠯᠡᠬᠦ ᠪᠠᠷᠢᠮᠵᠢᠶ᠎ᠠ ᠶᠢ ᠲᠣᠬᠢᠷᠠᠭᠤᠯᠪᠠ᠃ ᠪᠦᠬᠦ ᠤᠯᠤᠰ ᠤᠨ ᠨᠢᠭᠡᠳᠦᠯᠲᠡᠶ | ᠮᠣᠩᠭᠤᠯ ᠬᠢᠲᠠᠳ ᠬᠤᠣᠰ ᠬᠡᠯᠡᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ 12348 | ᠲᠠᠪᠴᠠᠩ ᠢ ᠲᠦᠷᠦᠭᠦᠯᠡᠨ ᠪᠠᠶᠢᠭᠤᠯᠪᠠ᠃ ᠪᠦᠬᠦ ᠣᠷᠣᠨ ᠤ ᠰᠢᠶᠠᠩ ᠪᠠᠯᠭᠠᠰᠤ ᠨᠤᠭᠤᠳ ᠦᠨᠳᠦᠰᠦᠨ ᠱᠠᠲᠤᠨ ᠤ | ᠬᠠᠤᠯᠢ ᠴᠠᠭᠠᠵᠠ ᠶᠢᠨ ᠭᠠᠵᠠᠷ ᠲᠤ ᠲᠦᠰᠢᠭᠯᠡᠨ ᠪᠦᠬᠦᠨ ᠢᠶᠠᠷ ᠢᠶᠠᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ | ᠠᠵᠢᠯ ᠤᠨ ᠦᠷᠲᠡᠭᠡ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ | ᠰᠤᠮᠤ ᠪᠠᠯᠭᠠᠰᠤ᠂ ᠭᠠᠴᠠᠭ᠎ᠠ ᠲᠣᠰᠬᠤᠨ ᠤ ᠲᠠᠪᠤᠨ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠣᠣᠷ | ᠰᠦᠯᠵᠢᠶ᠎ᠡ ᠶᠢ ᠪᠣᠢ ᠪᠣᠯᠭᠠᠵᠤ᠂ ︽ᠬᠤᠲᠠ ᠶᠢᠨ ᠲᠣᠭᠤᠷᠢᠭ ᠲᠤ ᠴᠠᠭ ᠬᠠᠭᠠᠰ᠂ ᠬᠥᠳᠡᠭᠡ ᠲᠣᠰᠬᠤᠨ ᠳᠤ ᠨᠢᠭᠡ | ᠴᠠᠭ᠂ ᠮᠠᠯᠵᠢᠬᠤ ᠣᠷᠣᠨ ᠳᠤ ᠬᠠᠭᠠᠰ ᠡᠳᠦᠷ ᠲᠤ ᠬᠦᠷᠬᠦ︾ ᠬᠠᠤᠯᠢ ᠴᠠᠭᠠᠵᠠ ᠶᠢᠨ ᠲᠤᠰᠠᠯᠠᠮᠵᠢ ᠶᠢᠨ | ᠦᠢᠯᠡᠴᠢᠯᠡᠭᠡᠨ ᠤ ᠲᠣᠣᠷ ᠢ ᠪᠡᠶᠡᠯᠡᠭᠦᠯᠪᠡ᠃ ᠪᠦᠬᠦ ᠣᠷᠣᠨ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ | ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠴᠣᠩᠬᠤᠪᠴᠢ100᠂ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ ᠦᠷᠳᠡᠭᠡ2034᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠬᠤᠯᠪᠣᠭ᠎ᠠ ᠠᠪᠬᠤ ᠴᠢᠭ᠋10491 | ᠶᠢ ᠪᠠᠶᠢᠭᠤᠯᠪᠠ᠃ | ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠤᠨ | ᠥᠭᠡᠷᠡᠴᠢᠯᠡᠯᠲᠡ ᠶᠢ ᠲᠥᠯᠬᠢᠨ ᠠᠬᠢᠭᠤᠯᠪᠠ᠃ ᠪᠥᠬᠦ ᠣᠷᠣᠨ ᠤ ᠨᠢᠭᠡᠳᠦᠯᠲᠡᠶ ᠰᠦᠯᠵᠢᠶᠡᠨ ᠳᠡᠭᠡᠷ᠎ᠡ ᠵᠠᠬᠢᠳᠠᠯ | ᠰᠤᠷᠪᠤᠯᠵᠢᠯᠠᠭ᠎ᠠ ᠬᠢᠬᠦ ᠮᠡᠳᠡᠭᠡ ᠵᠠᠩᠭᠢ ᠶᠢᠨ ᠶᠡᠷᠦᠩᠬᠡᠶ ᠲᠠᠪᠴᠠᠩ ᠢ ᠪᠠᠶᠢᠭᠤᠯᠵᠤ᠂ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠭ᠎ᠠ ᠬᠢᠬᠦ ᠶᠢ ᠪᠦᠬᠦ ᠲᠠᠯ᠎ᠠ ᠪᠠᠷ ᠥᠷᠨᠢᠭᠦᠯᠪᠡ᠃ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠬᠤᠯᠪᠣᠭᠠᠲᠤ ᠬᠤᠷᠠᠯ ᠤᠨ ᠲᠦᠷᠢᠮ᠂ ᠬᠠᠤᠯᠢ ᠳᠤ ᠬᠤᠯᠪᠣᠭᠳᠠᠬᠤ | ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠳᠤ ᠬᠠᠤᠯᠢᠴᠢ ᠣᠷᠣᠯᠴᠠᠨ ᠰᠢᠢᠳᠪᠦᠷᠢᠯᠡᠬᠦ ᠪᠠ | ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠵᠤ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ | ᠰᠤᠷᠪᠤᠯᠵᠢᠯᠠᠭ᠎ᠠ ᠶᠢ ᠬᠠᠤᠯᠢ ᠶᠣᠰᠣᠭᠠᠷ ᠳᠠᠭᠤᠰᠬᠠᠬᠤ ᠠᠵᠢᠯ ᠤᠨ ᠵᠢᠷᠤᠮᠵᠢᠯ᠂ ᠬᠠᠤᠯᠢ ᠳᠤ ᠬᠤᠯᠪᠣᠭᠳᠠᠬᠤ | ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠭ᠎ᠠ᠂ ᠬᠠᠤᠯᠢ ᠳᠤ ᠬᠤᠯᠪᠣᠭᠳᠠᠬᠤ | ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠬᠠᠷᠢᠭᠤᠴᠠᠯᠭ᠎ᠠ ᠲᠤᠯᠭᠠᠬᠤ ᠠᠷᠭ᠎ᠠ ᠶᠢ | ᠲᠣᠭᠲᠠᠭᠠᠵᠤ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠪᠣᠯᠤᠨ ᠡᠩ ᠤᠨ | ᠵᠠᠬᠢᠳᠠᠯ ᠰᠤᠷᠪᠤᠯᠵᠢᠯᠠᠭ᠎ᠠ ᠶᠢ ᠡᠮᠬᠢ ᠵᠢᠷᠤᠮ ᠲᠠᠢ ᠪᠠᠷ ᠰᠠᠯᠭᠠᠬᠵᠤ᠂ ᠬᠠᠤᠯᠢ ᠳᠤ ᠬᠤᠯᠪᠣᠭᠳᠠᠬᠤ ᠵᠠᠷᠭᠤ ᠳᠤ | ᠬᠤᠯᠪᠣᠭᠳᠠᠬᠤ ᠵᠠᠬᠢᠳᠠᠯ ᠰᠤᠷᠪᠤᠯᠵᠢᠯᠠᠭ᠎ᠠ ᠶᠢ ᠬᠠᠤᠯᠢ ᠴᠠᠭᠠᠵᠠ ᠶᠢᠨ ᠳᠡᠰ ᠳᠠᠷᠠᠭᠠᠯᠠᠯ ᠲᠠᠢ ᠪᠦᠲᠦᠮᠵᠢᠲᠡᠶ ᠪᠠᠷ | ᠵᠣᠯᠭᠠᠯᠳᠤᠭᠤᠯᠪᠠ᠃ 2015 ᠣᠨ ᠳᠤ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠨᠡᠶᠢᠲᠡ 1.7 ᠲᠦᠮᠡᠨ ᠬᠤᠪᠢ ᠬᠦᠯᠢᠶᠡᠨ ᠰᠢᠢᠳᠪᠦᠷᠢᠯᠡᠵᠦ᠂ ᠡᠭᠦᠨ ᠳᠤ ᠬᠠᠤᠯᠢ | ᠶᠣᠰᠣᠭᠠᠷ ᠬᠠᠤᠯᠢ ᠴᠠᠭᠠᠵᠠ ᠶᠢᠨ ᠳᠡᠰ ᠳᠠᠷᠠᠭᠠᠯᠠᠯ ᠳᠤ 9499 ᠶᠢ ᠣᠷᠣᠭᠤᠯᠵᠤ᠂ ᠣᠷᠣᠭᠤᠯᠤᠭᠰᠠᠨ ᠨᠣᠷᠮ᠎ᠠ ᠨᠢ | 55% ᠶᠢ ᠳᠠᠪᠠᠵᠤ᠂ ᠲᠦᠷᠦᠭᠦᠦ ᠵᠢᠯ ᠤᠨ ᠬᠢ ᠠᠴᠠ 8 ᠵᠠᠭᠤᠨ ᠤ ᠴᠡᠭ ᠳᠡᠭᠡᠭᠰᠢᠯᠡᠪᠡ᠃ ᠬᠠᠤᠯᠢ ᠴᠠᠭᠠᠵᠠ ᠶᠢᠨ | ᠲᠤᠰᠠᠯᠠᠮᠵᠢ ᠶᠢᠨ ᠳᠦᠷᠢᠮ ᠢ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠰᠠᠨᠠᠯ ᠢ ᠨᠡᠶᠢᠲᠡᠯᠡᠨ ᠬᠡᠷᠡᠭᠵᠢᠭᠦᠯᠪᠡ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠬᠡᠷᠡᠭᠵᠢᠭᠦᠯᠬᠦ ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ ᠬᠠᠤᠯᠢ ᠴᠠᠭᠠᠵᠠ ᠶᠢᠨ | ᠲᠡᠩᠬᠡᠷᠡᠭᠦᠯᠦᠨ ᠲᠤᠰᠠᠯᠠᠬᠤ ᠪᠡᠯᠡ ᠮᠥᠩᠭᠦ 7969.4 ᠲᠦᠮᠡᠨ ᠲᠥᠭᠦᠷᠢᠭ ᠴᠤᠭᠯᠠᠭᠤᠯᠵᠤ᠂ 2566 ᠲᠤᠬᠠᠶ ᠶᠢᠨ | ᠬᠥᠮᠦᠨ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠪᠡ᠃ | ᠬᠠᠤᠯᠢ ᠴᠠᠭᠠᠵᠠ ᠶᠢᠨ ᠠᠵᠢᠯᠯᠠᠭ᠎ᠠ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ ᠠᠬᠢᠭᠤᠯᠪᠠ | ᠣᠳᠣ ᠦᠶ᠎ᠡ ᠶᠢᠨ ᠮᠡᠳᠡᠭᠡ ᠵᠠᠩᠭᠢ ᠶᠢᠨ ᠠᠷᠭ᠎ᠠ ᠪᠠᠷᠢᠯ ᠳᠤ ᠲᠦᠰᠢᠭᠯᠡᠨ᠂ ᠢᠯᠡ ᠪᠣᠯᠭᠠᠬᠤ ᠲᠣᠭᠲᠠᠴᠠ ᠶᠢ | ᠤᠯᠠᠮ ᠲᠡᠭᠦᠯᠳᠡᠷᠵᠢᠭᠦᠯᠵᠦ᠂ ᠢᠯᠡ ᠪᠣᠯᠭᠠᠬᠤ ᠠᠷᠭ᠎ᠠ ᠮᠠᠶ᠋ᠢᠭ ᠢ ᠰᠢᠨᠡᠴᠢᠯᠡᠵᠦ᠂ ᠢᠯᠡ ᠪᠣᠯᠭᠠᠬᠤ ᠠᠷᠭ᠎ᠠ ᠵᠠᠮ ᠢ | ᠰᠠᠭᠠᠳ ᠦᠭᠡᠶ ᠨᠡᠪᠲᠡᠷᠡᠭᠦᠯᠵᠦ᠂ ᠰᠢᠭᠦᠨ ᠲᠠᠰᠤᠯᠤᠯᠲᠠ ᠶᠢ ᠢᠯᠡ ᠪᠣᠯᠭᠠᠬᠤ᠂ ᠪᠠᠶᠢᠴᠠᠭᠠᠬᠤ ᠶᠠᠪᠤᠳᠠᠯ ᠢ ᠢᠯᠡ | ᠪᠣᠯᠭᠠᠬᠤ᠂ ᠴᠠᠭᠳᠠᠭᠠᠨ ᠤ ᠶᠠᠪᠤᠳᠠᠯ ᠢ ᠢᠯᠡ ᠪᠣᠯᠭᠠᠬᠤ᠂ ᠭᠢᠨᠳᠠᠨ ᠤ ᠶᠠᠪᠤᠳᠠᠯ ᠢ ᠢᠯᠡ ᠪᠣᠯᠭᠠᠬᠤ ᠶᠢ ᠪᠦᠬᠦ | ᠲᠠᠯ᠎ᠠ ᠪᠠᠷ ᠲᠦᠯᠬᠢᠨ ᠠᠬᠢᠭᠤᠯᠪᠠ᠃ ᠰᠢᠭᠦᠨ ᠲᠠᠰᠤᠯᠤᠯᠲᠠ ᠶᠢ ᠢᠯᠡ ᠪᠣᠯᠭᠠᠬᠤ ᠲᠠᠯ᠎ᠠ ᠪᠠᠷ᠂ ᠰᠢᠭᠦᠨ | ᠲᠠᠰᠤᠯᠤᠯᠲᠠ ᠶᠢᠨ ᠴᠤᠪᠤᠷᠠᠯ ᠢ ᠢᠯᠡ ᠪᠣᠯᠭᠠᠬᠤ᠂ ᠲᠠᠰᠤᠯᠤᠯᠲᠠ ᠪᠢᠴᠢᠭ ᠮᠠᠲ᠋ᠧᠷᠢᠶᠠᠯ ᠢ ᠢᠯᠡ ᠪᠣᠯᠭᠠᠬᠤ᠂ | ᠭᠦᠢᠴᠡᠳᠬᠡᠬᠦ ᠮᠡᠳᠡᠭᠡ ᠵᠠᠩᠭᠢ ᠶᠢ ᠢᠯᠡ ᠪᠣᠯᠭᠠᠬᠤ ᠭᠤᠷᠪᠠᠨ ᠶᠡᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠶ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠢᠯᠡ ᠪᠣᠯᠭᠠᠬᠤ ᠰᠦᠯᠵᠢᠶ᠎ᠡ ᠶᠢ ᠠᠰᠢᠭᠯᠠᠨ ᠬᠡᠷᠡᠭᠯᠡᠵᠦ᠂ | ᠬᠦᠴᠦᠨ ᠲᠠᠢ ᠪᠣᠯᠤᠭᠰᠠᠨ ᠲᠠᠰᠤᠯᠤᠯᠲᠠ ᠶᠢᠨ ᠪᠢᠴᠢᠭ ᠮᠠᠲ᠋ᠧᠷᠢᠶᠠᠯ ᠢ ᠰᠦᠯᠵᠢᠶᠡᠨ ᠳᠡᠭᠡᠷ᠎ᠡ ᠢᠯᠡ ᠪᠣᠯᠭᠠᠬᠤ ᠶᠢ | ᠨᠢᠭᠡᠨᠲᠡ ᠪᠡᠶᠡᠯᠡᠭᠦᠯᠵᠦ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶ᠎ᠠ ᠠᠴᠠ ᠳᠤᠮᠳᠠ ᠬᠡᠰᠡᠭ ᠪᠠ ᠪᠠᠷᠠᠭᠤᠨ | ᠬᠡᠰᠡᠭ ᠤᠨ ᠭᠠᠵᠠᠷ ᠣᠷᠣᠨ ᠤ ᠰᠢᠭᠦᠬᠦ ᠬᠤᠷᠢᠶ᠎ᠠ ᠳᠤ ᠲᠠᠯᠪᠢᠭᠰᠠᠨ ᠭᠤᠷᠪᠠᠨ ᠵᠢᠯ ᠤᠨ ᠳᠣᠲᠣᠷ᠎ᠠ ᠪᠦᠬᠦ | ᠲᠠᠰᠤᠯᠤᠯᠲᠠ ᠶᠢᠨ ᠪᠢᠴᠢᠭ ᠮᠠᠲ᠋ᠧᠷᠢᠶᠠᠯ ᠢ ᠰᠦᠯᠵᠢᠶᠡᠨ ᠳᠡᠭᠡᠷ᠎ᠡ ᠢᠯᠡ ᠪᠣᠯᠭᠠᠬᠤ ᠬᠡᠷᠡᠭᠲᠡᠢ ᠭᠡᠰᠡᠨ ᠱᠠᠭᠠᠷᠳᠠᠯᠭ᠎ᠠ ᠶᠢ | ᠬᠤᠶᠠᠷ ᠵᠢᠯ ᠤᠷᠢᠳᠴᠢᠯᠠᠨ ᠪᠡᠶᠡᠯᠡᠭᠦᠯᠪᠡ᠃ ᠪᠠᠶᠢᠴᠠᠭᠠᠬᠤ ᠶᠠᠪᠤᠳᠠᠯ ᠢ ᠢᠯᠡ ᠪᠣᠯᠭᠠᠬᠤ ᠲᠠᠯ᠎ᠠ ᠪᠠᠷ᠂ ᠪᠥᠬᠦ | ᠣᠷᠣᠨ ᠤ ᠨᠢᠭᠡᠳᠦᠯᠲᠡᠶ ᠰᠦᠯᠵᠢᠶᠡᠨ ᠳᠡᠭᠡᠷ᠎ᠡ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠰᠢᠰᠲ᠋ᠧᠮ ᠢ | ᠪᠠᠶᠢᠭᠤᠯᠵᠤ᠂ ᠠᠶᠢᠮᠠᠭ ᠬᠤᠳᠠ ᠶᠢᠨ ᠬᠤᠷᠢᠶ᠎ᠠ ᠵᠢᠴᠢ 95% ᠠᠴᠠ ᠳᠡᠭᠡᠭᠰᠢᠬᠢ ᠦᠨᠳᠦᠰᠦᠨ ᠱᠠᠲᠤᠨ ᠤ ᠬᠤᠷᠢᠶ᠎ᠠ | ᠴᠥᠮ ᠠᠯᠪᠠᠨ ᠤ ᠪᠢᠴᠢᠯ ᠪᠦᠷᠭᠡ᠂ ᠸᠧᠴᠠᠲ ᠢ ᠨᠡᠪᠲᠡᠷᠡᠭᠦᠯᠪᠡ᠃ ᠴᠠᠭᠳᠠᠭᠠᠨ ᠤ ᠶᠠᠪᠤᠳᠠᠯ ᠢ ᠢᠯᠡ ᠪᠣᠯᠭᠠᠬᠤ | ᠲᠠᠯ᠎ᠠ ᠪᠠᠷ᠂ ᠳᠣᠲᠣᠭᠠᠳᠤ ᠶᠢ ᠬᠠᠮᠠᠭᠠᠯᠠᠬᠤ ᠶᠢᠨ ᠵᠠᠰᠠᠭ ᠤᠨ ᠶᠠᠪᠤᠳᠠᠯ ᠤᠨ ᠪᠢᠴᠢᠯ ᠪᠦᠷᠭᠡ᠂ ᠸᠧᠴᠠᠲ᠂ ᠪᠢᠴᠢᠯ | ᠸᠢᠳᠢᠣ᠋ ᠪᠠᠷ ᠪᠣᠷᠣ ᠲᠥᠯᠥᠪ ᠪᠣᠯᠭᠠᠭᠰᠠᠨ ᠴᠠᠭᠳᠠᠭᠠᠨ ᠤ ᠶᠠᠪᠤᠳᠠᠯ ᠢ ᠢᠯᠡ ᠪᠣᠯᠭᠠᠬᠤ ᠣᠳᠣᠬᠢᠴᠢᠯᠠᠭᠰᠠᠨ ᠰᠢᠰᠲ᠋ᠧᠮ ᠢ | ᠪᠠᠶᠢᠭᠤᠯᠵᠤ᠂ ᠪᠥᠬᠦ ᠣᠷᠣᠨ ᠤ ᠬᠠᠤᠯᠢ ᠬᠡᠷᠡᠭᠵᠢᠭᠦᠯᠬᠦ ᠶᠢ ᠢᠯᠡ ᠪᠣᠯᠭᠠᠬᠤ ᠶᠢ ᠪᠠᠶᠢᠴᠠᠭᠠᠨ ᠯᠠᠪᠯᠠᠬᠤ ᠰᠢᠰᠲ᠋ᠧᠮ ᠢ | ᠰᠤᠳᠤᠯᠤᠨ ᠪᠠᠶᠢᠭᠤᠯᠪᠠ᠃ ᠭᠢᠨᠳᠠᠨ ᠤ ᠶᠠᠪᠤᠳᠠᠯ ᠢ ᠢᠯᠡ ᠪᠣᠯᠭᠠᠬᠤ ᠲᠠᠯ᠎ᠠ ᠪᠠᠷ᠂ ᠭᠢᠨᠳᠠᠨ ᠤ ᠲᠣᠪᠴᠢᠶ᠎ᠠ ᠶᠢᠨ | ᠭᠠᠳᠠᠭᠰᠢ ᠬᠠᠨᠳᠤᠬᠤ ᠫᠣᠷᠲ᠋ᠧᠯ ᠰᠦᠯᠵᠢᠶ᠎ᠡ ᠶᠢ ᠨᠡᠪᠲᠡᠷᠡᠭᠦᠯᠵᠦ᠂ ᠭᠢᠨᠳᠠᠨ ᠤ ᠶᠠᠪᠤᠳᠠᠯ ᠢ ᠢᠯᠡ ᠪᠣᠯᠭᠠᠬᠤ ᠲᠤᠰᠬᠠᠢ | ᠪᠤᠯᠤᠩ ᠢ ᠪᠠᠶᠢᠭᠤᠯᠪᠠ᠃ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠭᠢᠨᠳᠠᠨ ᠤ ᠶᠠᠪᠤᠳᠠᠯ ᠢ | ᠢᠯᠡ ᠪᠣᠯᠭᠠᠬᠤ ᠠᠷᠭ᠎ᠠ ᠮᠠᠶ᠋ᠢᠭ ᠢ ᠥᠷᠭᠡᠳᠬᠡᠵᠦ᠂ ᠪᠠᠷᠢᠮᠵᠢᠶᠠᠵᠢᠭᠤᠯᠤᠭᠰᠠᠨ ᠠᠭᠤᠯᠵᠠᠯᠲᠠ ᠶᠢᠨ ᠥᠷᠥᠭᠡ ᠶᠢᠨ | ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠪᠠᠶᠢᠴᠠᠭᠠᠬᠤ ᠪᠠᠶᠢᠭᠤᠯᠭ᠎ᠠ᠂ ᠳᠡᠭᠡᠳᠦ ᠱᠠᠲᠤᠨ ᠤ | ᠪᠠᠶᠢᠭᠤᠯᠭ᠎ᠠ᠂ ᠶᠠᠯᠠᠳᠠᠨ ᠵᠢᠴᠢ ᠲᠡᠭᠦᠨ ᠤ ᠭᠡᠷ ᠪᠦᠯᠢ ᠶᠢᠨ ᠬᠢᠨ ᠪᠠ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠪᠠ᠃ | ᠵᠥᠷᠢᠴᠡᠯ ᠵᠢᠭᠤᠷᠠᠯᠳᠤᠭᠠᠨ ᠢ ᠤᠯᠠᠨ ᠠᠷᠭ᠎ᠠ ᠵᠠᠮ ᠢᠶᠠᠷ ᠠᠷᠢᠯᠭᠠᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠪᠡ | ︽ᠲᠣᠲᠣᠭᠠᠲᠤ ᠶᠢ ᠬᠠᠮᠠᠭᠠᠯᠠᠬᠤ ᠡᠶᠡᠳᠡᠭᠦᠯᠦᠭᠡ︾᠂ ︽ᠬᠠᠤᠯᠢ ᠴᠠᠭᠠᠵᠠ ᠶᠢᠨ ᠡᠶᠡᠳᠡᠭᠦᠯᠦᠭᠡ︾᠂ ︽ | ᠪᠠᠶᠢᠴᠠᠭᠠᠬᠤ ᠡᠶᠡᠳᠡᠭᠦᠯᠦᠭᠡ︾ ᠶᠢ ᠵᠣᠯᠭᠠᠯᠳᠤᠭᠤᠯᠤᠨ ᠦᠢᠯᠡᠳᠦᠯᠴᠡᠭᠦᠯᠬᠦ ᠲᠣᠭᠲᠠᠴᠠ ᠶᠢ ᠬᠠᠶᠢᠨ ᠰᠦᠪᠡᠭᠴᠢᠯᠡᠵᠦ᠂ | ︽ ᠵᠠᠷᠭᠤᠯᠳᠤᠬᠤ ᠠᠴᠠ ᠡᠮᠦᠨ᠎ᠡ ᠬᠥᠲᠥᠯᠥᠨ ᠵᠢᠯᠣᠭᠤᠳᠬᠤ︾᠂ ︽ᠵᠠᠷᠭᠤᠯᠳᠤᠭᠠᠨ ᠤ ᠡᠶᠡᠳᠡᠭᠦᠯᠬᠦ︾᠂ | ᠠᠷᠠᠳ ᠤᠨ ᠡᠶᠡᠳᠡᠭᠦᠯᠭᠡ ᠶᠢᠨ ᠵᠥᠪᠯᠡᠯᠴᠡᠭᠡᠷ ᠢ ᠬᠠᠤᠯᠢ ᠴᠠᠭᠠᠵᠠ ᠪᠠᠷ ᠮᠡᠳᠡᠷᠡᠬᠦ ᠵᠡᠷᠭᠡ ᠪᠠᠷ ᠳᠠᠮᠵᠢᠭᠤᠯᠤᠨ | ᠠᠷᠠᠳ ᠤᠨ ᠡᠶᠡᠳᠡᠭᠦᠯᠭᠡ ᠶᠢ ᠬᠠᠤᠯᠢ ᠴᠠᠭᠠᠵᠠ ᠶᠢᠨ ᠡᠶᠡᠳᠡᠭᠦᠯᠭᠡ ᠯᠦᠭᠡ ᠵᠣᠯᠭᠠᠯᠳᠤᠭᠤᠯᠬᠤ ᠶᠢ ᠪᠡᠶᠡᠯᠡᠭᠦᠯᠪᠡ᠃ | ᠠᠷᠠᠳ ᠤᠨ ᠡᠶᠡᠳᠡᠭᠦᠯᠭᠡ ᠶᠢ ᠵᠠᠰᠠᠭ ᠵᠠᠬᠢᠷᠭᠠᠨ ᠤ ᠡᠶᠡᠳᠡᠭᠦᠯᠭᠡ ᠯᠦᠭᠡ ᠵᠣᠯᠭᠠᠯᠳᠤᠭᠤᠯᠤᠨ ᠬᠠᠮᠵᠢᠯᠴᠠᠬᠤ ᠠᠷᠭ᠎ᠠ | ᠬᠡᠯᠪᠡᠷᠢ ᠪᠠ ᠠᠷᠭ᠎ᠠ ᠵᠠᠮ ᠢ ᠬᠠᠶᠢᠨ ᠰᠦᠪᠡᠭᠴᠢᠯᠡᠵᠦ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠵᠠᠮ | ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠠᠳᠠᠯ | ᠠᠬᠤᠶ ᠶᠢᠨ ᠪᠠᠶᠢᠭᠤᠯᠤᠮᠵᠢ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ | ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠯᠪᠠᠨ ᠭᠡᠷ ᠲᠤ ᠠᠷᠠᠳ ᠤᠨ ᠡᠶᠡᠳᠡᠭᠦᠯᠦᠭᠡ ᠶᠢᠨ ᠠᠵᠢᠯ ᠤᠨ ᠥᠷᠥᠭᠡ ᠪᠤᠶᠤ | ᠠᠷᠠᠳ ᠤᠨ ᠡᠶᠡᠳᠡᠭᠦᠯᠭᠡ ᠶᠢᠨ ᠴᠣᠩᠬᠤ ᠶᠢ ᠪᠠᠶᠢᠭᠤᠯᠵᠤ᠂ ᠠᠷᠠᠳ ᠤᠨ ᠡᠶᠡᠳᠡᠭᠦᠯᠭᠡ ᠶᠢᠨ ᠺᠤᠮᠢᠰ ᠢ ᠪᠠᠶᠢᠭᠤᠯᠵᠤ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠬᠦ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠲᠤ | ᠬᠠᠮᠵᠢᠯᠴᠠᠬᠤ ᠵᠥᠷᠢᠴᠡᠯ ᠵᠢᠭᠤᠷᠠᠯᠳᠤᠭᠠᠨ ᠡᠶᠡᠳᠡᠭᠦᠯᠦᠨ ᠰᠢᠢᠳᠪᠦᠷᠢᠯᠡᠪᠡ᠃ ᠥᠪᠡᠰᠦᠪᠡᠨ ᠪᠠᠶᠢᠭᠤᠯᠬᠤ᠂ ᠬᠠᠮᠲᠤ ᠪᠠᠷ | ᠪᠠᠶᠢᠭᠤᠯᠬᠤ᠂ ᠠᠵᠢᠯ ᠲᠦᠷᠦᠯ ᠤᠨ ᠨᠡᠶᠢᠭᠡᠮᠯᠢᠭ ᠲᠤ ᠲᠦᠰᠢᠭᠯᠡᠨ ᠪᠠᠶᠢᠭᠤᠯᠬᠤ ᠵᠡᠷᠭᠡ ᠤᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ᠂ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ | ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠦᠯᠬᠢᠨ ᠠᠬᠢᠭᠤᠯᠪᠠ᠃ ᠨᠢᠳᠤᠨᠤᠨ ᠤ ᠵᠢᠯ ᠤᠨ ᠡᠴᠦᠰ | ᠪᠣᠯᠲᠠᠯ᠎ᠠ᠂ ᠪᠦᠬᠦ ᠣᠷᠣᠨ ᠵᠠᠮ ᠬᠠᠷᠢᠯᠴᠠᠭ᠎ᠠ᠂ ᠡᠮ ᠡᠮᠨᠡᠯᠭᠡ᠂ ᠠᠳᠠᠯ ᠠᠬᠤᠶ ᠶᠢᠨ ᠵᠢᠭᠤᠷᠠᠯᠳᠤᠭᠠᠨ ᠢ ᠡᠶᠡᠳᠡᠭᠦᠯᠬᠦ | ᠺᠤᠮᠢᠰ ᠢ ᠬᠤᠰᠢᠭᠤ ᠰᠢᠶᠠᠨ ᠤ ᠲᠥᠪ ᠪᠠᠯᠭᠠᠰᠤ ᠪᠦᠬᠦᠨ ᠳᠤ ᠴᠥᠮ ᠪᠠᠶᠢᠭᠤᠯᠪᠠ᠃ ᠪᠦᠬᠦ ᠣᠷᠣᠨ ᠡᠯ᠎ᠡ ᠵᠦᠢᠯ ᠤᠨ | ᠵᠥᠷᠢᠴᠡᠯ ᠵᠢᠭᠤᠷᠠᠯᠳᠤᠭᠠᠨ ᠢ ᠨᠡᠶᠢᠲᠡ 15.5 ᠲᠦᠮᠡ ᠶᠢ ᠡᠶᠡᠳᠡᠭᠦᠯᠵᠦ᠂ ᠡᠶᠡᠳᠡᠭᠦᠯᠦᠭᠡ ᠶᠢᠨ ᠪᠦᠲᠦᠮᠵᠢ ᠶᠢᠨ | ᠨᠤᠷᠮ᠎ᠠ ᠨᠢ 98% ᠳᠤ ᠬᠦᠷᠪᠡ᠃ |