ᠥᠪᠥᠷ ᠮᠣᠩᠭᠤᠯ ︽13 · 5︾᠎ ᠶᠢᠨ ᠬᠤᠭᠤᠴᠠᠭᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠯᠥᠪᠵᠢᠭᠦᠯᠭᠡ ᠨᠡᠶᠢᠲᠡᠯᠡᠵᠦ 2017 ᠣᠨ ᠪᠣᠯᠬᠤ ᠳᠤ ᠬᠠᠷᠢᠴᠠᠯᠠᠰᠢ ᠥᠭᠡᠢ ᠶᠠᠳᠠᠭᠤ ᠶᠢ ᠦᠨᠳᠦᠰᠦᠨ ᠳᠡᠭᠡᠨ ᠠᠷᠢᠯᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2016/10/12
     ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13 · 5﹀᠎ ᠶᠢᠨ ᠬᠤᠭᠤᠴᠠᠭᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃ ︽ᠲᠥᠯᠥᠪᠵᠢᠭᠦᠯᠭᠡ︾᠎ ᠳᠤ ︽13 · 5︾᠎ ᠶᠢᠨ ᠬᠤᠭᠤᠴᠠᠭᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠤᠣᠯ ᠬᠠᠷᠠᠯᠲᠠ ᠪᠤᠯ᠂ ᠪᠦᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠵᠢᠯ ᠪᠦᠷᠢ ᠶᠢᠨ ᠳᠤᠮᠳᠠᠴᠢ ᠨᠡᠮᠡᠭᠳᠡᠯ ᠢ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠯᠭᠠᠵᠤ᠂ 34.2 ᠲᠦᠮᠡᠨ ᠮᠠᠯᠴᠢᠨ ᠲᠠᠷᠢᠶᠠᠴᠢᠨ ᠢ ᠦᠢᠯᠡᠳᠪᠦᠷᠢᠯᠡᠯ ᠢ ᠬᠥᠭᠵᠢᠭᠦᠯᠬᠦ ᠪᠠ ᠰᠢᠯᠵᠢᠭᠦᠯᠦᠨ ᠠᠵᠢᠯ ᠣᠯᠭᠤᠬᠤ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠤᠨ᠎ᠠ᠃ 2017 ᠣᠨ ᠪᠣᠯᠬᠤ ᠳᠤ ᠬᠠᠷᠢᠴᠠᠯᠠᠰᠢ ᠥᠭᠡᠢ ᠶᠠᠳᠠᠭᠤ ᠶᠢ ᠦᠨᠳᠦᠰᠦᠨ ᠳᠡᠭᠡᠨ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠤ 26 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠠᠵᠤ ᠦᠢᠯᠡᠰ ᠢᠶᠠᠷ ᠲᠡᠳᠬᠦᠭᠦᠯᠦᠭᠰᠡᠳ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠦᠨ᠎ᠡ᠃ 2020 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠡᠰ ᠤᠨ ᠶᠠᠳᠠᠭᠤ ᠬᠦᠴᠢᠷᠳᠡᠯᠲᠡᠶ 31 ᠬᠤᠰᠢᠭᠤ ᠰᠢᠶᠠᠨ ᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠲᠡᠳᠬᠦᠭᠦᠯᠦᠭᠰᠡᠳ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠦᠨ᠎ᠡ ᠭᠡᠵᠦ ᠲᠤᠳᠤᠷᠬᠠᠶᠢᠯᠠᠪᠠ᠃      ︽ᠲᠥᠯᠥᠪᠵᠢᠭᠦᠯᠭᠡ︾᠎ ᠳᠤ᠂ ᠵᠢᠭᠡᠯᠡᠯᠭᠡ ᠶᠢᠨ ᠵᠥᠪᠰᠢᠶᠡᠷᠡᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠳᠣᠷᠣᠭᠰᠢᠯᠠᠭᠤᠯᠵᠤ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ︽ᠲᠠᠪᠤᠨ ᠲᠦᠮᠡᠨ ᠲᠥᠭᠦᠷᠢᠭ ᠠᠴᠠ ᠳᠣᠭᠤᠭᠰᠢ᠂ ᠭᠤᠷᠪᠠᠨ ᠵᠢᠯ ᠤᠨ ᠬᠤᠭᠤᠴᠠᠭ᠎ᠠ ᠲᠠᠢ᠂ ᠳᠠᠭᠠᠭᠠᠯᠲᠠ ᠪᠠᠷᠢᠴᠠᠭ᠎ᠠ ᠶᠢᠨ ᠬᠡᠯᠲᠦᠷᠢᠭᠦᠯᠬᠦ᠂ ᠵᠦᠢ ᠵᠣᠬᠢᠰᠲᠠᠶ ᠬᠦᠦ ᠮᠥᠩᠭᠦ ᠶᠢᠨ ᠨᠤᠷᠮ᠎ᠠ ᠲᠠᠢ ᠵᠢᠭᠡᠯᠡᠯᠭᠡ ᠤᠯᠭᠤᠬᠤ᠂ ᠶᠠᠳᠠᠭᠤ ᠶᠢ ᠲᠡᠳᠬᠦᠬᠦ ᠪᠡᠯᠡ ᠮᠥᠩᠭᠦ ᠠᠴᠠ ᠬᠦᠦ ᠮᠥᠩᠭᠦ ᠶᠢ ᠳᠠᠮ ᠲᠦᠯᠦᠵᠦ ᠥᠭᠬᠦ᠂ ᠬᠤᠰᠢᠭᠤ ᠰᠢᠶᠠᠨ ᠠᠴᠠ ᠲᠦᠭᠰᠢᠭᠦᠷᠢ ᠶᠢᠨ ᠨᠥᠬᠦᠪᠥᠷᠢ ᠮᠥᠩᠭᠦ︾ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠤᠯᠭᠤᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠦᠬᠡ ᠶᠢ ᠦᠢᠯᠡᠳᠪᠦᠷᠢᠯᠡᠯ ᠢ ᠬᠦᠭᠵᠢᠭᠦᠯᠬᠦ ᠪᠠᠷ ᠳᠠᠮᠵᠢᠭᠤᠯᠤᠨ ᠶᠠᠳᠠᠭᠤ ᠠᠴᠠ ᠠᠩᠭᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠦᠲᠦᠯᠦᠨ ᠵᠢᠯᠤᠭᠤᠳᠴᠦ ᠶᠠᠳᠠᠭᠤ ᠶᠢ ᠲᠡᠳᠬᠦᠬᠦ ᠳᠠᠬᠢᠨ ᠵᠢᠭᠡᠯᠡᠯᠭᠡ ᠶᠢ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠦ ᠦᠢᠯᠡᠰ ᠢ ᠬᠦᠭᠵᠢᠭᠦᠯᠬᠦ ᠪᠠ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠶᠢ ᠨᠢ ᠳᠡᠮᠵᠢᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠮᠠᠯ ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠦᠷᠭᠡᠳᠬᠡᠵᠦ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠮᠠᠯ ᠠᠵᠤ ᠠᠬᠤᠶ ᠳᠤ ᠬᠤᠯᠪᠣᠭᠳᠠᠬᠤ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ ᠬᠢᠷᠢ ᠬᠡᠮᠵᠢᠶ᠎ᠡ ᠶᠢ ᠪᠠᠭᠤᠷᠠᠭᠤᠯᠤᠨ᠎ᠠ᠃ ᠠᠵᠤ ᠠᠬᠤᠶᠢᠯᠠᠯ ᠤᠨ ᠪᠡᠯᠡ ᠮᠥᠩᠭᠦ᠂ ᠨᠡᠶᠢᠭᠡᠮ ᠤᠨ ᠬᠦᠷᠦᠩᠭᠡ ᠶᠢ ᠬᠦᠲᠦᠯᠦᠨ ᠵᠢᠯᠤᠭᠤᠳᠴᠦ ᠪᠠᠶᠢᠭᠠᠳ ᠶᠠᠳᠠᠭᠤ ᠬᠦᠴᠢᠷᠳᠡᠯ ᠲᠠᠢ ᠭᠠᠵᠠᠷ ᠤᠷᠤᠨ ᠳᠤ ᠤᠴᠢᠭᠤᠯᠵᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠤᠷᠤᠯᠴᠠᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠮᠠᠯᠴᠢᠨ ᠲᠠᠷᠢᠶᠠᠴᠢᠨ ᠤ ᠪᠡᠯᠡ ᠮᠥᠩᠭᠦ ᠶᠢᠨ ᠲᠠᠯ᠎ᠠ ᠪᠠᠷ ᠬᠠᠪᠰᠤᠷᠤᠯᠴᠠᠬᠤ ᠵᠣᠬᠢᠶᠠᠨ ᠪᠠᠶᠢᠭᠤᠯᠤᠯᠲᠠ ᠶᠢ ᠯᠠᠪᠳᠠᠭᠤᠨ ᠵᠢᠷᠤᠮᠵᠢᠭᠤᠯᠤᠨ ᠬᠦᠭᠵᠢᠭᠦᠯᠬᠦ ᠳᠤ ᠳᠡᠮᠵᠢᠯᠭᠡ ᠦᠵᠡᠭᠦᠯᠵᠦ᠂ ᠮᠠᠯᠴᠢᠨ ᠲᠠᠷᠢᠶᠠᠴᠢᠨ ᠤ ᠬᠤᠷᠰᠢᠶᠠᠵᠢᠯ ᠤᠨ ᠢᠲᠡᠭᠡᠮᠵᠢ ᠶᠢᠨ ᠬᠤᠷᠰᠢᠶᠠᠯᠠᠯ ᠤᠨ ᠲᠤᠷᠰᠢᠯᠲᠠ ᠬᠢᠨ᠎ᠡ ᠬᠡᠵᠦ ᠲᠤᠳᠤᠷᠬᠠᠶᠢᠯᠠᠪᠠ᠃      ᠣᠶᠢᠯᠠᠭᠠᠭᠰᠠᠨ ᠢᠶᠠᠷ᠂ ᠣᠳᠣᠬᠠᠨ ᠳᠤ᠂ ᠥᠪᠥᠷ ᠮᠣᠩᠭᠤᠯ ᠳᠤ ᠨᠡᠶᠢᠲᠡ 102 ᠬᠤᠰᠢᠭᠤ ᠰᠢᠶᠠᠨ ᠬᠤᠲᠠ ᠲᠤᠭᠤᠷᠢᠭ ᠲᠠᠢ᠂ ᠤᠳᠤ ᠪᠠᠶᠢᠭ᠎ᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ 57 ᠪᠠᠶᠢᠨ᠎ᠠ᠂ ᠡᠭᠦᠨ ᠳᠤ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ 31᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠰᠢᠶᠠᠨ 26 ᠪᠠᠶᠢᠨ᠎ᠠ᠃ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ 8 ᠬᠤᠰᠢᠭᠤ ᠰᠢᠶᠠᠨ ᠢ ᠤᠯᠤᠰ ᠤᠨ ᠲᠦᠪᠯᠡᠷᠡᠩᠭᠦᠢ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠶ ᠤᠷᠤᠨ ᠳᠤ ᠵᠢᠭᠰᠠᠭᠠᠪᠠ᠃ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ ᠪᠦᠬᠦ ᠤᠷᠤᠨ ᠤ ᠬᠤᠰᠢᠭᠤ ᠰᠢᠶᠠᠨ ᠲᠤᠭᠤᠷᠢᠭ ᠤᠨ ᠬᠠᠭᠠᠰ ᠠᠴᠠ ᠢᠯᠡᠭᠦᠦ ᠶᠢ ᠡᠵᠡᠯᠡᠵᠦ ᠪᠠᠶᠢᠨ᠎ᠠ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠪᠤᠯᠬᠤ ᠳᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠲᠡᠶ ᠬᠥᠮᠦᠨ ᠠᠮᠠ 80.2 ᠲᠦᠮᠡ ᠪᠠᠶᠢᠵᠤ᠂ ᠦᠢᠯᠡᠳᠪᠦᠷᠢᠯᠡᠯ ᠢ ᠬᠥᠭᠵᠢᠭᠦᠯᠬᠦ ᠪᠠ ᠰᠢᠯᠵᠢᠭᠦᠯᠦᠨ ᠠᠵᠢᠯ ᠣᠯᠭᠤᠬᠤ ᠪᠠᠷ ᠳᠠᠮᠵᠢᠭᠤᠯᠤᠨ 34.2 ᠲᠦᠮᠡᠨ ᠬᠦᠮᠦᠨ ᠤ ᠠᠰᠠᠭᠤᠳᠠᠯ ᠢ ᠰᠢᠢᠳᠪᠦᠷᠢᠯᠡᠵᠦ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠠᠷ ᠳᠠᠮᠵᠢᠭᠤᠯᠤᠨ19.3 ᠲᠦᠮᠡᠨ ᠬᠥᠮᠦᠨ ᠤ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠶ ᠶᠢᠨ ᠨᠦᠬᠦᠪᠦᠷᠢ ᠪᠠᠷ ᠳᠠᠮᠵᠢᠭᠤᠯᠤᠨ1.8 ᠲᠦᠮᠡᠨ ᠬᠦᠮᠦᠨ ᠤ ᠠᠰᠠᠭᠤᠳᠠᠯ ᠢ ᠰᠢᠢᠳᠪᠦᠷᠢᠯᠡᠵᠦ᠂ ᠰᠤᠷᠭᠠᠨ ᠬᠥᠮᠦᠵᠢᠯ ᠶᠢ ᠬᠦᠭᠵᠢᠭᠦᠯᠬᠦ ᠪᠠ ᠪᠡᠯᠡ ᠮᠦᠩᠭᠦ ᠪᠠᠷ ᠲᠡᠳᠬᠦᠬᠦ ᠲᠦᠷᠦ ᠶᠢᠨ ᠪᠤᠲᠤᠯᠭ᠎ᠠ ᠪᠠᠷ ᠳᠠᠮᠵᠢᠭᠤᠯᠤᠨ 5.3 ᠲᠦᠮᠡᠨ ᠬᠦᠮᠦᠨ ᠤ ᠠᠰᠠᠭᠤᠳᠠᠯ ᠢ ᠰᠢᠢᠳᠪᠦᠷᠢᠯᠡᠵᠦ᠂ ᠲᠥᠷᠥ ᠶᠢᠨ ᠪᠤᠳᠤᠯᠭ᠎ᠠ ᠶᠢᠨ ᠪᠠᠲᠤᠯᠠᠭ᠎ᠠ ᠪᠠᠷ ᠳᠠᠮᠵᠢᠭᠤᠯᠤᠨ 19.6 ᠲᠦᠮᠡᠨ ᠬᠦᠮᠦᠨ ᠤ ᠠᠰᠠᠭᠤᠳᠠᠯ ᠢ ᠬᠠᠮᠤᠷᠠᠨ ᠰᠢᠢᠳᠪᠦᠷᠢᠯᠡᠪᠡ᠃ ᠪᠦᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠨᠢ 9600 ᠲᠥᠭᠦᠷᠢᠭ ᠪᠠᠶᠢᠵᠤ᠂ ᠡᠭᠦᠨ ᠳᠤ 31 ᠤᠯᠤᠰ ᠤᠨ ᠳᠡᠰ ᠤᠨ ᠶᠠᠳᠠᠭᠤ ᠬᠤᠰᠢᠭᠤ ᠰᠢᠶᠠᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ 8201 ᠲᠥᠭᠦᠷᠢᠭ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号