ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ 99%᠎ ᠶᠢ ᠨᠢ ᠬᠤᠰᠢᠭᠤ ᠰᠢᠶᠠᠨ ᠳᠤ ᠪᠠᠭᠤᠯᠭᠠᠪᠠ
ᠨᠡᠶᠢᠲᠡᠯᠡᠭᠰᠡᠨ ᠴᠠᠭ᠄
2016/10/12
      ᠲᠦᠷᠦᠭᠦᠦ ᠭᠤᠷᠪᠠᠨ ᠤᠯᠠᠷᠢᠯ ᠳᠤ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠯᠠᠪᠳᠠᠭᠤᠨ ᠢᠶᠠᠷ ᠠᠬᠢᠵᠤ᠂ 90 ᠬᠤᠰᠢᠭᠤ ᠰᠢᠶᠠᠨ ᠲᠣᠭᠤᠷᠢᠭ ᠤᠨ 9852 ᠭᠠᠴᠠᠭ᠎ᠠ ᠲᠣᠰᠬᠤᠨ᠂ 35.7 ᠲᠦᠮᠡᠨ ᠭᠡᠷ ᠪᠦᠯᠢ ᠶᠢᠨ 80.2 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠬᠤ ᠮᠡᠳᠡᠭᠡ ᠵᠠᠩᠭᠢ ᠶᠢ ᠰᠢᠨᠡᠳᠬᠡᠬᠦ ᠠᠵᠢᠯ ᠢ ᠪᠡᠶᠡᠯᠡᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ 99%᠎ ᠶᠢ ᠨᠢ ᠴᠥᠮ ᠬᠤᠰᠢᠭᠤ ᠰᠢᠶᠠᠨ ᠳᠤ ᠪᠠᠭᠤᠯᠭᠠᠪᠠ᠃      ᠡᠨᠡ ᠵᠢᠯ ᠠᠴᠠ ᠨᠠᠰᠢ᠂ ᠮᠠᠨ ᠤ ᠣᠷᠣᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠲᠦᠯᠬᠢᠠ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠰᠢᠨ᠎ᠡ ᠪᠠᠷ ᠪᠠᠶᠢᠭᠤᠯᠵᠤ᠂ ᠡᠭᠦᠷᠭᠡ ᠶᠢ ᠱᠠᠳᠤ ᠳᠠᠷᠠᠭᠠᠯᠠᠨ ᠰᠠᠯᠭᠠᠨ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢᠨ ᠪᠢᠴᠢᠭ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ 38 ᠮᠤᠵᠢ ᠶᠢᠨ ᠱᠠᠲᠤᠨ ᠤ ᠤᠳᠤᠷᠢᠳᠬᠤ ᠺᠠᠳ᠋ᠷ ᠲᠤ 38 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠠᠢ ᠬᠠᠷᠢᠯᠴᠠᠵᠤ ᠬᠠᠪᠰᠤᠷᠤᠨ ᠲᠡᠳᠬᠦᠬᠦ ᠪᠠᠷ ︽ᠨᠢᠭᠡ ᠶᠢ ᠨᠢᠭᠡ ᠳᠤᠨᠢ ᠳᠠᠭᠠᠭᠠᠯᠭᠠᠵᠤ︾᠂ 409 ᠠᠶᠢᠮᠠᠭ ᠬᠤᠳᠠ ᠶᠢᠨ ᠤᠳᠤᠷᠢᠳᠤᠯᠭ᠎ᠠ᠂ 1852 ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠶᠢ ᠳᠠᠶᠢᠴᠢᠯᠠᠨ ᠲᠤᠰ ᠲᠤᠰ ᠶᠠᠳᠠᠭᠤ ᠬᠦᠴᠢᠷᠳᠡᠯᠲᠡᠶ ᠰᠤᠮᠤ ᠰᠢᠶᠠᠩ ᠪᠠᠯᠭᠠᠰᠤ᠂ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠲᠠᠢ ᠬᠠᠷᠢᠯᠴᠠᠭᠤᠯᠵᠤ᠂ 15.2 ᠲᠦᠮᠡᠨ ᠺᠠᠳ᠋ᠷ ᠢᠶᠠᠷ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ 35.7 ᠲᠦᠮᠡᠨ ᠡᠷᠦᠬᠡ ᠢ ᠬᠠᠪᠰᠤᠷᠤᠨ ᠲᠡᠳᠬᠦᠭᠦᠯᠵᠦ᠂ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃      ᠡᠨᠡ ᠵᠢᠯ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠣᠷᠣᠭᠤᠯᠤᠯᠲᠠ ᠨᠢ 89 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 37 ᠳ᠋ᠦᠩᠰᠢᠭᠤᠷ ᠲᠥᠭᠦᠷᠢᠭ ᠨᠡᠮᠡᠭᠳᠡᠪᠡ᠃ ᠲᠥᠪ ᠠᠴᠠ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 19.84 ᠳ᠋ᠦᠩᠰᠢᠭᠤᠷ ᠲᠥᠭᠦᠷᠢᠭ ᠪᠠᠭᠤᠯᠭᠠᠵᠤ᠂ ᠨᠢᠳᠤᠨᠤᠨ ᠤ ᠬᠢ ᠠᠴᠠ 4.69 ᠳ᠋ᠦᠩᠰᠢᠭᠤᠷ ᠲᠥᠭᠦᠷᠢᠭ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤ  ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 18.75 ᠳ᠋ᠦᠩᠰᠢᠭᠤᠷ ᠲᠥᠭᠦᠷᠢᠭ ᠲᠣᠬᠢᠷᠠᠭᠤᠯᠪᠠ  ᠃ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ 99%᠎ ᠶᠢ ᠨᠢ ᠴᠥᠮ ᠬᠤᠰᠢᠭᠤ ᠰᠢᠶᠠᠨ ᠳᠤ ᠪᠠᠭᠤᠯᠭᠠᠵᠤ᠂ ︽ᠭᠤᠷᠪᠠ ᠶᠢ ᠬᠦᠷᠦᠭᠦᠯᠬᠦ︾ ᠲᠥᠷᠥᠯ ᠵᠦᠢᠯ ᠤᠨ ᠬᠥᠲᠥᠯᠥᠨ ᠵᠢᠯᠣᠭᠤᠳᠬᠤ ᠪᠡᠯᠡ ᠮᠥᠩᠭᠦ ᠶᠢ 14 ᠳ᠋ᠦᠩᠰᠢᠭᠤᠷ ᠲᠥᠭᠦᠷᠢᠭ ᠪᠠᠭᠤᠯᠭᠠᠵᠤ᠂ 3470 ᠲᠥᠷᠥᠯ ᠵᠦᠢᠯ ᠢ ᠬᠡᠷᠡᠭᠵᠢᠭᠦᠯᠵᠦ᠂ 8.3 ᠲᠥᠮᠡᠨ ᠭᠡᠷ ᠪᠦᠯᠢ᠂ 19.5 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠠᠪᠰᠤᠷᠤᠨ ᠲᠡᠳᠬᠦᠪᠡ᠃      ᠡᠭᠦᠨ ᠠᠴᠠ ᠭᠠᠳᠠᠨ᠎ᠠ᠂ ᠪᠦᠬᠦ ᠣᠷᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠯᠠᠪᠳᠠᠭᠤᠨ ᠪᠠᠲᠤᠲᠠᠶ ᠠᠬᠢᠪᠠ᠃ 5 ᠳ᠋ᠤᠭᠠᠷ ᠰᠠᠷ᠎ᠠ ᠳᠤ ᠰᠢᠨ᠎ᠡ ᠨᠢᠭᠡᠨ ᠡᠭᠡᠯᠵᠢ ᠶᠢᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠭᠠᠵᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠠᠭᠠᠨ ᠬᠠᠮᠢᠭ᠎ᠠ ᠠᠵᠤ ᠦᠢᠯᠡᠰ ᠪᠠᠶᠢᠪᠠᠯ ᠲᠡᠰᠢ ᠨᠡᠭᠦᠯᠭᠡᠬᠦ᠂ ᠬᠠᠮᠢᠭ᠎ᠠ ᠠᠵᠢᠯ ᠣᠯᠭᠤᠵᠤ ᠳᠡᠶᠢᠯᠪᠡᠯ ᠪᠠᠶᠢᠪᠠᠯ ᠲᠡᠰᠢ ᠨᠡᠭᠦᠯᠭᠡᠬᠦ ᠶᠢ ᠪᠠᠷᠢᠮᠲᠠᠯᠠᠵᠤ᠂ ᠣᠨᠳᠣᠣ ᠭᠠᠵᠠᠷ ᠨᠡᠭᠦᠯᠭᠡᠬᠦ ᠶᠠᠳᠠᠭᠤ ᠬᠦᠴᠢᠷᠳᠡᠯᠲᠡᠶ ᠡᠷᠦᠬᠡ ᠶᠢ ᠬᠤᠰᠢᠭᠤ ᠰᠢᠶᠠᠨ ᠤ ᠰᠠᠭᠤᠭ᠎ᠠ ᠭᠠᠵᠠᠷ ᠤᠨ ᠬᠤᠲᠠ ᠪᠠᠯᠭᠠᠰᠤ ᠳᠤ ᠨᠡᠭᠦᠯᠭᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠨᠡᠭᠦᠯᠭᠡᠵᠦ᠂ ᠤᠯᠠᠨ ᠬᠡᠪ ᠵᠠᠭᠪᠤᠷ ᠢᠶᠠᠷ ᠨᠡᠭᠦᠯᠭᠡᠬᠦ᠂ ᠤᠯᠠᠨ ᠠᠷᠭ᠎ᠠ ᠵᠠᠮ ᠢᠶᠠᠷ ᠲᠥᠪᠬᠢᠨᠡᠭᠦᠯᠬᠦ᠂ ᠨᠡᠭᠦᠯᠭᠡᠬᠦ ᠪᠠ ᠶᠠᠳᠠᠭᠤ ᠠᠴᠠ ᠠᠩᠭᠢᠵᠢᠷᠠᠭᠤᠯᠬᠤ ᠢ ᠵᠡᠷᠭᠡ ᠎ ᠳᠤᠨᠢ ᠶᠠᠪᠤᠭᠳᠠᠬᠤ ᠶᠢ ᠪᠡᠶᠡᠯᠡᠭᠦᠯᠪᠡ᠃ ᠥᠨᠥ ᠪᠣᠯᠬᠤ ᠳᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠢᠭᠡᠨᠲᠡ 27.6 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠬᠦ ᠣᠷᠣᠨ ᠤ 78 ᠲᠥᠷᠥᠯ ᠵᠦᠢᠯ ᠤᠨ ᠬᠤᠰᠢᠭᠤ ᠰᠢᠶᠠᠨ ᠴᠥᠮ ᠠᠵᠢᠯ ᠢᠶᠠᠨ ᠡᠬᠢᠯᠡᠭᠦᠯᠵᠦ᠂ 1199 ᠲᠥᠪᠬᠢᠨᠡᠭᠦᠯᠬᠦ ᠭᠠᠵᠠᠷ ᠤᠨ ᠲᠦᠷᠣᠯ ᠵᠦᠢᠯ ᠤᠨ 1172᠎ ᠨᠢ ᠠᠵᠢᠯ ᠢᠶᠠᠨ ᠡᠬᠢᠯᠡᠭᠦᠯᠵᠦ᠂ ᠠᠵᠢᠯ ᠡᠬᠢᠯᠡᠭᠰᠡᠨ ᠨᠣᠷᠮ᠎ᠠ ᠨᠢ 97.7%᠎ ᠳᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号