10 ᠳ᠋ᠤᠭᠠᠷ ᠰᠠᠷ᠎ᠠ ᠶᠢᠨ 12 ᠤᠨ ᠡᠳᠦᠷ᠂ ︽ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ | ᠰᠤᠷᠭᠠᠭᠤᠯᠢ ᠶᠢᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠣᠳᠣᠬᠢ ᠪᠠᠶᠢᠳᠠᠯ ᠪᠠ ᠠᠷᠭ᠎ᠠ ᠬᠡᠮᠵᠢᠶ᠎ᠡ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ | ᠣᠶᠢᠯᠠᠭᠠᠭᠰᠠᠨ ᠢᠶᠠᠷ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠴᠦ ᠠᠳᠠᠯ ᠦᠢᠯᠡᠰ | ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠨᠢ 2015 ᠣᠨ ᠤ | ᠰᠡᠭᠦᠯᠴᠢ ᠠᠴᠠ ᠪᠦᠬᠦ ᠲᠠᠯ᠎ᠠ ᠪᠠᠷ ᠡᠬᠢᠯᠡᠪᠡ᠃ 2015 ᠣᠨ ᠠᠴᠠ ᠨᠠᠰᠢ᠂ ᠪᠦᠬᠦ ᠣᠷᠣᠨ ᠤ ᠡᠯ᠎ᠡ ᠶᠡᠭᠡ ᠳᠡᠭᠡᠳᠦ | ᠰᠤᠷᠭᠠᠭᠤᠯᠢ ᠨᠤᠭᠤᠳ ᠲᠤᠰ ᠰᠤᠷᠭᠠᠭᠤᠯᠢ ᠶᠢᠨ ᠬᠡᠷᠡᠭᠵᠢᠭᠦᠯᠬᠦ ᠲᠥᠰᠦᠯ ᠢᠶᠠᠨ ᠨᠢᠭᠡᠨᠲᠡ ᠲᠣᠭᠲᠠᠭᠠᠵᠤ᠂ | ᠤᠳᠤᠷᠢᠳᠬᠤ ᠪᠠᠶᠢᠭᠤᠯᠤᠮᠵᠢ ᠪᠠᠶᠢᠭᠤᠯᠵᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ | ᠬᠠᠮᠢᠶ᠎ᠠ ᠪᠦᠬᠦᠢ ᠡᠭᠦᠷᠭᠡ ᠪᠠᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠪᠠ᠃ | ᠪᠦᠬᠦ ᠣᠷᠣᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠢᠩᠬᠢᠨᠢ ᠠᠩᠬᠢ ᠪᠠ ᠲᠤᠰᠬᠠᠶ ᠮᠡᠷᠭᠡᠵᠢᠯ ᠤᠨ 40 | ᠭᠠᠷᠤᠶ ᠲᠦᠮᠡᠨ ᠣᠶᠤᠲᠠᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠬᠦᠷᠲᠡᠪᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠶᠠ ᠮᠢᠨ | ᠮᠠᠨ ᠤ ᠣᠷᠣᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠬᠦ ᠣᠳᠣᠬᠢ ᠪᠠᠶᠢᠳᠠᠯ ᠢ ᠢᠩᠭᠢᠵᠦ ᠲᠠᠨᠢᠯᠴᠠᠭᠤᠯᠪᠠ᠄ ᠣᠳᠣᠬᠠᠨ ᠳᠤ᠂ ᠪᠦᠬᠦ ᠣᠷᠣᠨ ᠳᠤ | ᠤᠯᠤᠰ ᠤᠨ ᠳᠡᠰ ᠤᠨ ᠲᠤᠷᠰᠢᠯᠲᠠ ᠶᠢᠨ ᠬᠢᠴᠢᠶᠡᠯ ᠬᠥᠮᠦᠵᠢᠯ ᠤᠨ ᠵᠢᠱᠢᠶ᠎ᠡ ᠦᠵᠡᠭᠦᠯᠬᠦ ᠲᠥᠪ 9᠂ ᠥᠪᠡᠷᠲᠡᠭᠡᠨ | ᠵᠠᠰᠠᠬᠤ ᠣᠷᠣᠨ ᠤ ᠳᠡᠰ ᠤᠨ ᠲᠤᠷᠰᠢᠯᠲᠠ ᠶᠢᠨ ᠬᠢᠴᠢᠶᠡᠯ ᠬᠥᠮᠦᠵᠢᠯ ᠤᠨ ᠵᠢᠱᠢᠶ᠎ᠡ ᠦᠵᠡᠭᠦᠯᠬᠦ ᠲᠥᠪ ᠢ 61 | ᠪᠠᠶᠢᠭᠤᠯᠪᠠ︔ ᠵᠢᠩᠬᠢᠨᠢ ᠠᠩᠬᠢ ᠲᠠᠢ 5 ᠶᠡᠭᠡ ᠳᠡᠭᠡᠳᠦ ᠰᠤᠷᠭᠠᠭᠤᠯᠢ ᠨᠢ ᠠᠳᠠᠯ ᠦᠢᠯᠡᠰ ᠴᠣᠭᠴᠠᠯᠠᠬᠤ ᠳᠡᠭᠡᠳᠦ | ᠰᠤᠷᠭᠠᠭᠤᠯᠢ ᠪᠠᠶᠢᠭᠤᠯᠪᠠ᠃ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠰᠢᠨ᠎ᠡ ᠶᠢ ᠡᠭᠦᠳᠴᠦ | ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠬᠢᠴᠢᠶᠡᠯ ᠲᠥᠷᠥᠯ ᠢ ᠨᠡᠶᠢᠳᠡᠮ ᠨᠡᠭᠡᠭᠡᠭᠰᠡᠨ ᠪᠦᠭᠡᠳ | ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠳᠤ ᠣᠷᠣᠭᠤᠯᠪᠠ᠃ 2016 ᠣᠨ ᠳᠤ᠂ ᠥᠪᠡᠷᠲᠡᠭᠡᠨ ᠵᠠᠰᠠᠬᠤ | ᠣᠷᠣᠨ ᠲᠤᠰᠬᠠᠶ ᠵᠠᠷᠤᠳᠠᠯ ᠣᠷᠣᠭᠤᠯᠵᠤ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠥᠪᠡᠷᠲᠡᠭᠡᠨ ᠵᠠᠰᠠᠬᠤ | ᠣᠷᠣᠨ ᠤ ᠳᠡᠰ ᠤᠨ ︽ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠥᠯᠥᠪᠯᠡᠭᠡ ︾ 200 | ᠲᠥᠷᠥᠯ᠂ ᠤᠯᠤᠰ ᠤᠨ ᠲᠡᠰ ᠤᠨ ︽ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠲᠥᠯᠥᠪᠯᠡᠭᠡ︾ 51 ᠲᠥᠷᠥᠯ ᠢ ᠬᠡᠷᠡᠭᠵᠢᠭᠦᠯᠬᠦ ᠶᠢ ᠨᠢ ᠳᠡᠮᠵᠢᠪᠡ᠃ ᠢᠷᠡᠭᠡᠳᠦᠢ ᠳᠤ ᠡᠯ᠎ᠡ ᠶᠡᠭᠡ ᠳᠡᠭᠡᠳᠦ | ᠰᠤᠷᠭᠠᠭᠤᠯᠢ ᠨᠤᠭᠤᠳ ᠰᠤᠷᠭᠠᠭᠤᠯᠢ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠡᠭᠦᠳᠡ ᠪᠠᠨ ᠨᠡᠭᠡᠭᠡᠨ | ᠰᠤᠷᠭᠠᠭᠤᠯᠢ ᠡᠷᠬᠢᠯᠡᠬᠦ ᠶᠢ ᠪᠠᠷᠢᠮᠲᠠᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠶᠢ ᠲᠦᠯᠬᠢᠨ ᠠᠬᠢᠭᠤᠯᠵᠤ᠂ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠵᠢᠯᠤᠭᠤᠳᠤᠯᠭ᠎ᠠ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠭᠦᠯᠬᠦ ᠪᠣᠯᠣᠨ᠎ᠠ ᠭᠡᠪᠡ᠃ | ᠲᠠᠨᠢᠯᠴᠠᠭᠤᠯᠤᠭᠰᠠᠨ ᠢᠶᠠᠷ᠂ 2015 ᠣᠨ ᠤ ᠵᠢᠯ ᠤᠨ ᠡᠴᠦᠰ ᠠᠴᠠ ᠡᠬᠢᠯᠡᠵᠦ᠂ ᠥᠪᠥᠷ ᠮᠣᠩᠭᠤᠯ ᠤᠨ | ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠴᠥᠮ ᠰᠤᠷᠤᠯᠭ᠎ᠠ ᠪᠠᠨ ᠲᠦᠷ ᠵᠣᠭᠰᠣᠵᠤ ᠰᠢᠨ᠎ᠡ ᠶᠢ ᠡᠭᠦᠳᠴᠦ ᠠᠳᠠᠯ | ᠦᠢᠯᠡᠰ ᠴᠣᠭᠴᠠᠯᠠᠬᠤ ᠶᠢ ᠢᠳᠡᠪᠬᠢᠲᠡᠶ ᠯᠠᠪᠳᠠᠭᠤᠨ ᠢᠶᠠᠷ ᠳᠡᠯᠭᠡᠷᠡᠭᠦᠯᠵᠦ᠂ ᠣᠶᠤᠲᠠᠤᠨ ᠤᠨ ᠰᠤᠷᠤᠯᠭ᠎ᠠ ᠪᠠᠨ ᠲᠦᠷ | ᠵᠣᠭᠰᠣᠵᠤ ᠪᠣᠯᠬᠤ ᠠᠷᠭ᠎ᠠ ᠶᠢ ᠠᠪᠴᠤ᠂ ᠤᠶᠠᠨ ᠬᠠᠲᠠᠨ ᠰᠤᠷᠤᠯᠭ᠎ᠠ ᠶᠢᠨ ᠳᠦᠷᠢᠮ ᠢ ᠪᠠᠶᠢᠭᠤᠯᠪᠠ᠃ ᠤᠶᠠᠨ | ᠬᠠᠲᠠᠨ ᠴᠢᠨᠠᠷᠲᠠᠶ ᠰᠤᠷᠤᠯᠭ᠎ᠠ ᠶᠢᠨ ᠳᠦᠷᠢᠮ ᠤᠨ ᠬᠤᠭᠤᠴᠠᠭ᠎ᠠ ᠬᠢᠵᠠᠭᠠᠷᠯᠠᠯ ᠤᠨ ᠲᠠᠯ᠎ᠠ ᠪᠠᠷ ᠣᠳᠣᠬᠠᠨ ᠳᠤ ᠤᠯᠤᠰ | ᠪᠠ ᠥᠪᠡᠷᠲᠡᠭᠡᠨ ᠵᠠᠰᠠᠬᠤ ᠣᠷᠣᠨ ᠬᠠᠷᠠᠬᠠᠨ ᠲᠣᠳᠣᠷᠬᠠᠶ ᠲᠣᠭᠲᠠᠭᠠᠯ ᠨᠡᠶᠢᠲᠡᠯᠡᠭᠡᠳᠦᠢ ᠪᠠᠶᠢᠭᠰᠠᠭᠠᠷ᠂ ᠭᠡᠪᠡᠴᠦ | ᠰᠤᠷᠭᠠᠭᠤᠯᠢ ᠳᠤ ᠰᠤᠷᠤᠯᠴᠠᠵᠤ ᠪᠠᠶᠢᠭ᠎ᠠ ᠣᠶᠤᠲᠠᠤᠨ ᠰᠤᠷᠤᠯᠭ᠎ᠠ ᠶᠢᠨ ᠠᠬᠢᠴᠠ ᠪᠠᠨ ᠲᠣᠬᠢᠷᠠᠭᠤᠯᠬᠤ ᠪᠣᠶᠣ | ᠭᠤᠶᠤᠴᠢᠯᠠᠯ ᠭᠠᠷᠭᠠᠵᠤ᠂ ᠤᠤᠯ ᠤᠨ ᠰᠤᠷᠤᠯᠭ᠎ᠠ ᠶᠢᠨ ᠳᠦᠷᠢᠮ ᠤᠨ ᠰᠠᠭᠤᠷᠢ ᠳᠡᠭᠡᠷ᠎ᠡ 2 ᠵᠢᠯ᠂ 3 ᠵᠢᠯ | ᠤᠷᠲᠤᠳᠬᠠᠬᠤ ᠪᠣᠶᠣ ᠴᠢᠨᠠᠭᠰᠢᠯᠠᠪᠠᠯ ᠨᠡᠩ ᠣᠷᠳᠣ ᠴᠠᠭ ᠤᠷᠲᠤᠳᠬᠠᠵᠤ ᠪᠣᠯᠣᠨ᠎ᠠ᠃ ᠰᠤᠷᠭᠠᠭᠤᠯᠢ ᠳᠤ ᠪᠠᠶᠢᠭ᠎ᠠ | ᠣᠶᠤᠲᠠᠤᠨ ᠤᠨ ︽ᠦᠢ ᠤᠯᠠᠨ ᠢᠶᠠᠷ ᠢᠶᠠᠨ ᠰᠢᠨ᠎ᠡ ᠶᠢ ᠡᠭᠦᠳᠴᠦ᠂ ᠲᠦᠭ ᠲᠦᠮᠡᠨ ᠢᠶᠠᠷ ᠢᠶᠠᠨ ᠠᠳᠠᠯ ᠦᠢᠯᠡᠰ | ᠴᠣᠭᠴᠠᠯᠠᠬᠤ︾ ᠶᠢ ᠵᠣᠷᠢᠭᠵᠢᠭᠤᠯᠬᠤ ᠶᠢᠨ ᠲᠤᠰᠠᠳᠠ᠂ ᠰᠤᠷᠤᠯᠭ᠎ᠠ ᠪᠠᠨ ᠲᠦᠷ ᠵᠣᠭᠰᠣᠬᠤ ᠡᠷᠭᠦᠳᠡᠯ ᠭᠠᠷᠭᠠᠵᠤ | ᠠᠳᠠᠯ ᠦᠢᠯᠡᠰ ᠴᠣᠭᠴᠠᠯᠠᠵᠤ ᠪᠣᠯᠬᠤ ᠪᠠᠷ ᠪᠠᠷᠠᠬᠤ ᠦᠭᠡᠢ ᠪᠠᠰᠠ ᠰᠢᠨ᠎ᠡ ᠶᠢ ᠡᠭᠦᠳᠬᠦ ᠲᠤᠷᠰᠢᠯᠲᠠ ᠬᠢᠬᠦ᠂ ᠥᠭᠦᠯᠡᠯ | ᠨᠡᠶᠢᠲᠡᠯᠡᠬᠦ᠂ ᠲᠤᠰᠬᠠᠶ ᠠᠰᠢᠭ ᠣᠯᠬᠤ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠵᠡᠷᠭᠡ ᠪᠠᠶᠢᠳᠠᠯ ᠢ ᠨᠢ | ᠰᠤᠷᠤᠯᠭ᠎ᠠ ᠶᠢᠨ ᠬᠤᠪᠢ ᠪᠠᠷ ᠨᠤᠭᠤᠯᠤᠨ ᠪᠤᠳᠤᠵᠤ ᠪᠣᠯᠣᠨ᠎ᠠ᠃ ᠣᠶᠢᠯᠠᠭᠠᠭᠰᠠᠨ ᠢᠶᠠᠷ᠂ 2017 ᠣᠨ ᠤ ᠰᠡᠭᠦᠯᠴᠢ | ᠪᠣᠯᠬᠤ ᠳᠤ᠂ ᠡᠶᠢᠮᠦ ︽ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠤᠷᠤᠯᠭ᠎ᠠ ᠶᠢᠨ ᠬᠤᠪᠢ ᠶᠢᠨ | ᠬᠤᠷᠠᠮᠳᠤᠭᠤᠯᠤᠯ ᠪᠠ ᠤᠯᠠᠷᠢᠭᠤᠯᠤᠯ ᠤᠨ ᠳᠦᠷᠢᠮ︾ ᠨᠢ ᠥᠪᠥᠷ ᠮᠣᠩᠭᠤᠯ ᠤᠨ ᠪᠦᠬᠦ ᠣᠷᠣᠨ ᠤ ᠶᠡᠭᠡ ᠳᠡᠭᠡᠳᠦ | ᠰᠤᠷᠭᠠᠭᠤᠯᠢ ᠨᠤᠭᠤᠳ ᠲᠤ ᠨᠡᠶᠢᠳᠡᠮ ᠪᠠᠶᠢᠭᠤᠯᠤᠭᠳᠠᠬᠤ ᠪᠣᠯᠣᠨ᠎ᠠ᠃ |