ᠥᠪᠥᠷ ᠮᠣᠩᠭᠤᠯ ᠲᠣᠭᠲᠠᠭᠠᠯ ᠠᠴᠠ ᠵᠦᠷᠢᠴᠡᠨ ᠠᠶᠢᠮᠠᠭ ᠬᠤᠲᠠ ᠠᠯᠤᠰᠯᠠᠨ ᠡᠯᠰᠡᠭᠰᠡᠨ ᠰᠤᠷᠤᠭᠴᠢ ᠳᠤ ᠴᠦᠮ ᠰᠢᠯᠭᠠᠬᠤ ᠬᠠᠷᠢᠶᠠᠯᠠᠯ ᠢ ᠨᠢ ᠳᠠᠩᠰᠠᠯᠠᠭᠤᠯᠵᠤ ᠦᠭᠬᠦ ᠦᠭᠡᠶ
ᠨᠡᠶᠢᠲᠡᠯᠡᠭᠰᠡᠨ ᠴᠠᠭ᠄
2016/10/13
     ᠮᠠᠨ ᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠰᠤᠷᠤᠭᠴᠢ ᠶᠢᠨ ᠰᠢᠨ᠎ᠡ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠢ ᠳᠠᠩᠰᠠᠯᠠᠭᠤᠯᠬᠤ ᠠᠵᠢᠯ ᠨᠢᠭᠡᠨᠲᠡ ᠡᠬᠢᠯᠡᠭᠡᠳ᠂ 10 ᠳ᠋ᠤᠭᠠᠷ ᠰᠠᠷ᠎ᠠ ᠶᠢᠨ 20᠎ ᠤ ᠡᠳᠦᠷ ᠳᠠᠭᠤᠰᠬᠤ ᠪᠤᠯᠤᠨ᠎ᠠ᠃ 2016 ᠣᠨ ᠳᠤ ᠰᠤᠷᠭᠠᠭᠤᠯᠢ ᠳᠤ ᠤᠷᠤᠭᠰᠠᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠡᠷᠬᠡᠪᠰᠢ ᠲᠣᠭᠲᠠᠭᠰᠠᠨ ᠴᠠᠭ ᠎ ᠲᠠᠭᠠᠨ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠤᠪᠠᠭ ᠲᠤ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠬᠤ ᠬᠡᠷᠡᠭᠲᠡᠶ᠃ ᠪᠣᠳᠠᠲᠠᠶ ᠱᠠᠭᠠᠷᠳᠠᠯᠭ᠎ᠠ ᠨᠢ ᠳᠣᠣᠷᠠᠬᠢ ᠮᠡᠲᠦ᠄      ᠨᠢᠭᠡᠳᠦᠭᠡᠷ ᠲᠤ᠂ 2016 ᠣᠨ ᠤ ᠪᠥᠬᠦ ᠣᠷᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠳᠤᠮᠳᠠᠳᠤ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠳᠤ ᠣᠷᠣᠯᠴᠠᠭᠰᠠᠨ ᠰᠢᠨ᠎ᠡ ᠰᠤᠷᠤᠭᠴᠢᠳ᠂ ᠲᠡᠬᠢᠠ ᠳᠠᠩᠰᠠᠯᠠᠭᠤᠯᠬᠤ ᠪᠠ ᠲᠤᠬᠠᠢ ᠶᠢᠨ ᠲᠠᠯᠠᠪᠠᠢ ᠳᠤ ᠰᠡᠭᠦᠳᠡᠷᠯᠡᠭᠦᠯᠬᠦ ᠬᠡᠷᠡᠭ ᠦᠭᠡᠶ᠂ ᠵᠥᠪᠬᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ ᠪᠣᠯᠤᠨ ᠨᠢᠭᠤᠴᠠ ᠨᠤᠮᠧᠷ ︵ᠣᠷᠣᠯᠴᠠᠵᠤ᠂ ᠳᠤᠮᠳᠠᠳᠤ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠥᠪᠡᠷ ᠢᠶᠠᠨ ᠲᠤᠭᠲᠠᠭᠠᠭᠰᠠᠨ ᠨᠢᠭᠤᠴᠠ ᠨᠣᠮᠧᠷ︶᠎ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾᠎ ᠳᠤ ᠭᠠᠷᠴᠤ ᠬᠤᠪᠢ ᠬᠥᠮᠦᠨ ᠤ ᠮᠡᠳᠡᠭᠡ ᠵᠠᠩᠭᠢ ᠪᠠᠨ ᠵᠠᠰᠠᠬᠤ ᠪᠠ ᠨᠦᠬᠦᠪᠦᠷᠢᠯᠡᠪᠡᠯ ᠪᠤᠯᠴᠢᠬᠠᠨ᠎ᠠ᠃      ᠬᠤᠶᠠᠳᠤᠭᠠᠷ ᠲᠤ᠂ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠪᠤᠰᠤᠳ ᠰᠤᠷᠤᠭᠴᠢ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠢᠶᠠᠷᠤᠯᠲᠠ ᠶᠢᠨ ᠲᠤᠭᠲᠠᠭᠠᠯ ᠳᠤ ᠨᠡᠶᠢᠴᠡᠬᠦ ᠪᠤᠯᠪᠠᠴᠤ 2016 ᠣᠨ ᠤ ᠪᠥᠬᠦ ᠣᠷᠣᠨ ᠤ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠳᠤᠮᠳᠠᠳᠤ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠳᠤ ᠤᠷᠤᠯᠴᠠᠭᠰᠠᠨ ᠦᠭᠡᠢ ᠰᠢᠨ᠎ᠡ ᠰᠤᠷᠤᠭᠴᠢ ᠪᠤᠯ ᠰᠤᠷᠤᠯᠴᠠᠵᠤ ᠪᠠᠶᠢᠭ᠎ᠠ ᠰᠤᠷᠭᠠᠭᠤᠯᠢ ᠶᠢᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠨᠢ ᠨᠢᠭᠡᠳᠦᠯᠲᠡᠶ ᠵᠣᠬᠢᠶᠠᠨ ᠪᠠᠶᠢᠭᠤᠯᠤᠨ ᠰᠢᠯᠭᠠᠬᠤ ᠬᠠᠷᠢᠶᠠᠯᠠᠯ ᠤᠨ ᠮᠡᠳᠡᠭᠡ ᠵᠠᠩᠭᠢ ᠶᠢ ᠤᠷᠢᠳᠴᠢᠯᠠᠨ ᠳᠠᠩᠰᠠᠯᠠᠭᠤᠯᠬᠤ ᠬᠡᠷᠡᠭᠲᠡᠶ᠃      ᠭᠤᠷᠪᠠᠳᠤᠭᠠᠷ ᠲᠤ᠂ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠵᠤ ᠳᠠᠭᠤᠰᠤᠭᠰᠠᠨ ᠰᠢᠯᠭᠠᠭᠤᠯᠤᠭᠴᠢ ᠨᠢ ᠤᠳᠠᠭ᠎ᠠ ᠪᠦᠷᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠡᠭᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ᠂ ᠤᠪᠤᠭ ᠨᠡᠷ᠎ᠡ ᠵᠢᠴᠢ ᠲᠤᠭᠲᠠᠭᠠᠭᠰᠠᠨ ᠨᠢᠭᠤᠴᠠ ᠨᠤᠮᠧᠷ ᠢᠶᠠᠷ ᠢᠶᠠᠨ ᠰᠢᠯᠭᠠᠬᠤ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ ᠳᠤ ᠭᠠᠷᠴᠤ ᠰᠢᠯᠭᠠᠬᠤ ᠬᠢᠴᠢᠶᠡᠯ ᠲᠦᠷᠦᠯ ᠢᠶᠠᠨ ᠰᠤᠩᠭᠤᠬᠤ ᠶᠢᠨ ᠬᠠᠮᠲᠤ ᠰᠦᠢᠳᠬᠡᠯ ᠲᠤᠰᠢᠶᠠᠬᠤ ᠬᠡᠷᠡᠭᠲᠡᠢ᠃      ᠳᠥᠷᠪᠡᠳᠦᠭᠡᠷ ᠲᠤ᠂ ᠡᠯ᠎ᠡ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠰᠢᠨ᠎ᠡ ᠰᠤᠷᠤᠭᠴᠢ ᠶᠢᠨ ᠰᠢᠯᠭᠠᠬᠤ ᠬᠠᠷᠢᠶᠠᠯᠠᠯ ᠢᠶᠠᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠨᠠᠷᠢᠨ ᠬᠢᠨᠠᠮᠠᠭᠠᠶ ᠳᠠᠪᠲᠠᠨ ᠪᠠᠶᠢᠴᠠᠭᠠᠬᠤ ᠪᠠ ᠬᠢᠨᠠᠨ ᠬᠠᠷᠭᠤᠭᠤᠯᠬᠤ ᠬᠡᠷᠡᠭᠲᠡᠶ᠃ ᠲᠣᠭᠲᠠᠭᠠᠯ ᠠᠴᠠ ᠵᠦᠷᠢᠴᠡᠨ ᠠᠶᠢᠮᠠᠭ ᠬᠤᠳᠠ ᠠᠯᠤᠰᠯᠠᠨ ᠡᠯᠰᠡᠭᠰᠡᠨ ᠰᠤᠷᠤᠭᠴᠢᠳ ᠲᠤ ᠴᠦᠮ ᠰᠢᠯᠭᠠᠬᠤ ᠬᠠᠷᠢᠶᠠᠯᠠᠯ ᠢ ᠨᠢ ᠳᠠᠩᠰᠠᠯᠠᠭᠤᠯᠵᠤ ᠦᠭᠬᠦ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号